ᠭᠤᠤ ᠶᠦᠩ ᠪᠢᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠢ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ | | 6 ᠰᠠᠷ᠎ᠠ ᠶᠢᠨ 12 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠭᠤᠤ ᠶᠦᠩ ᠪᠢᠨ ᠥᠪᠥᠷ ᠮᠣᠩᠭᠤᠯ ᠤᠨ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠡᠨᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠢ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠰᠦᠩ ᠵᠢᠶ ᠴᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠬᠤ᠋ ᠶᠠᠨ ᠹᠧᠩ᠂ ᠬᠤᠰᠢᠭᠤᠨ ᠤ ᠵᠠᠰᠠᠭ ᠤᠨ ᠣᠷᠳᠣᠨᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠡ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠪᠠᠶᠠᠨᠴᠠᠭᠠᠨ ᠪᠠᠯᠭᠠᠰᠤ ᠵᠡᠷᠭᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠮᠧᠩ ᠸᠧᠶ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠳᠠᠨ ᠠᠵᠤ ᠠᠬᠤᠶᠢᠯᠠᠯ ᠤᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠠᠬᠢᠭᠤᠯᠤᠭᠰᠠᠨ | ᠪᠡᠶᠢᠳᠡᠯ ᠪᠣᠯᠤᠨ ᠣᠳᠣᠬᠠᠨ ᠲᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠠᠷᠢᠭᠤ ᠮᠡᠳᠡᠭᠦᠯᠵᠦ᠂ ᠬᠤᠷᠠᠯ ᠳᠤ | ᠣᠷᠣᠯᠴᠠᠭᠰᠠᠨ ᠡᠯ᠎ᠡ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷᠢᠨ ᠨᠢᠭᠲᠠ | ᠶᠠᠷᠢᠯᠴᠠᠪᠠ᠃ ᠡᠭᠦᠨ ᠤ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ | ᠭᠤᠤ ᠶᠦᠩ ᠪᠢᠨ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ᠂ ᠦᠷ᠎ᠡ | ᠠᠰᠢᠭ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠠᠵᠢᠯᠯᠠᠭᠠᠨ ᠢ | ᠠᠬᠢᠭᠤᠯᠵᠤ᠂ ᠲᠥᠷᠥᠯ ᠵᠦᠢᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠮᠧᠩ ᠸᠧᠶ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠳᠦ ᠺᠣᠮᠫᠠᠨᠢ ᠲᠠᠢ ᠢᠯᠡᠭᠦᠬᠡᠨ ᠨᠡᠪᠲᠡᠷᠡᠯᠴᠡᠵᠦ᠂ ᠲᠥᠷᠥᠯ ᠵᠦᠢᠯ ᠤᠨ ᠦᠢᠯᠡᠴᠢᠯᠡᠭᠡᠨ ᠤ | ᠠᠵᠢᠯ ᠢ ᠬᠢᠨᠠᠮᠠᠭᠠᠶ ᠰᠠᠶᠢᠲᠤᠷ ᠬᠢᠵᠦ᠂ ᠠᠵᠤ ᠠᠬᠤᠶᠢᠯᠠᠯ ᠤᠨ ᠤᠴᠢᠷ ᠶᠠᠪᠣᠳᠡᠯ ᠢ ᠥᠪᠡᠷᠤᠨ ᠤᠴᠢᠷ ᠶᠠᠪᠤᠳᠠᠯ | ᠪᠣᠯᠭᠠᠨ ᠬᠢᠵᠦ᠂ ᠲᠥᠷᠥᠯ ᠵᠣᠶᠢᠯ ᠢ ᠴᠠᠭ ᠲᠤᠬᠠᠶ ᠳᠤᠨᠢ ᠮᠥᠷᠳᠡᠬᠦ ᠪᠠᠨ ᠦᠨᠡᠨᠬᠦ ᠴᠢᠩᠭᠠᠳᠬᠠᠵᠤ᠂ ᠲᠥᠷᠥᠯ | ᠵᠣᠶᠢᠯ ᠤᠨ ᠠᠬᠢᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠥᠨᠳᠥᠷ ᠪᠦᠲᠦᠮᠵᠢᠲᠡᠶ ᠵᠣᠬᠢᠴᠠᠭᠤᠯᠤᠨ ᠬᠠᠮᠵᠢᠯᠴᠠᠬᠤ | ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠦ᠂ ᠣᠳᠣᠬᠠᠨ ᠤ ᠲᠥᠷᠥᠯ ᠵᠦᠢᠯ ᠢ ᠠᠬᠢᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ | ᠭᠦᠢᠴᠡᠳ ᠲᠠᠨᠢᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠵᠤ | ᠠᠬᠤᠶᠢᠯᠠᠯ ᠳᠤ ᠲᠥᠬᠦᠮ ᠨᠥᠬᠦᠴᠡᠯ ᠬᠠᠩᠭᠠᠵᠤ᠂ ᠮᠧᠩ ᠸᠧᠶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠭᠤᠷᠪᠠᠳᠤᠭᠠᠷ ᠬᠤᠭᠤᠴᠠᠭᠠᠨᠤ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ | ᠠᠬᠢᠭᠤᠯᠬᠤ ᠶᠢ ᠦᠨᠡᠨ ᠬᠦ ᠪᠠᠲᠤᠯᠠᠨ᠎ᠠ᠃ | ᠵᠣᠬᠢᠶᠠᠭᠴᠢ᠄ ᠴᠢ ᠷᠦᠢ ᠶᠢᠨ᠂ ᠦᠵᠦᠮ᠎ᠡ | ᠣᠷᠴᠢᠭᠤᠯᠣᠭᠴᠢ᠄ ᠰᠡᠴᠡᠩᠭᠤᠸ᠎ᠠ |