ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2020 ᠣᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020-06-15
            ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ 2020 ᠣᠨ ᠤ ᠲᠠᠷᠢᠶᠠᠯᠠᠩ ᠤᠨ ᠣᠯᠠᠨ             ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ    ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ 2020 ᠤᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠣᠷᠳᠣᠭᠤᠷ ᠢ ᠬᠢᠵᠠᠭᠠᠷᠯᠠᠵᠤ ᠦᠷ᠎ᠡ ᠠᠰᠢᠭ ᠢ ᠨᠡᠮᠡᠭᠳᠡᠬᠦᠯᠬᠦ᠂ ᠡᠮ ᠢ ᠬᠢᠵᠠᠭᠠᠷᠯᠠᠵᠤ ᠭᠠᠮᠰᠢᠭ ᠢ ᠪᠠᠭᠠᠰᠬᠠᠬᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ‌‍ᠪᠠᠷ ᠪᠠᠶᠢᠨ᠎ᠠ᠃ ᠠᠮᠢ ᠠᠬᠤᠶ ᠶᠢᠨ ᠣᠷᠴᠢᠯ ᠲᠠᠷᠢᠶᠠᠯᠠᠩ ᠢ ᠪᠦᠳᠦᠭᠡᠨ ᠪᠠᠶᠢᠭᠤᠯᠵᠤ᠂ ᠲᠠᠷᠢᠶᠠᠯᠠᠩ ‍ᠤᠨ‌ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠰᠢᠭᠤᠨ ᠤ ᠥᠨᠳᠥᠷ ᠦᠷ᠎ᠡ ᠠᠰᠢᠭᠲᠤ ᠪᠣᠷᠳᠣᠭᠤᠷ ᠣᠷᠣᠭᠤᠯᠬᠤ ᠲᠠᠯᠠᠪᠠᠢ ᠶᠢ ᠤᠯᠠᠮ ᠨᠢᠭᠡ ᠠᠯᠬᠤᠮ ᠦᠷᠭᠡᠳᠬᠡᠵᠤ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠤᠨ ᠬᠡᠷᠡᠭᠯᠡᠬᠦ ᠬᠡᠮᠵᠢᠶ᠎ᠡ ᠶᠢ 0.35% ᠪᠠᠷ ᠪᠠᠭᠤᠷᠠᠭᠤᠯᠬᠤ ᠪᠠᠷ ᠴᠢᠷᠮᠠᠶᠢᠨ᠎ᠠ᠃ ᠭᠤᠤᠯ ᠪᠣᠯᠬᠤ ᠲᠠᠷᠢᠮᠠᠯ ᠤᠨ ᠵᠣᠶᠢᠯ ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠨᠢ ︽ᠰᠥᠭᠡᠷᠭᠦ ᠨᠡᠮᠡᠭᠳᠡᠯ︾ ᠢᠯᠡᠷᠡᠵᠠᠢ︔ ᠬᠥᠷᠥᠰᠥ ᠰᠢᠷᠣᠶ ᠶᠢ ᠬᠡᠮᠵᠢᠬᠦ ᠨᠠᠶᠢᠷᠠᠯᠭ᠎ᠠ ᠲᠠᠢ ᠮᠡᠷᠭᠡᠵᠢᠯ ᠢ ᠳᠡᠯᠭᠡᠷᠡᠭᠦᠯᠬᠦ ᠪᠦᠷᠬᠦᠴᠡ ᠶᠢᠨ ᠨᠣᠷᠮ᠎ᠠ ᠶᠢᠨ 90% ᠠᠴᠠ ᠳᠡᠭᠡᠭᠰᠢ ᠳᠤ ᠬᠦᠷᠦᠭᠦᠯᠦᠨ᠎ᠡ︔ ᠡᠰᠢ ᠰᠦᠢᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ 85% ᠠᠴᠠ ᠳᠡᠭᠡᠭᠰᠢ ᠳᠤ ᠬᠦᠷᠴᠦ᠂ ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠪᠡᠶᠡᠯᠡᠭᠦᠯᠦᠨ᠎ᠡ᠃                                                               ᠵᠣᠬᠢᠶᠠᠭᠴᠢ᠄ ᠴᠢᠯᠠᠭᠤ                                                               ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ ᠤ ᠠᠯᠪᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号