ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ ᠶᠤᠸᠠᠨ ᠪᠠᠯ ᠴᠢᠯᠠᠭᠤᠨ ᠠᠯᠺᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠮᠵᠢᠯᠲᠠ ᠲᠠᠢ ᠪᠠᠷ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2020-05-08
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ ᠶᠤᠸᠠᠨ ᠪᠠᠯ ᠴᠢᠯᠠᠭᠤᠨ           ᠠᠯᠺᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ           ᠺᠣᠮᠫᠠᠨᠢ ᠠᠮᠵᠢᠯᠲᠠ ᠲᠠᠢ ᠪᠠᠷ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ           ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ‍ᠤᠨ‌‍ᠬᠥ᠋ᠮᠥᠷᠭᠡ ᠳᠤ ᠰᠣᠩᠭᠤᠭᠳᠠᠪᠠ    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠠᠩᠬᠠᠳᠠᠭᠴᠢ ᠪᠦᠯᠦᠭ ᠬᠥᠮᠥᠷᠭᠡ ᠳᠤ ᠣᠷᠣᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠪᠡᠶ᠎ᠡ ᠪᠠᠨ ᠳᠠᠭᠠᠭᠠᠵᠤ ᠦᠨᠡᠯᠡᠬᠦ᠂ ᠬᠢᠨᠠᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ ᠶᠤᠸᠠᠨ ᠪᠠᠯ ᠴᠢᠯᠠᠭᠤᠨ ᠠᠯᠺᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 2020 ᠣᠨ ᠤ ᠠᠩᠬᠠᠳᠠᠭᠴᠢ ᠪᠦᠯᠦᠭ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠠᠮᠵᠢᠯᠲᠠ ᠲᠠᠢ ᠪᠠᠷ ᠰᠣᠩᠭᠤᠭᠳᠠᠪᠠ᠃    ᠥᠪᠥᠷ ᠮᠣᠩᠭᠤᠯ ᠤᠨ ᠰᠢᠨ ᠶᠤᠸᠠᠨ ᠪᠠᠯ ᠴᠢᠯᠠᠭᠤᠨ ᠠᠯᠺᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ 2015 ᠣᠨ ᠳᠤ ᠪᠠᠶᠢᠭᠤᠯᠤᠭᠳᠠᠵᠤ᠂ ᠹᠦᠤᠤᠱᠠᠨ ᠤ ᠰᠢᠨ ᠶᠤᠸᠠᠨ ᠡᠯᠧᠺᠲᠷᠣᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠤ ᠺᠣᠮᠫᠠᠨᠢ ᠪᠣᠯᠤᠨ᠎ᠠ᠃ ᠣᠶᠢᠷ᠎ᠠ ᠶᠢᠨ ᠵᠢᠯ ᠳᠤ᠂ ᠲᠣᠰ ᠠᠵᠤ ᠠᠬᠤᠶᠢᠯᠠᠯ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠲᠡᠷᠢᠭᠦᠨ ᠤ ᠮᠡᠷᠭᠡᠵᠢᠯ ᠳᠤ ᠲᠦᠰᠢᠭᠯᠡᠨ᠂ ᠪᠠᠯ ᠴᠢᠯᠠᠭᠤᠨ ᠤ ᠠᠵᠤ ᠦᠢᠯᠡᠰᠵᠢᠯᠲᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠠᠯᠬᠤᠴᠠ ᠪᠠᠨ ᠲᠦᠷᠭᠡᠳᠬᠡᠬᠦ ᠪᠠᠷ ᠬᠦᠴᠦᠯᠡᠨ ᠴᠢᠷᠮᠠᠶᠢᠵᠤ᠂ ᠣᠲᠣ ᠯᠢᠲ᠋ᠢ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠪᠥᠬᠦ ᠠᠵᠤ ᠤᠶᠢᠯᠡᠰ ᠤᠨ ᠬᠡᠯᠬᠢᠶᠡᠨ ᠤ ᠤᠶᠢᠯᠡᠳᠪᠤᠷᠢᠯᠡᠬᠦ ᠴᠢᠳᠠᠪᠤᠷᠢ 1.5 ᠲᠦᠮᠡᠨ ᠲᠣᠨ ᠪᠠᠶᠢᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷᠠᠬᠢ ᠪᠠᠯ ᠴᠢᠯᠠᠭᠤᠨ ᠰᠢᠨ᠎ᠡ ᠮᠠᠲ᠋ᠧᠷᠢᠶᠠᠯ ᠤᠶᠢᠯᠡᠳᠪᠤᠷᠢᠯᠡᠬᠦ ᠴᠢᠬᠤᠯᠠ ᠠᠵᠤ ᠠᠬᠤᠶᠢᠯᠠᠯ ᠤᠨ ᠨᠢᠭᠡ ᠪᠣᠯᠵᠠᠶ᠃                                                             ᠵᠣᠬᠢᠶᠠᠭᠴᠢ᠄ ᠪᠠᠢ ᠲᠣᠣ                                                             ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号