ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2020-06-10
            ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠬᠡ ᠣᠭᠲᠠᠷᠭᠤᠶ᠂ ᠨᠣᠮᠢᠨ ᠤᠰᠤ᠂             ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠭᠦᠨᠵᠡᠭᠡᠶ ᠠᠬᠢᠭᠤᠯᠪᠠ       ᠨᠢᠭᠡ ᠳᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠥᠳᠬᠡᠴᠡ ᠶᠢᠨ ᠬᠡᠮᠵᠢᠶ᠎ᠡ ᠶᠢ ᠪᠠᠷᠢᠮᠵᠢᠶ᠎ᠠ ᠳᠤ ᠬᠦᠷᠭᠡᠬᠦ ᠪᠠ ᠶᠡᠷᠦᠩᠬᠡᠶ ᠬᠡᠮᠵᠢᠶ᠎ᠡ ᠶᠢ ᠵᠥᠪᠰᠢᠶᠡᠷᠡᠬᠦ ᠳᠠᠪᠬᠤᠷ ᠬᠠᠮᠢᠶᠠᠷᠤᠯᠲᠠ ᠶᠢ ᠬᠡᠷᠡᠭᠵᠢᠭᠦᠯᠵᠦ᠂ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠤᠶᠢᠯᠡᠳᠪᠤᠷᠢ ᠵᠡᠷᠭᠡ ᠡᠨᠧᠷᠬᠢ ᠶᠢᠨ ᠬᠤᠷᠣᠭᠳᠠᠯ ᠶᠡᠬᠡᠲᠡᠶ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠨ᠎ᠠ᠃ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦ ᠲᠠᠯ᠎ᠠ ᠪᠠᠷ  ᠰᠢᠭᠰᠢᠭᠳᠡᠬᠦᠯᠵᠤ᠂ ᠴᠡᠪᠡᠷ ᠨᠡᠭᠦᠷᠡᠰᠦ ᠪᠠ ᠴᠡᠪᠡᠷ ᠵᠤᠤᠬ᠎ᠠ ᠬᠡᠷᠡᠭᠰᠡᠯ ᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠡᠰᠢ ᠰᠦᠢᠷᠡᠯ ᠢ ᠰᠢᠲᠠᠭᠠᠬᠤ᠂ ᠢᠳᠡᠭᠡᠨ ᠤᠮᠳᠠᠭᠠᠨ ᠤ ᠲᠣᠰᠣ ᠤᠲᠤᠭ᠎ᠠ᠂ ᠪᠠᠷᠢᠯᠭ᠎ᠠ ᠶᠢᠨ ᠭᠠᠵᠠᠷ ᠪᠠ ᠵᠠᠮ ᠤᠨ ᠬᠤᠭ ᠲᠣᠭᠤᠰᠣ ᠶᠢ ᠵᠠᠰᠠᠬᠤ ᠠᠵᠢᠯ ᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 300 ᠡᠳᠦᠷ ᠠᠴᠠ ᠳᠡᠭᠡᠭᠰᠢ ᠲᠤᠭ ᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃     ᠬᠤᠶᠠᠷ ᠲᠤ᠂ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠭᠤᠤᠯ ᠮᠥᠷᠡᠨ ᠢ ᠲᠣᠭᠤᠷᠢᠨ ᠴᠠᠭᠳᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠠᠴᠠ ᠪᠥᠬᠦ ᠲᠠᠯ᠎ᠠ ᠪᠠᠷ ᠦᠷ᠎ᠡ ᠪᠦᠲᠦᠮ ᠶᠢ ᠤᠯᠬᠤ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠭᠤᠣᠯ ᠤᠨ ᠵᠠᠮ ᠤᠨ ᠰᠠᠪᠠ ᠭᠠᠵᠠᠷ ᠢ ᠬᠠᠮᠠᠭᠠᠯᠠᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠱᠢ ᠮᠧᠨ ᠤ ᠤᠰᠤᠨ ᠴᠥᠭᠦᠷᠥᠮ ᠵᠡᠷᠭᠡ ᠶᠢ ᠬᠠᠮᠠᠭᠠᠯᠠᠬᠤ ᠴᠢᠨᠠᠷᠲᠠᠢ ᠨᠡᠭᠡᠭᠡᠯᠳᠡ ᠶᠢ ᠠᠬᠢᠭᠤᠯᠤᠨ᠎ᠠ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ  ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠬᠡᠷᠡᠴᠢᠯᠡᠬᠦ ᠢᠨᠵᠧᠨᠧᠷᠢᠩ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠪᠠᠶᠠᠨᠴᠠᠭᠠᠨ ᠪᠠᠯᠭᠠᠰᠤᠨ ᠤ ᠬᠠᠭᠤᠴᠢᠨ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠦᠨ᠎ᠡ᠃     ᠭᠤᠷᠪᠠ ᠳᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠠᠮᠢ ᠠᠬᠤᠶ ᠶᠢ ᠰᠡᠷᠭᠦᠭᠡᠨ ᠵᠠᠰᠠᠬᠤ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢ ᠬᠦᠳᠦᠯᠤᠨ ᠵᠢᠯᠣᠭᠤᠳᠴᠤ ᠠᠭᠤᠷᠬᠠᠶ‌‍ᠶᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠣᠷᠣᠯᠴᠠᠭᠤᠯᠤᠨ᠎ᠠ᠃ ᠴᠣᠬᠤᠢ ᠶᠢᠨ ᠴᠢᠯᠠᠭᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠯᠬᠤᠴᠠ ᠶᠢ ᠲᠦᠷᠭᠡᠳᠬᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ᠂ ︽ᠵᠢᠭᠤᠯᠴᠢᠯᠠᠯ ᠤᠨ ᠬᠤᠭ ᠨᠣᠪᠰᠢ︾ ᠶᠢᠨ ᠪᠣᠬᠢᠷᠲᠤᠯ ᠵᠡᠷᠭᠡ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ᠦᠷᠭᠦᠯᠵᠢᠯᠡᠨ ᠰᠥᠭᠡᠷᠭᠦ ᠨᠡᠮᠡᠭᠳᠡᠯ ᠢ ᠪᠡᠶᠡᠯᠡᠭᠦᠯᠵᠦ᠂ ᠦᠢᠯᠡᠳᠦᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢᠨ 80% ᠳᠤ ᠬᠦᠷᠭᠡᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭ ᠤᠯᠵᠤ᠂ ᠲᠢᠶᠠᠨ ᠷᠦᠨ ᠮᠠᠯ ᠠᠵᠤ ᠠᠬᠤᠶ ᠶᠢᠨ ᠠᠷᠤ ᠭᠧ ᠱᠤᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ‌‍ᠤᠨ ᠪᠣᠬᠢᠷ ᠤᠰᠤ ᠰᠢᠢᠳᠪᠤᠷᠢᠯᠡᠬᠦ ᠲᠥᠷᠥᠯ ᠵᠤᠶᠢᠯ ᠢ ᠳᠠᠷᠦ᠋ᠢᠬᠠᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠠᠶᠠᠨᠴᠠᠭᠠᠨ ᠪᠠᠯᠭᠠᠰᠤᠨ ᠤ ᠬᠤᠭᠤᠯᠠᠨ ᠭᠡᠷ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠤᠷᠢᠯᠡᠬᠦ  ᠳᠦᠬᠦᠬᠡᠷᠤᠮᠵᠢ ᠶᠢᠨ ᠲᠥᠷᠥᠯ ᠵᠤᠶᠢᠯ ᠢ ᠬᠡᠷᠡᠭᠵᠢᠭᠦᠯᠦᠨ᠎ᠡ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃                                                            ᠣᠷᠴᠢᠭᠤᠯᠣᠭᠴᠢ᠄ ᠡᠷᠳᠡᠨᠢᠴᠢᠮᠡᠭ                                                            ᠵᠣᠬᠢᠶᠠᠭᠴᠢ᠄ ᠪᠣᠣ ᠫᠧᠩ ᠹᠧᠢ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号