ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠪᠠ
ᠨᠡᠶᠢᠲᠡᠯᠡᠭᠰᠡᠨ ᠴᠠᠭ᠄
2020-05-09
            ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠵᠢᠭᠤᠯᠴᠢᠯᠠᠯ ᠤᠨ ᠬᠥᠭᠵᠢᠯᠲᠡ ᠶᠢᠨ             ᠰᠢᠨ᠎ᠡ ᠪᠠᠶᠢᠷᠢᠰᠢᠯ ᠢ ᠪᠠᠶᠢᠭᠤᠯᠪᠠ     ᠨᠢᠭᠡ ᠳᠤ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠳᠬᠠᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠨ᠂ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠪᠠᠷ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠯᠠᠪᠳᠠᠭᠤᠨ ᠢᠶᠠᠷ ᠬᠡᠷᠡᠭᠵᠢᠭᠦᠯᠵᠦ᠂ ᠤᠯᠤᠰ ᠤᠨ ᠲᠡᠰ ᠤᠨ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠭᠤᠶᠤᠴᠢᠯᠠᠨ ᠮᠡᠳᠡᠭᠦᠯᠬᠦ ᠠᠵᠢᠯ ᠢ ᠱᠠᠯᠠᠪᠳᠠᠨ ᠪᠤᠳᠠᠲᠠᠢ ᠠᠳᠬᠤᠬᠤ ᠬᠡᠷᠡᠭᠲᠡᠶ᠃     ᠬᠤᠶᠠᠷ ᠲᠤ᠂ ︽ᠵᠢᠭᠤᠯᠴᠢᠯᠠᠯ +︾ ᠪᠠ ︽+ ᠵᠢᠭᠤᠯᠴᠢᠯᠠᠯ︾ ᠤᠨ ᠬᠥᠭᠵᠢᠯᠲᠡ ᠶᠢᠨ ᠵᠠᠭᠪᠤᠷ ᠢ ᠪᠠᠷᠢᠮᠲᠠᠯᠠᠵᠤ᠂ ᠲᠠᠷᠢᠶᠠᠯᠠᠩ ᠵᠢᠭᠤᠯᠴᠢᠯᠠᠯ᠂ ᠰᠣᠶᠣᠯ ᠵᠢᠭᠤᠯᠴᠢᠯᠠᠯ᠂ ᠬᠤᠳᠠᠯᠳᠤᠭ᠎ᠠ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠶᠢ ᠭᠦᠨᠵᠡᠭᠡᠶ ᠠᠬᠢᠭᠤᠯᠵᠤ᠂ ᠭᠠᠯᠲᠤ ᠠᠭᠤᠯᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ᠂ ᠠᠷᠠᠳ ᠤᠨ ᠵᠠᠩ ᠤᠶᠢᠯᠡ ᠶᠢ ᠪᠡᠶᠡᠴᠢᠯᠡᠨ ᠣᠶᠢᠯᠠᠭᠠᠬᠤ ᠵᠡᠷᠭᠡ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠵᠢᠭᠤᠯᠴᠢᠯᠠᠯ ᠢ ᠲᠡᠤᠬᠡ ᠲᠠᠢ᠂ ᠦᠯᠢᠭᠡᠷ ᠲᠠᠢ᠂ ᠬᠡᠪ ᠴᠢᠨᠠᠷ ᠲᠠᠢ ᠪᠣᠯᠭᠠᠨ᠎ᠠ᠃     ᠭᠤᠷᠪᠠ ᠳᠤ᠂ ︽ᠷᠢᠳᠢ ᠰᠢᠳᠢ ᠲᠠᠢ ᠴᠠᠬᠠᠷ ᠭᠠᠯᠲᠤ ᠠᠭᠤᠯᠠ ᠶᠢᠨ ᠲᠠᠯ᠎ᠠ ᠨᠤᠲᠤᠭ ᠤᠨ ᠪᠠᠶᠢᠳᠠᠯ︾ ᠵᠤᠭᠠᠴᠠᠯ ᠤᠨ ᠨᠡᠷᠡᠳᠤ ᠲᠡᠮᠳᠡᠭ ᠢᠶᠠᠷ ᠰᠠᠭᠤᠷᠢ ᠦᠩᠭᠡ ᠪᠣᠯᠭᠠᠵᠤ᠂ ᠬᠠᠳᠠᠨ ᠵᠢᠷᠤᠭ᠂ ᠬᠤᠩᠬᠢᠶᠠᠯᠲᠤ ᠶᠢᠨ ᠶᠠᠫᠣᠨ ᠢ ᠡᠰᠡᠷᠭᠦᠴᠡᠬᠦ ᠳᠠᠶᠢᠨ ᠤ ᠪᠠᠭᠤᠷᠢ᠂ ᠠᠭᠤᠢ ᠶᠢᠨ ᠰᠦᠮ᠎ᠡ ᠵᠡᠷᠭᠡ ᠪᠠᠶᠢᠭᠠᠯᠢ ᠶᠢᠨ ᠰᠣᠶᠣᠯ ᠢᠷᠭᠡᠨᠰᠢᠯ ᠤᠨ ᠡᠬᠢ ᠪᠠᠶᠠᠯᠢᠭ ᠢ ᠨᠡᠶᠢᠯᠡᠬᠦᠵᠤ᠂ ᠭᠠᠵᠠᠷ ᠣᠷᠣᠨ ᠤ ᠣᠨᠴᠠᠯᠢᠭ ᠲᠠᠢ ᠰᠣᠳᠣᠨ ᠵᠤᠭᠠᠴᠠᠯ ᠤᠨ ᠵᠠᠮ ᠱᠤᠭᠤᠮ ᠢ ᠪᠠᠶᠢᠭᠤᠯᠤᠨ᠎ᠠ᠃      ᠳᠥᠷᠪᠡ ᠳᠤ᠂ ᠬᠥᠳᠡᠭᠡ ᠲᠣᠰᠬᠤᠨ ᠤ ᠵᠢᠭᠤᠯᠴᠢᠯᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠨᠴᠠᠯᠢᠭ᠍ᠳᠦ ᠵᠢᠭᠤᠯᠴᠢᠯᠠᠯ ᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠵᠤ᠂ ︽ᠰᠣᠶᠣᠯ ᠤᠨ ᠵᠢᠭᠤᠯᠴᠢᠯᠠᠯ + ᠠᠷᠠᠳ ᠤᠨ ᠪᠠᠶᠢᠷᠢ ᠶᠢᠨ ᠣᠨᠴᠠᠯᠢᠭ + ᠠᠷᠠᠳ ᠤᠨ ᠵᠠᠩ ᠣᠶᠢᠯᠡ ᠶᠢ ᠪᠡᠶᠡᠴᠢᠯᠡᠨ ᠣᠶᠢᠯᠠᠭᠠᠬᠤ︾ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠡᠮᠵᠢᠨ ᠬᠥᠭᠵᠢᠭᠦᠯᠵᠦ᠂ ᠵᠢᠭᠤᠯᠴᠢᠯᠠᠯ ᠤᠨ ᠠᠵᠤ  ᠣᠶᠢᠯᠡᠰ ᠤᠨ ︽ᠵᠢᠵᠢᠭ ᠮᠥᠷᠲᠡᠭᠡᠨ ᠣᠨᠴᠠᠭᠠᠶ︾ ︽ᠵᠢᠵᠢᠭ ᠮᠥᠷᠲᠡᠭᠡᠨ ᠨᠠᠷᠢᠯᠢᠭ︾ ᠳᠠᠰᠢ ᠦᠷ᠎ᠡ ᠠᠰᠢᠭ ᠤᠯᠬᠤ ᠶᠢ ᠳᠠᠶᠢᠴᠢᠯᠠᠨ᠎ᠠ᠃      ᠲᠠᠪᠤ ᠳᠤ᠂ ᠠᠮᠠᠷᠠᠯᠲᠠ ᠶᠢᠨ ᠡᠳᠦᠷ ᠤᠨ ᠵᠤᠭᠠᠴᠠᠯ᠂ ᠡᠷᠬᠢᠨ ᠲᠣᠭᠤᠷᠢᠨ ᠤ ᠵᠤᠭᠠᠴᠠᠯ ᠢᠶᠠᠷ ᠲᠥᠯᠥᠭᠡᠯᠡᠭᠴᠢ ᠪᠤᠯᠭᠠᠭᠰᠠᠨ ᠤᠯᠠᠨ ᠨᠡᠶᠢᠲᠡ ᠶᠢᠨ ᠵᠤᠭᠠᠴᠠᠯ ᠤᠨ ᠴᠠᠭ ᠦᠶ᠎ᠡ ᠶᠢ ᠴᠢᠩᠭ᠎ᠠ ᠠᠳᠬᠤᠵᠤ᠂ ᠵᠤᠭᠠᠴᠠᠯ ᠤᠨ ᠤᠬᠠᠭᠤᠯᠭ᠎ᠠ ᠪᠤᠷᠤᠯᠠᠭᠤᠯᠤᠯᠲᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠵᠡᠷᠭᠡ ᠡᠷᠬᠢᠨ ᠲᠣᠭᠤᠷᠢᠨ ᠤ ᠵᠤᠭᠠᠴᠠᠭᠰᠠᠳ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ᠎ᠡ᠃                                                            ᠵᠣᠬᠢᠶᠠᠭᠴᠢ᠄ ᠶᠠᠩ ᠴᠣᠣ ᠨᠢᠩ                                                            ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号