ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2020-06-03
                ᠵᠠᠰᠠᠭ ᠤᠨ ᠣᠷᠳᠣᠨ ᠤ ᠠᠵᠢᠯ ᠤᠨ ᠢᠯᠡᠳᠭᠡᠯ        2020 ᠣᠨ ᠤ 5 ᠰᠠᠷ᠎ᠠ ᠶᠢᠨ 14 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠶᠦᠩ ᠪᠢᠨᠲᠥᠯᠥᠭᠡᠯᠡᠭᠴᠢᠳ ᠡ᠄    ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠃ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ‌‍ᠤ ᠭᠡᠰᠢᠭᠦᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠ᠃    ᠨᠢᠭᠡ᠂ 2019 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠰᠢ‌‍ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠠᠶ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠡᠶᠢᠳᠠᠪᠣᠷᠢᠵᠢᠭᠤᠯᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠶ ᠨᠡᠶᠢᠳᠠᠪᠣᠷᠢᠵᠢᠭᠤᠯᠬᠤ᠂ ᠲᠣᠭᠲᠠᠭᠤᠨ‌‍ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠨᠡᠮᠡᠭᠳᠡᠯ‌ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ ᠂ ᠠᠷᠠᠳ ᠤ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠣᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ 2019 ᠣᠨ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠣᠷᠢᠯᠡᠯ ᠤᠨ ᠶᠡᠷᠦᠩᠬᠡᠶ ᠥᠷᠲᠡᠭ 65.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 7% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.21 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 19.6% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 31.67 ᠳ᠋ᠦᠩᠰᠢᠭᠤᠷ ᠲᠤ ᠬᠦᠷᠭᠦ ᠢ ᠪᠡᠶᠡᠯᠡᠭᠦᠯᠵᠦ᠂ 5.6% ᠪᠠᠷ ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 31638 ᠲᠥᠭᠦᠷᠢᠭ ᠪᠠ 12529 ᠲᠥᠭᠦᠷᠢᠭ ᠢ ᠪᠡᠶᠡᠯᠡᠭᠦᠯᠵᠦ᠂ 6.6% ᠪᠠ 11.2% ᠢᠶᠠᠷ ᠨᠡᠮᠡᠭᠳᠡᠪᠡ᠃    — ᠪᠠᠬᠢᠵᠢᠭᠦᠯᠦᠨ ᠳᠡᠭᠡᠭᠰᠢᠯᠡᠭᠦᠯᠬᠦ ᠶᠢ ᠠᠳᠬᠤᠵᠤ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠣᠷᠢᠯᠡᠬᠦ ᠲᠡᠶᠢᠯᠠᠯᠳᠣᠭᠠᠨ ᠰᠢᠨ᠎ᠡ ᠦᠷ᠎ᠡ ᠪᠦᠲᠦᠭᠡᠯ ᠤᠯᠪᠠ᠃    ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠳᠠᠷᠤᠯᠲᠠ ᠳᠤ ᠰᠢᠭᠤᠳ ᠬᠠᠨᠳᠤᠵᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ᠂ ᠡᠳ᠋ ᠬᠥᠷᠥᠩᠭᠡ ᠶᠢ ᠲᠤᠯᠭᠠᠨ ᠲᠤᠯᠭᠠᠬᠤ᠂ ᠦᠯᠡᠳᠡᠭᠡᠯ ᠥᠷᠢ ᠦᠭᠴᠡᠭᠡ ᠶᠢ ᠰᠣᠯᠢᠬᠤ ᠵᠡᠷᠭᠡ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠳᠠᠯᠳᠠ ᠥᠷᠢ ᠰᠢᠷᠢ ᠶᠢ ᠠᠷᠢᠯᠭᠠᠬᠤ ᠡᠭᠦᠷᠭᠡ ᠶᠢᠨ 426.5% ᠶᠢ ᠪᠡᠶᠡᠯᠡᠭᠦᠯᠵᠡᠶ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ 13.85 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠪᠡᠶᠢᠭᠤᠯᠣᠮᠵᠢ ᠶᠢᠨ ᠡᠷᠡᠭᠦᠯ ᠪᠤᠰᠤ ᠵᠢᠭᠡᠯᠡᠯᠭᠡ ᠶᠢ 498 ᠲᠦᠮᠡᠨ ᠲᠥᠭᠦᠷᠢᠭ ᠪᠠᠭᠠᠰᠬᠠᠪᠠ᠃ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠪᠡ᠃ ︽ᠳᠥᠷᠪᠡ ᠶᠢ ᠦᠯᠦ ᠠᠪᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠡᠶᠢᠳᠠᠪᠣᠷᠢᠵᠢᠭᠤᠯᠬᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ᠂ ᠡᠯ᠎ᠡ ᠱᠠᠳᠣᠨ ᠤ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠴᠠᠭ᠎ᠠ ᠲᠣᠰᠬᠤᠨ ᠤ ︽ᠬᠤᠶᠠᠷ ᠢ ᠨᠡᠪᠲᠡᠷᠡᠭᠦᠯᠬᠦ︾᠂ ᠤᠤᠭᠤᠬᠤ ᠤᠰᠤᠨ ᠤ ᠠᠮᠤᠷ ᠲᠦᠪᠰᠢᠨ᠂ ᠰᠢᠨ᠎ᠡ ᠪᠠᠷ ᠢᠯᠭᠠᠨ ᠲᠠᠨᠢᠬᠤ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠪᠦᠬᠦᠨ ᠢ ᠰᠢᠢᠳᠪᠣᠷᠢᠯᠡᠵᠦ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠣᠷᠢ ᠶᠢ ᠦᠨᠳᠦᠰᠦᠨ ᠠᠴᠠ ᠨᠢ ᠳᠡᠭᠡᠭᠰᠢᠯᠡᠭᠦᠯᠦᠨ᠎ᠡ᠃ ᠪᠥᠬᠦ ᠵᠢᠯ ᠳᠤ ᠶᠠᠳᠠᠭᠤ ᠬᠦᠴᠢᠷᠳᠡᠯᠲᠡᠶ ᠣᠯᠠᠨ ᠲᠦᠮᠡᠨ ᠤ ᠡᠮ ᠡᠮᠨᠡᠯᠭᠡ᠂ ᠰᠤᠷᠭᠠᠨ ᠬᠥᠮᠦᠵᠢᠯ ᠤᠨ ᠵᠠᠷᠤᠯᠭ᠎ᠠ ᠶᠢ 4000 ᠲᠦᠮᠡᠨ ᠲᠥᠭᠦᠷᠢᠭ ᠪᠠᠭᠠᠰᠬᠠᠵᠤ᠂ ᠨᠡᠶᠢᠭᠡᠮ ᠤᠨ ᠦᠨᠳᠦᠰᠦᠨ ᠵᠣᠶᠢᠯ ᠢ ᠪᠠᠲᠤᠯᠠᠬᠤ ᠪᠠ ᠶᠠᠳᠠᠭᠤ ᠶᠢ ᠲᠡᠳᠭᠦᠭᠦ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠪᠠ᠃ ᠠᠵᠤ ᠦᠢᠯᠡᠰ ᠤᠨ ᠶᠠᠳᠠᠭᠤᠴᠤᠳ ᠢ ᠳᠠᠭᠠᠭᠤᠯᠬᠤ ᠦᠢᠯᠡᠳᠦᠯ ᠢ ᠳᠣᠪᠤᠶᠢᠯᠭᠠᠵᠤ᠂ ᠡᠯ᠎ᠡ ᠱᠠᠲᠤᠨ ᠤ ᠲᠤᠰᠬᠠᠢ ᠲᠥᠷᠥᠯ ᠵᠦᠢᠯ ᠵᠢᠴᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ 7541 ᠲᠦᠮᠡᠨ ᠲᠥᠭᠦᠷᠢᠭ ᠢ ᠨᠢᠭᠡᠳᠦᠯᠲᠡᠢ ᠳᠤ ᠲᠥᠯᠥᠪᠯᠡᠵᠦ᠂ ᠠᠵᠤ ᠦᠢᠯᠡᠰ ᠪᠠ ᠬᠠᠮᠲᠤ ᠶᠢᠨ ᠠᠵᠤ ᠠᠬᠤᠢ ᠶᠢᠨ ᠲᠦᠷᠣᠯ ᠵᠦᠢᠯ ᠢ ᠬᠥᠭᠵᠢᠭᠦᠯᠬᠦ‌‍ᠳᠤ ᠬᠡᠷᠡᠭᠯᠡᠨ᠎ᠡ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ 3158 ᠲᠦᠮᠡᠨ ᠲᠥᠭᠦᠷᠢᠭ ᠲᠠᠷᠬᠠᠭᠠᠵᠤ᠂ ᠲᠦᠷᠦᠭᠦᠤ ᠵᠢᠯ ᠤᠨ ᠬᠢ ᠠᠴᠠ 4.3 ᠳᠠᠬᠢᠨ ᠢᠯᠡᠭᠦᠤ ᠪᠣᠯᠵᠠᠶ᠃ ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠪᠥᠬᠦ ᠪᠠᠭᠲᠠᠭᠠᠮᠵᠢ ᠪᠠ ᠲᠣᠤᠷ‌‍ᠲ᠋ᠤ ᠨᠡᠶᠢᠯᠡᠭᠦᠯᠦᠨ ᠴᠠᠬᠢᠯᠭᠠᠨ ᠭᠠᠷᠭᠠᠨ᠎ᠠ᠃ ᠹᠧᠩ ᠢᠦᠶ ᠲᠣᠰᠬᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠣᠰᠬᠤᠨ ᠳᠤ ᠰᠣᠩᠭᠤᠭᠳᠠᠪᠠ᠃ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠶᠠᠳᠠᠭᠤ ᠠᠴᠠ ᠰᠡᠷᠭᠡᠶᠢᠯᠡᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠨᠡᠶᠢᠳᠠᠪᠣᠷᠢᠵᠢᠭᠤᠯᠬᠤ᠂ ᠪᠦᠬᠦ ᠵᠢᠯ ᠳᠤ 1011 ᠡᠷᠦᠬᠡ ᠶᠢᠨ 2016 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠨᠡᠶᠢᠲᠡ 7726 ᠡᠷᠦᠬᠡ ᠶᠢᠨ 16008 ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ ᠶᠢ 0.085% ᠪᠣᠯᠭᠠᠨ ᠪᠠᠭᠤᠷᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠮᠠᠯᠠᠭᠠᠶ ᠪᠠᠨ ᠠᠪᠴᠤ ᠬᠠᠶᠠᠬᠤ ᠦᠨᠡᠯᠡᠨ ᠵᠢᠱᠢᠯᠲᠡ ᠪᠠᠷ ᠣᠷᠣᠭᠰᠢᠳᠡᠢ ᠰᠣᠩᠭᠤᠨ ᠪᠠᠶᠢᠴᠠᠭᠠᠪᠠ᠃ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ 28 ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠵᠤ᠂ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠳᠠᠭᠠᠬᠤ ᠵᠤᠤᠬ᠎ᠠ 9 ᠶᠢ ᠰᠢᠭᠰᠢᠭᠳᠡᠭᠦᠯᠵᠦ᠂ ᠵᠥᠩ ᠯᠢᠶᠠᠨ᠂ ᠮᠧᠩ ᠸᠧᠶ ᠺᠣᠮᠫᠠᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠢᠮᠢ ᠶᠢᠨ ᠪᠣᠷᠲᠣᠭᠤᠷ ᠲᠠᠷᠢᠶᠠᠨ ᠡᠮ ᠢ ᠬᠡᠷᠡᠭᠯᠡᠭᠰᠡᠨ ᠬᠡᠮᠵᠢᠶ᠎ᠡ 3 ᠵᠢᠯ ᠳᠠᠷᠠᠭᠠᠯᠠᠨ ᠰᠥᠭᠡᠷᠭᠦ ᠨᠡᠮᠡᠭᠳᠡᠯ ᠢ ᠪᠡᠶᠡᠯᠡᠭᠦᠯᠪᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠰᠤ ᠠᠷᠪᠢᠯᠠᠬᠤ ᠬᠠᠮᠠᠭᠠᠯᠠᠯᠲᠠ᠂ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠢ 5200 ᠮᠦ ᠪᠠᠶᠢᠭᠤᠯᠵᠤ᠂ ︽ᠤᠯᠤᠰ ᠤᠨ ᠠᠩᠬᠠᠳᠠᠭᠴᠢ ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠰᠡᠨ ᠰᠢᠶᠠᠨ︾ ᠤ ᠴᠣᠯᠠ ᠶᠢ ᠢᠷᠠᠭᠤ ᠠᠯᠳᠠᠷᠲᠠᠶ ᠪᠠᠷ ᠭᠥᠷᠳᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠣᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠨᠠᠩ ᠭᠦᠨ ᠰᠠᠭᠤᠭᠳᠠᠪᠠ᠃    — ᠲᠦᠷᠦᠯ ᠵᠦᠢᠯ ᠢ ᠠᠳᠬᠤᠵᠤ᠂ ᠪᠦᠲᠦᠴᠡ ᠶᠢ ᠲᠤᠬᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠠᠯᠬᠤᠮ ᠢ ᠠᠯᠬᠤᠪᠡ    ᠠᠵᠤ ᠦᠢᠯᠡᠳᠪᠣᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠳᠡᠭᠡᠭᠰᠢᠯᠡᠪᠡ᠃ 3000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠠᠵᠤ ᠦᠢᠯᠡᠳᠪᠣᠷᠢ ᠶᠢᠨ ᠲᠥᠷᠥᠯ ᠵᠦᠢᠯ ᠢ 23 ᠬᠡᠷᠡᠭᠵᠢᠭᠦᠯᠵᠦ᠂ 13.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠣᠷᠢ ᠶᠢᠨ ᠠᠵᠤ ᠠᠬᠤᠶᠢᠯᠠᠯ 21 ᠪᠣᠯᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 11.2% ᠪᠣᠯᠪᠠ᠃ ᠨᠢᠭᠡ ᠪᠦᠯᠦᠭ ᠤᠷᠲᠤᠳᠬᠠᠭᠰᠠᠨ ᠬᠡᠯᠬᠢᠶ᠎ᠡ ᠨᠥᠬᠦᠪᠥᠷᠢᠯᠡᠬᠦ ᠲᠥᠷᠥᠯ ᠵᠦᠢᠯ ᠢ ᠨᠡᠶᠢᠳᠠᠪᠣᠷᠢᠵᠢᠭᠤᠯᠬᠤ᠂ ᠰᠢᠩ ᠳ᠋ᠧ ᠮᠠ ᠶᠢᠨ ᠴᠢᠨᠠᠷ ᠥᠭᠡᠷᠡᠴᠢᠯᠡᠬᠦ PVA ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠢᠦ ᠯᠠᠨ ᠳ᠋ᠧ ᠡᠮ ᠤᠨ ᠦᠢᠯᠡᠰ᠂ ᠵᠢᠩ ᠬᠤᠢ ᠮᠠᠰᠢᠨ ᠲᠡᠷᠭᠡᠨ ᠤ ᠰᠡᠯᠪᠢᠭ ᠲᠣᠨᠤᠭ᠂ ᠺᠠᠢ ᠸᠧᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠢ ᠲᠦᠷᠭᠡᠪᠴᠢᠯᠡᠨ ᠠᠬᠢᠭᠤᠯᠵᠤ᠂  ᠺᠧᠨ‌‍ᠳᠠ ᠲᠧ᠂ ᠯᠢ ᠴᠧᠩ ᠰᠢᠨ᠎ᠡ ᠮᠠᠲ᠋ᠧᠷᠢᠶᠠᠯ ᠤᠨ ᠨᠢᠭᠡᠳᠦᠭᠡᠷ ᠬᠤᠭᠤᠴᠠᠭᠠᠨ ᠤ ᠵᠣᠶᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠮᠧᠩ ᠸᠧᠶ ᠺᠣᠮᠫᠠᠨᠢ ᠶᠢᠨ ᠤᠭ ᠤᠰᠤ ᠵᠢᠴᠢ ᠪᠦᠷᠬᠦᠭᠦᠯ ᠰᠢᠰᠲ᠋ᠧᠮ ᠢ ᠰᠢᠢᠳᠪᠣᠷᠢᠯᠡᠬᠦ ᠲᠥᠷᠥᠯ ᠵᠦᠢᠯ ᠢ ᠪᠡᠶᠢᠭᠤᠯᠣᠨ ᠠᠵᠢᠯᠯᠠᠭᠤᠯᠵᠤ᠂ ᠱᠦᠢᠨᠡᠢ ᠶᠢᠨ ᠦᠢᠯᠡᠳᠪᠣᠷᠢᠯᠡᠯ ᠤᠨ ᠱᠤᠭᠤᠮ ᠢ ᠦᠢᠯᠡᠳᠪᠣᠷᠢᠯᠡᠯ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠠᠮᠵᠢᠯᠲᠠ ᠲᠠᠢ ᠭᠤᠶᠤᠴᠢᠯᠠᠨ  ᠮᠡᠳᠡᠭᠦᠯᠪᠡ᠃ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠢ 3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠢᠨ ᠶᠤᠸᠠᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠲᠣᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠰᠣᠩᠭᠤᠭᠳᠠᠵᠤ᠂ ᠠᠵᠤ ᠦᠢᠯᠡᠳᠪᠣᠷᠢ ᠶᠢᠨ ᠠᠵᠤ ᠠᠬᠤᠶ ᠶᠢᠨ ︽ᠣᠬᠤᠷ ᠬᠤᠭᠤᠴᠠᠭᠠᠨ ᠳᠤ ᠲᠤᠯᠭᠠᠭᠤᠷᠢᠯᠠᠯ ᠲᠠᠢ᠂ ᠣᠷᠳᠣ ᠬᠤᠭᠤᠴᠠᠭ᠎ᠠ ᠪᠠᠷ ᠰᠠᠭᠤᠷᠢ ᠲᠠᠢ︾ ᠰᠠᠶᠢᠨ ᠰᠠᠶᠢᠬᠠᠨ ᠪᠡᠶᠢᠷᠢᠰᠢᠯ ᠶᠠᠭ ᠪᠦᠷᠢᠯᠳᠦᠵᠦ ᠪᠣᠶ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠶᠢ ᠨᠠᠩ ᠪᠠᠲᠤ ᠪᠠᠬᠢ ᠨᠠᠩ ᠪᠣᠳᠠᠲᠠᠶᠢᠵᠢᠭᠤᠯᠪᠠ᠃ ᠠᠮᠤ ᠪᠤᠳᠠᠭᠠᠨ ᠤ ᠦᠢᠯᠡᠳᠪᠣᠷᠢᠯᠡᠯ ᠡᠯᠪᠡᠭ ᠬᠤᠷᠢᠶᠠᠯᠲᠠ ᠣᠯᠵᠤ᠂ ᠭᠠᠷᠤᠯᠲᠠ ᠨᠢ 2.5 ᠳ᠋ᠦᠩᠰᠢᠭᠤᠷ ᠵᠢᠩ ᠳᠤ ᠬᠦᠷᠴᠡᠢ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠳᠡᠯᠡᠵᠦ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ ︾ ᠤᠨ ᠪᠦᠲᠦᠭᠡᠭᠳᠡᠬᠦᠨ 26 ᠪᠣᠯᠪᠠ᠃ ᠲᠥᠮᠥᠰᠥ ᠶᠢᠨ ᠦᠷ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠣᠶᠢᠯ ᠢ ᠯᠠᠪᠳᠠᠭᠤᠨ ᠢᠶᠠᠷ ᠠᠬᠢᠭᠤᠯᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠎ᠡ᠃ ᠡᠪᠡᠰᠦ ᠪᠣᠷᠳᠤᠭ᠎ᠠ ᠶᠢ ᠨᠣᠭᠤᠭᠠᠨ ᠢᠶᠠᠷ ᠳᠠᠷᠤᠰᠢᠭᠤᠯᠬᠤ ᠮᠡᠷᠭᠡᠵᠢᠯ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠢᠷᠠᠭᠤ ᠠᠯᠳᠠᠷᠲᠠᠶ ᠪᠠᠷ ᠬᠦᠷᠲᠡᠪᠡ᠃ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠪᠦᠬᠦ ᠤᠯᠤᠰ ᠤᠨ ᠳᠥᠷᠪᠡᠳᠦᠭᠡᠷ ᠪᠦᠯᠦᠭ ᠤᠨ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠨ᠂ ᠵᠠᠯᠭᠠᠭ᠎ᠠ ᠪᠠᠷ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠣᠭᠤᠭᠠᠨ ᠦᠵᠡᠰᠬᠦᠯᠡᠩ ᠤᠨ ᠠᠯᠲᠠᠨ ᠮᠧᠳᠠᠯ ᠲᠠᠢ ᠬᠤᠯᠪᠣᠯᠳᠤᠵᠤ᠂ ᠨᠠᠷᠠᠲᠤ ᠲᠡᠮᠳᠡᠭᠲᠦ ᠶᠢᠨ ᠦᠢᠯᠡᠳᠣᠯ ᠤᠯᠠᠮ ᠨᠢᠭᠡ ᠠᠯᠬᠤᠮ ᠳᠡᠭᠡᠭᠰᠢᠯᠡᠪᠡ᠃ ᠭᠠᠯᠲᠤ ᠠᠭᠤᠯᠠ ᠪᠠ ᠠᠯᠲᠠᠨ ᠮᠧᠳᠠᠯ ᠤᠨ ᠲᠦᠷᠦᠭᠦᠦ ᠪᠦᠯᠦᠭ ᠰᠠᠭᠤᠷᠢ ᠦᠨᠢᠶ᠎ᠡ ᠶᠢ ᠲᠠᠯᠠᠪᠠᠢ‌‍ᠳᠤ ᠣᠷᠣᠭᠤᠯᠤᠨ ᠲᠡᠵᠢᠭᠡᠵᠦ᠂ ᠱᠠᠨ ᠵᠢᠶᠠ᠂ ᠪᠥᠸᠧ ᠯᠢᠶᠠᠩ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠣᠶᠢᠯ ᠢ ᠠᠵᠢᠯ ᠡᠬᠢᠯᠡᠭᠦᠯᠦᠨ᠂ ᠠᠯᠠᠰᠢᠨ ᠦᠬᠡᠷ ᠤᠨ ᠲᠤᠭ᠎ᠠ ᠠᠳᠠᠯᠢ ᠬᠤᠭᠤᠴᠠᠭᠠᠨ‌‍ᠤ ᠬᠢ ᠠᠴᠠ ᠳᠠᠬᠢᠨ ᠢᠶᠠᠷ ᠨᠡᠮᠡᠭᠳᠡᠪᠡ᠃ ᠲᠠᠷᠢᠶᠠᠯᠠᠬᠤ ᠮᠠᠯᠵᠢᠬᠤ ᠣᠷᠣᠨ ᠤ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ ᠃ ᠤᠳᠤ ᠦᠶ᠎ᠡ ᠶᠢᠨ ᠦᠢᠯᠡᠴᠢᠯᠡᠭᠡᠨ ᠤ  ᠦᠢᠯᠡᠰ ᠤᠨ ᠬᠥᠭᠵᠢᠯᠲᠡ ᠲᠦᠷᠭᠡᠳᠪᠡ᠃ ᠴᠠᠬᠠᠷ ᠰᠣᠶᠣᠯ ᠤᠷᠠᠯᠢᠭ ᠤᠨ ᠨᠠᠶᠢᠷ᠂ ᠵᠠᠩ ᠦᠢᠯᠡ ᠰᠣᠶᠣᠯ ᠵᠤᠭᠠᠴᠠᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠣᠯᠠᠭᠤᠨ ᠲᠤ ᠪᠦᠦ ︽ᠢᠨᠲ᠋ᠤᠷ ᠰᠦᠯᠵᠢᠶ᠎ᠡ + ᠣᠲᠣ ᠦᠶ᠎ᠡ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ︾᠂ ᠷᠠᠰᠢᠶᠠᠨ ᠮᠠᠯᠴᠢᠨ ᠠᠶᠢᠯ ᠤᠨ ᠵᠤᠭᠠᠴᠠᠯ ᠨᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠣᠶᠢᠯ ᠢᠶᠠᠷ ᠦᠨᠡᠯᠡᠭᠳᠡᠪᠡ᠃ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ᠂ ᠣᠨᠴᠠᠯᠢᠭᠲᠤ ᠠᠷᠠᠳ ᠤᠨ ᠣᠷᠣᠨ ᠰᠠᠭᠤᠴᠠ ᠵᠡᠷᠭᠡ ᠨᠢᠭᠡ ᠪᠦᠯᠦᠭ ᠵᠢᠭᠤᠴᠢᠯᠡᠯ ᠤᠨ ᠰᠢᠨ᠎ᠡ ᠡᠵᠡᠩᠨᠡᠯᠲᠡ ᠶᠢᠨ ᠪᠡᠶᠢᠳᠡᠯ ᠥᠷᠨᠢᠨ ᠬᠥᠭᠵᠢᠵᠦ᠂ ᠪᠦᠬᠦ ᠬᠤᠰᠢᠭᠤᠨ ᠤ ᠵᠣᠴᠢᠳ ᠢ ᠬᠦᠯᠢᠶᠡᠨ ᠠᠪᠤᠭᠰᠠᠨ ᠬᠡᠮᠵᠢᠶ᠎ᠡ ᠪᠠ ᠵᠤᠭᠠᠴᠠᠯ ᠤᠨ ᠣᠷᠣᠯᠭ᠎ᠠ ᠲᠣᠰᠪᠣᠷᠢ 11.3% ᠪᠠ 14.9% ᠨᠡᠮᠡᠭᠳᠡᠪᠡ᠃ ᠬᠤᠰᠢᠭᠤ ᠲᠡᠰ ᠤᠨ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠲᠥᠪ 1 ᠶᠢ ᠪᠠᠶᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 38 ᠶᠢ ᠪᠠᠶᠢᠭᠤᠯᠵᠤ᠂ ᠲᠦᠷᠭᠡᠨ ᠬᠦᠷᠭᠡᠯᠲᠡ ᠶᠢ ᠬᠥᠳᠡᠭᠡ ᠪᠠᠭᠤᠯᠭᠠᠬᠤ ︽ᠡᠴᠦᠰ ᠤᠨ ᠨᠢᠭᠡ ᠺᠢᠯᠣᠮᠧᠲᠷ︾ ᠢ ᠦᠨᠳᠦᠰᠦᠨ ᠳᠡᠭᠡᠨ ᠨᠡᠪᠳᠡᠷᠡᠭᠦᠯᠪᠡ᠃ ᠬᠤᠶᠠᠷ ᠠᠵᠤ ᠠᠬᠤᠶᠢᠯᠠᠯ ᠪᠦᠬᠦ ᠣᠷᠣᠨ ᠤ ︽ᠬᠤᠶᠠᠷ ᠠᠵᠤ ᠦᠢᠯᠡᠳᠪᠦᠷᠢᠵᠢᠯᠲᠡ ᠶᠢ ᠠᠭᠤᠰᠤᠯᠴᠠᠭᠤᠯᠬᠤ︾ ᠲᠤᠷᠰᠢᠯᠲᠠ ᠶᠢᠨ ᠠᠵᠦ ᠠᠬᠤᠶᠢᠯᠠᠯ ᠢ ᠬᠦᠷᠲᠡᠪᠡ᠃   — ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠭᠡᠷᠡᠴᠢᠯᠡᠯᠲᠡ ᠨᠡᠭᠡᠭᠡᠯᠳᠠ ᠰᠢᠨ᠎ᠡ ᠠᠬᠢᠴᠠ ᠲᠠᠢ ᠪᠣᠯᠪᠠ   ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠳᠣᠲᠣᠨᠣ ᠬᠤᠳᠠᠯᠳᠤᠭᠠᠴᠢᠨ ᠠᠵᠤ ᠠᠬᠤᠶᠢᠯᠠᠯ ᠢ ᠬᠠᠪᠰᠤᠷᠤᠨ ᠲᠡᠪᠰᠢᠭᠦᠯᠬᠦ  ᠣᠨ︾ ᠤ ᠠᠵᠢᠯᠯᠠᠭ᠎ᠠ ᠶᠢ ᠯᠡᠪᠳᠠᠭᠤᠨ ᠪᠠᠲᠤᠲᠠᠶ ᠥᠷᠨᠢᠭᠦᠯᠵᠦ᠂ 24 ᠬᠤᠰᠢᠭᠤ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠪᠠᠶᠢᠩᠭᠤ ᠠᠵᠢᠯᠯᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠢ ᠰᠦᠯᠵᠢᠶᠡᠨ ᠳᠡᠭᠡᠷ᠎ᠡ ᠠᠵᠢᠯᠯᠠᠭᠤᠯᠵᠠᠶ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠪᠡ᠃ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠵᠣᠶᠢᠯᠡᠰ ᠤᠨ ᠲᠣᠳᠣᠷᠬᠠᠶ ᠬᠠᠭᠤᠳᠠᠰᠤ ᠶᠢ 139 ᠵᠣᠶᠢᠯ ᠨᠡᠶᠢᠳᠠᠯᠠᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠢ ᠬᠢᠨᠠᠨ ᠵᠥᠪᠰᠢᠶᠡᠷᠡᠵᠦ ᠭᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ ᠢ 100 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃ 85 ᠳᠤᠮᠳᠠ ᠵᠢᠵᠢᠭ ᠠᠵᠤ ᠠᠬᠤᠶᠢᠯᠠᠯ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠪᠡᠯᠡ ᠮᠥᠩᠭᠦ ᠶᠢᠨ ᠲᠠᠲᠠᠭᠠᠯ ᠳᠤ ᠣᠷᠣᠵᠤ᠂ 1.77 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠳᠠᠪᠣᠷᠢᠵᠢᠭᠤᠯᠪᠡ᠃ ᠡᠯ᠎ᠡ ᠲᠥᠷᠥᠯ ᠤᠨ ᠭᠠᠶᠢᠯᠢ ᠰᠦᠢᠳᠭᠡᠯ ᠢ 7900 ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠎ᠡ᠃ ᠬᠥᠭᠵᠢᠯᠲᠡ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠰᠢᠨ᠎ᠡ ᠪᠠᠷ 3 ᠺᠢᠯᠣᠮᠧᠳ᠋ᠷ ᠪᠣᠬᠢᠷ ᠤᠰᠤᠨ ᠤ ᠬᠤᠭᠤᠯᠠᠢ ᠲᠣᠣᠷ ᠢ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠤᠰᠤ ᠪᠠᠷ ᠴᠡᠪᠡᠷᠰᠢᠭᠦᠯᠬᠦ ᠮᠠᠶ᠋ᠢᠭ ᠤᠨ ᠠᠷᠠᠳ ᠲᠤ ᠳᠥᠭᠦᠮ ᠦᠵᠡᠭᠦᠯᠬᠦ 6 ᠵᠣᠷᠯᠣᠩ ᠢ ᠰᠢᠨ᠎ᠡ‌‍ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠪᠠᠷ ᠴᠡᠪᠡᠷᠰᠢᠭᠦᠯᠬᠦ ᠮᠠᠶ᠋ᠢᠭ ᠤᠨ ᠵᠣᠷᠯᠣᠩ ᠢ 536 ᠡᠷᠦᠬᠡ ᠥᠭᠡᠷᠡᠴᠢᠯᠡᠨ ᠰᠢᠨᠡᠳᠬᠡᠨ᠎ᠡ᠃ ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 10 ᠪᠠᠶᠢᠵᠤ᠂ 1.6 ᠳ᠋ᠦᠩᠰᠢᠭᠤᠷ ᠲᠤ ᠬᠦᠷᠬᠦ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠡᠯ ᠭᠤᠸᠠᠩ ᠲᠦᠷᠭᠡᠨ ᠳᠠᠪᠬᠢᠬᠤ ᠵᠠᠰᠠᠮᠠᠯ ᠵᠠᠮ ᠤᠨ ᠪᠠᠶᠠᠨᠴᠠᠭᠠᠨ ᠠᠴᠠ ᠠᠨ ᠶᠧ ᠬᠡᠰᠡᠭ ᠬᠦᠷᠲᠡᠯᠡᠬᠢ ᠲᠥᠷᠥᠯ ᠵᠣᠶᠢᠯ ᠢ ᠡᠬᠢᠯᠡᠨ ᠬᠡᠷᠡᠭᠵᠢᠭᠦᠯᠪᠡ᠃ ᠰᠾᠢ ᠸᠠᠩ ᠵᠦ 500 ᠺᠢᠯᠣᠸᠣᠯᠲ᠂ ᠯᠦ ᠵᠢᠶᠠ ᠼᠦᠨ ᠲᠣᠰᠬᠤᠨ ᠤ 110 ᠺᠢᠯᠣᠸᠣᠯᠲ᠂ ᠫᠢᠩ ᠳ᠋ᠢ ᠣᠪᠣᠭ᠎ᠠ 110 ᠺᠢᠯᠣᠸᠣᠯᠲ‌‍ᠤᠨ ᠪᠠᠭᠲᠠᠭᠠᠮᠵᠢ ᠨᠡᠮᠡᠭᠳᠡᠭᠦᠯᠬᠦ ᠵᠡᠷᠭᠡ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠠᠵᠤ ᠦᠢᠯᠡᠳᠪᠣᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ᠂ ᠪᠣᠬᠢᠷ ᠤᠰᠤ ᠶᠢ ᠰᠢᠢᠳᠪᠣᠷᠢᠯᠡᠬᠦ᠂ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠢ ᠵᠡᠷᠭᠡ 6 ᠵᠣᠶᠢᠯ ᠤᠨ ᠰᠠᠭᠤᠷᠢ ᠪᠡᠯᠡᠳᠬᠡᠮᠵᠢ ᠶᠢᠨ ᠲᠥᠷᠥᠯ ᠵᠣᠶᠢᠯ ᠢ ᠡᠬᠢᠯᠡᠨ ᠬᠡᠷᠡᠭᠵᠢᠭᠦᠯᠪᠡ᠃ ᠨᠡᠭᠡᠭᠡᠯᠲᠡ ᠶᠢᠨ ᠠᠯᠬᠤᠴᠠ ᠦᠷᠭᠦᠯᠵᠢᠯᠡᠨ ᠲᠦᠷᠭᠡᠳᠪᠡ᠃ ︽ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠬᠥᠲᠥᠯᠥᠨ ᠣᠷᠣᠭᠤᠯᠬᠤ︾ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠳᠤ ᠲᠦᠰᠢᠭᠯᠡᠨ᠂ ᠲᠡᠭᠡᠳᠦ ᠲᠡᠰ ᠤᠨ ᠬᠢᠮᠢ ᠶᠢᠨ ᠠᠵᠤ ᠦᠢᠯᠡᠳᠪᠣᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠦᠨᠵᠡᠭᠡᠢ ᠡᠳ᠋ᠰᠢᠭᠦᠯᠬᠦ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠲᠣᠭᠤᠷᠢᠨ ᠳᠤ᠂ ᠪᠦᠬᠦ ᠵᠢᠯ ᠳᠤ ᠭᠠᠳᠠᠭᠰᠢ ᠭᠠᠷᠴᠤ 11 ᠤᠳᠠᠭ᠎ᠠ ᠠᠷᠠᠯᠵᠢᠶᠠᠴᠢᠨ ᠤᠷᠢᠵᠤ᠂ 12 ᠲᠥᠷᠦᠯ ᠵᠦᠢᠯ ᠢ ᠣᠷᠣᠭᠤᠯᠤᠨ ᠠᠪᠴᠢᠷᠠᠵᠦ᠂ ᠶᠡᠷᠦᠩᠬᠡᠢ ᠪᠡᠯᠡ ᠣᠷᠣᠭᠤᠯᠤᠯᠲᠠ 11.9 ᠳ᠋ᠦᠩᠰᠢᠭᠤᠷ ᠲᠥᠭᠦᠷᠢᠭ ᠲᠤ ᠬᠦᠷᠪᠡ᠃ ᠭᠠᠳᠠᠭᠠᠳᠤ ᠠᠷᠠᠯᠵᠢᠶ᠎ᠠ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 144% ᠨᠡᠮᠡᠭᠳᠡᠪᠡ᠃    — ᠪᠠᠲᠤᠯᠠᠭ᠎ᠠ ᠶᠢ ᠴᠢᠩᠭᠠᠳᠬᠠᠵᠤ᠂ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠦᠢᠯᠡᠰ ᠰᠢᠨ᠎ᠡ ᠳᠡᠭᠡᠭᠰᠢᠯᠡᠯᠲᠡ ᠲᠠᠢ ᠪᠣᠯᠪᠠ    ᠡᠳ᠋ ᠤᠨ ᠵᠠᠰᠠᠭ ᠤᠨ ᠵᠠᠷᠤᠯᠭ᠎ᠠ ᠶᠢᠨ ᠠᠷᠪᠠᠨ ᠤ ᠨᠠᠢᠮᠠᠨ ᠬᠤᠪᠢ ᠶᠢ ᠠᠷᠠᠳ ᠤᠨ ᠠᠮᠢᠳᠤᠷᠠᠯ ᠤᠨ ᠦᠢᠯᠡᠰ ᠲᠤ ᠬᠡᠷᠡᠭᠯᠡᠵᠦ᠂ ᠠᠷᠠᠳ ᠤᠨ ᠠᠮᠢᠳᠤᠷᠠᠯ ᠤᠨ 6 ᠵᠦᠢᠯ ᠤᠨ ᠪᠣᠳᠠᠲᠤ ᠶᠠᠪᠤᠳᠠᠯ ᠢ ᠪᠦᠬᠦᠨ‌ᠢ ᠰᠢᠢᠳᠪᠦᠷᠢᠯᠡᠵᠦ ᠳᠠᠭᠤᠰᠬᠠᠪᠠ᠃ ᠨᠡᠶᠢᠭᠡᠮ ᠤᠨ ᠪᠠᠲᠤᠯᠠᠭ᠎ᠠ ᠨᠡᠩ ᠬᠦᠴᠦᠲᠡᠶ ᠪᠣᠯᠪᠠ᠃ 47 ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠲᠥᠪᠬᠢᠨᠡᠭᠦᠯᠵᠦ᠂ ᠬᠤᠲᠠ ᠪᠠᠯᠭᠠᠰᠤᠨ ᠤ 715 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠳᠤ ᠰᠢᠯᠵᠢᠭᠦᠯᠦᠨ ᠠᠵᠢᠯ ᠣᠯᠭᠤᠭᠰᠠᠨ ᠬᠥᠮᠦᠨ 24078 ᠪᠠᠶᠢᠵᠤ᠂ ᠬᠤᠲᠠ ᠪᠡᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢᠨ 4.5% ᠶᠢᠨ ᠳᠣᠲᠣᠷ᠎ᠠ ᠬᠢᠵᠠᠭᠠᠷᠯᠠᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠲᠡᠭᠡᠭᠰᠢᠯᠡᠭᠦᠯᠪᠡ᠃ ᠰᠣᠶᠣᠯ ᠤᠨ ᠦᠢᠯᠡᠰ ᠴᠡᠴᠡᠭᠯᠡᠨ ᠬᠥᠭᠵᠢᠪᠡ᠃ ︽ᠬᠠᠤᠯᠢᠵᠢᠯ ᠤᠨ ᠤᠯᠠᠭᠠᠨᠮᠥ᠋ᠴᠢᠷ︾ ︽ᠮᠥᠩᠭᠦᠨ ᠭᠦᠢᠯᠭᠡᠭᠡᠨ ᠤ ᠤᠯᠠᠭᠠᠨᠮᠥ᠋ᠴᠢᠷ︾ ᠵᠢᠩᠬᠢᠨᠢ ᠪᠠᠷ ᠪᠡᠶᠢᠭᠤᠯᠣᠭᠳᠠᠪᠡ᠃ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠭᠢᠯᠠᠰ ᠴᠡᠭ ᠵᠠᠯᠭᠠᠭ᠎ᠠ ᠪᠠᠷ ᠢᠯᠡᠷᠡᠵᠦ᠂ ᠪᠦᠬᠦ ᠵᠢᠯ ᠳᠤ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 160 ᠭᠠᠷᠤᠶ ᠲᠠᠯᠠᠪᠣᠷ ᠤᠳᠠᠭ᠎ᠠ ᠥᠷᠨᠢᠭᠦᠯᠵᠦ᠂ ︽ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ︾ ᠨᠢ ᠪᠥᠬᠦ ᠤᠯᠤᠰ ᠤᠨ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠵᠠᠭᠤᠨ ᠰᠢᠶᠠᠨ ᠤ ᠬᠤᠯᠪᠣᠭ᠎ᠠ ᠶᠢᠨ ᠨᠡᠷᠡᠰ ᠲᠤ ᠣᠷᠣᠪᠡ᠃ ︽ᠮᠠᠯᠴᠢᠳ ᠤᠨ ᠴᠠᠭᠠᠨ ᠰᠠᠷ᠎ᠠ ᠶᠢᠨ ᠦᠳᠡᠰᠢᠯᠡᠭᠡ︾ ᠶᠢ ᠥᠪᠥᠷ ᠮᠣᠩᠭᠤᠯ ᠤᠨ ᠣᠳᠣᠨ ᠲᠧᠯᠸᠢᠰ ᠢᠶᠠᠷ ᠨᠡᠪᠳᠡᠷᠡᠭᠦᠯᠵᠡᠢ᠃ ᠺᠷᠢᠨ ᠤ ᠡᠷᠲᠡᠨ ᠤ ᠬᠤᠲᠠ ᠶᠢᠨ ᠪᠠᠭᠤᠷᠢ ᠶᠢ ᠬᠠᠮᠠᠭᠠᠯᠠᠬᠤ ᠢᠨᠵᠧᠨᠧᠷᠢᠩ ᠤᠷᠤᠭᠰᠢᠲᠠᠶ ᠳᠠᠭᠤᠰᠪᠠ᠃ ᠮᠣᠩᠭᠤᠯ ᠵᠣᠬᠢᠶᠠᠯ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠷᠦᠩᠬᠡᠢ ᠵᠠᠬᠢᠷᠭ᠎ᠠ ᠳᠤ ᠳᠡᠯᠭᠡᠨ ᠦᠵᠡᠭᠦᠯᠵᠦ᠂ ᠴᠠᠬᠠᠷ ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠰᠤᠷᠭᠠᠨ ᠬᠥᠮᠦᠵᠢᠯ ᠤᠨ ᠦᠢᠯᠡᠰ ᠯᠠᠪᠳᠠᠭᠤᠨ ᠪᠠᠲᠤᠲᠠᠢ ᠠᠬᠢᠪᠠ᠃ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠰᠠᠷ ᠢ ᠠᠰᠢᠭᠯᠠᠯᠲᠠ ᠳᠤ ᠣᠷᠣᠭᠤᠯᠵᠤ᠂ ᠬᠤᠶᠠᠳᠣᠭᠠᠷ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ 10 ᠳᠤ ᠬᠦᠷᠴᠦ᠂ ᠪᠦᠷᠬᠦᠴᠡ ᠶᠢᠨ ᠨᠣᠷᠮ᠎ᠠ ᠨᠢ 93.7% ᠳᠤ ᠬᠦᠷᠴᠡᠶ᠃ ᠣᠶᠤᠨ ᠤᠬᠠᠭᠠᠨ ᠤ ᠰᠤᠷᠭᠠᠨ ᠬᠥᠮᠦᠵᠢᠯ ᠲᠦᠷᠭᠡᠨ ᠬᠥᠭᠵᠢᠵᠦ᠂ ᠳᠥᠷᠪᠡᠨ ᠰᠠᠭᠤᠷᠢ ᠳᠤᠮᠳᠠᠳᠤ ᠪᠠᠭ᠎ᠠ ᠰᠤᠷᠭᠠᠭᠤᠯᠢ ︽ᠬᠦᠰᠡᠯ ᠵᠡᠭᠦᠳᠦ ᠶᠢᠨ ᠲᠥᠪ︾ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠤᠶᠤᠨᠲᠤ ᠬᠢᠴᠢᠶᠡᠯ ᠤᠨ ᠭᠡᠷ ᠢ ᠪᠠᠶᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠢᠴᠢᠶᠡᠯ ᠤᠨ ᠲᠠᠩᠬᠢᠮ ᠢᠵᠢᠯ ᠳᠠᠪᠲᠠᠮᠵᠢᠲᠤ ᠦᠢᠯᠡᠳᠣᠯᠴᠡᠯ ᠢ ᠪᠡᠶᠡᠯᠡᠭᠦᠯᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠳᠤᠮᠳᠠᠴᠢ ᠪᠠᠷ ᠬᠤᠶᠠᠷ ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠪᠡ᠃ ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠤᠯᠪᠣᠭᠠᠲᠤ ᠴᠣᠭᠴᠡ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ ︽ᠡᠭᠦᠯᠡᠨ ᠲᠠᠪᠴᠠᠩ︾ ᠨᠢ ᠪᠦᠬᠦ ᠤᠯᠤᠰ ᠤᠨ ᠡᠯ᠎ᠡ ᠶᠡᠭᠡ ᠡᠮᠨᠡᠯᠭᠡ ᠶᠢᠨ ᠬᠤᠷᠢᠶ᠎ᠠ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠳᠡᠷᠡᠯᠴᠡᠬᠦ ᠶᠢ ᠪᠡᠶᠡᠯᠡᠭᠦᠯᠵᠦ᠂ ᠮᠣᠩᠭᠤᠯ ᠡᠮ ᠡᠮᠨᠡᠯᠭᠡ ᠶᠢᠨ ᠪᠡᠶ᠎ᠡ ᠰᠡᠳᠬᠢᠯ ᠤᠨ ᠬᠠᠷᠢᠯᠴᠠᠨ ᠬᠥᠳᠡᠯᠦᠯᠴᠡᠬᠦ ᠵᠠᠰᠠᠯ ᠤᠨ ᠲᠥᠷᠥᠯ ᠵᠦᠢᠯ ᠨᠢ ᠮᠠᠨ‌‍ᠤ ᠬᠤᠰᠢᠭᠤᠨ ᠳᠤ ᠨᠤᠲᠤᠭᠰᠢᠪᠠ    — ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ    ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠡᠶᠢᠭᠤᠯᠣᠯᠳᠠ ᠶᠢ ᠴᠢᠩᠬᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣ ᠵᠡᠷᠭᠡ ᠨᠠᠮ ᠤᠨ ᠳᠣᠲᠣᠭᠠᠳᠤ ᠶᠢᠨ ᠡᠯ᠎ᠡ ᠵᠣᠶᠢᠯ ᠤᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠠᠶ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠤᠯᠠᠮ ᠨᠢᠭᠡ ᠠᠯᠬᠤᠮ ᠴᠢᠩᠭᠠᠷᠠᠪᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ︽ᠦᠨᠳᠦᠰᠦᠨ ᠱᠠᠲᠤᠨ ᠤ ᠳᠠᠷᠤᠭᠠᠰᠤ ᠬᠥᠩᠭᠡᠷᠡᠭᠦᠯᠬᠦ ᠣᠨ︾ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠡᠶᠢᠳᠠᠪᠣᠷᠢᠵᠢᠭᠤᠯᠬᠤ᠂ 35.8% ᠶᠢ ᠴᠣᠮᠬᠠᠳᠬᠠᠵᠤ᠂ 30.5% ᠶᠢᠨ ᠪᠢᠴᠢᠭ ᠮᠠᠲ᠋ᠧᠷᠢᠶᠠᠯ ᠲᠠᠷᠬᠠᠭᠠᠬᠤ ᠶᠢ ᠪᠠᠭᠠᠰᠬᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 73 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 93 ᠬᠤᠪᠢ ᠰᠢᠢᠳᠪᠣᠷᠢᠯᠡᠪᠡ᠃ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠵᠦ᠂ 3 ᠬᠠᠷᠭᠢᠰ ᠬᠦᠴᠦᠨ ᠳᠤ ᠬᠤᠯᠪᠣᠭᠳᠠᠭᠰᠠᠨ ᠵᠣᠬᠢᠶᠠᠨ ᠪᠠᠶᠢᠭᠤᠯᠤᠯᠲᠠ ᠶᠢ ᠰᠦᠢᠷᠡᠭᠦᠯᠵᠦ᠂ 14 ᠬᠥᠮᠦᠨ ᠢ ᠵᠠᠯᠬᠠᠭᠠᠨ ᠰᠢᠢᠳᠭᠡᠪᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠢᠳᠡᠪᠬᠢᠲᠡᠶ ᠠᠷᠭᠠᠴᠠᠵᠤ᠂ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠨ᠎ᠠ᠃ ᠠᠶᠤᠯᠭᠦᠶ ᠦᠢᠯᠡᠳᠪᠣᠶᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠪᠠᠶᠢᠳᠠᠯ ᠲᠣᠭᠳᠠᠭᠤᠨ ᠪᠠᠶᠢᠳᠠᠯ ᠢᠶᠠᠨ ᠪᠠᠲᠤᠯᠠᠪᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 1᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠨᠢᠭᠡᠴᠡ 4᠂ ᠰᠤᠷᠭᠠᠨ ᠬᠥᠮᠦᠵᠢᠯ ᠤᠨ ᠰᠠᠭᠤᠷᠢᠨ ᠭᠠᠵᠠᠷ 1 ᠪᠣᠶ᠃ ᠲᠤᠭ᠎ᠠ ᠪᠦᠷᠢᠳᠬᠡᠯ᠂ ᠬᠢᠨᠠᠨ ᠪᠣᠳᠣᠬᠤ᠂ ᠠᠮᠤ ᠪᠤᠳᠠᠭ᠎ᠠ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠵᠡᠷᠭᠡ ᠠᠵᠢᠯ ᠤᠯᠠᠮ ᠨᠢᠭᠡ ᠠᠯᠬᠤᠮ ᠴᠢᠩᠭᠠᠷᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠣᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠢᠳᠡᠪᠬᠢᠲᠡᠢ ᠣᠷᠣᠯᠴᠠᠨ᠎ᠠ᠃    ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠲᠡᠪᠰᠢᠭ᠌ᠰᠡᠨ ᠨᠢᠭᠡ ᠵᠢᠯ ᠮᠥᠨ᠃ ᠡᠨᠡ ᠨᠢᠭᠡ ᠵᠢᠯ ᠳᠤ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠵᠤ᠂ ᠠᠵᠤ ᠠᠬᠤᠶ ᠨᠡᠶᠢᠭᠡᠮ ᠤᠨ ᠡᠯ᠎ᠡ ᠵᠣᠶᠢᠯ ᠤᠨ ᠠᠵᠢᠯ ᠦᠢᠯᠡᠰ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠣᠷᠢᠳᠦ ᠢᠯᠠᠯᠲᠠ ᠶᠢ ᠤᠯᠬᠤ ᠠᠶᠠᠨ ᠵᠠᠮ ᠳᠤ ᠪᠠᠲᠤ ᠪᠠᠬᠢ ᠠᠯᠬᠤᠮ ᠢ ᠠᠯᠬᠤᠪᠠ᠃ ᠡᠨᠡ ᠨᠢᠭᠡ ᠵᠢᠯ ᠳᠤ᠂ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠠᠯᠠᠨ ᠵᠢᠯ ᠤᠨ ᠭᠡᠷᠡᠯ ᠰᠠᠴᠤᠷᠠᠩᠭᠤᠶ ᠬᠥᠭᠵᠢᠯᠲᠡ ᠶᠢᠨ ᠥᠩᠭᠡᠷᠡᠯᠲᠡ ᠶᠢ ᠬᠠᠮᠲᠤ ᠪᠠᠷ ᠡᠷᠭᠢᠴᠡᠭᠦᠯᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠰᠡᠷᠭᠦᠨ ᠮᠠᠨᠳᠤᠯᠲᠠ ᠶᠢᠨ ᠵᠠᠮ  ᠢ ᠭᠠᠷ ᠬᠤᠯᠪᠣᠨ ᠪᠠᠷᠠᠯᠠᠵᠤ᠂ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠬᠤ᠂ ᠠᠵᠢᠯ ᠬᠢᠵᠦ ᠦᠢᠯᠡᠰ ᠪᠤᠰᠬᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃ ᠡᠨᠡ ᠨᠢᠭᠡ ᠵᠢᠯ ᠳᠤ᠂ ᠪᠢᠳᠡ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠣᠪᠳᠦ ᠬᠥᠮᠦᠵᠢᠯ‌ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠨᠳᠤᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠨᠢᠭᠡ ᠪᠦᠯᠦᠭ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠵᠣᠪᠠᠨᠢᠯ᠂ ᠵᠣᠪᠠᠨᠢᠯ ᠶᠠᠪᠤᠳᠠᠯ ᠢ ᠰᠢᠢᠳᠪᠣᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠦᠷᠣᠭ᠍ᠳᠡᠯ ᠤᠯᠠᠮ ᠨᠢᠭᠡ ᠠᠯᠬᠤᠮ ᠳᠡᠭᠡᠭᠰᠢᠯᠡᠪᠡ᠃ ᠣᠯᠤᠭᠰᠠᠨ ᠠᠮᠵᠢᠯᠲᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠶᠠᠯᠠᠯ ᠤᠨ ᠴᠢᠭᠯᠡᠯ᠂ ᠠᠭᠤᠤ ᠶᠡᠭᠡ ᠦᠢᠯᠡᠳᠣᠯᠭᠡ‌‍ᠶᠢᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠪᠣᠯᠤᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠢᠭᠡᠮ‌‍ᠤᠨ ᠡᠯ᠎ᠡ ᠡᠳᠡᠭᠡᠳ ᠤᠨ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠢ ᠪᠤᠢ ᠪᠦᠬᠦᠢ ᠨᠥᠬᠦᠳ᠂ ᠨᠠᠶᠢᠵᠠ ᠨᠠᠷ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕   ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠵᠠᠰᠠᠭ ᠤᠨ ᠣᠷᠳᠣᠨ ᠤ ᠠᠵᠢᠯ ᠳᠤ ᠪᠠᠰᠠ ᠡᠳᠦᠶ ᠲᠡᠳᠦᠶ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠵᠠᠶ᠃ ᠡᠭᠦᠨ ᠳᠤ ᠭᠤᠤᠯᠳᠠᠭᠤ᠄ ᠨᠢᠭᠡ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠶᠡᠭᠡ ᠪᠠᠶᠢᠵᠤ᠂ ᠠᠷᠠᠳ ᠤᠨ ᠠᠮᠢᠳᠤᠷᠠᠯ ᠢ ᠪᠠᠲᠤᠯᠠᠵᠤ ᠠᠵᠢᠯᠯᠠᠭᠠᠨ ᠢ ᠪᠠᠲᠤᠯᠠᠬᠤ ᠳᠤ ᠪᠠᠴᠢᠮ ᠪᠡᠶᠢᠳᠠᠭ᠃ ᠬᠡᠷᠡᠭᠯᠡᠵᠦ ᠪᠣᠯᠬᠤ ᠥᠷᠢ ᠥᠭᠴᠡᠭᠡ ᠶᠢ ᠠᠷᠢᠯᠭᠠᠬᠤ ᠪᠡᠯᠡ ᠮᠥᠩᠭᠦ ᠶᠢᠨ ᠡᠬᠢ ᠪᠠᠶᠠᠯᠢᠭ ᠳᠤᠲᠠᠮᠠᠭ ᠪᠠᠶᠢᠵᠤ᠂ ᠥᠷᠢ ᠥᠭᠴᠡᠭᠡ ᠶᠢ ᠠᠷᠢᠯᠭᠠᠬᠤ ᠶᠠᠪᠤᠳᠠᠯ ᠲᠦᠢᠯ ᠤᠨ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠤᠶᠠᠷ ᠲᠤ ᠠᠵᠤ ᠦᠢᠯᠡᠰ ᠤᠨ ᠬᠥᠭᠵᠢᠯᠲᠡ ᠭᠦᠢᠴᠡᠳ ᠪᠤᠰᠤ᠂ ᠴᠢᠬᠤᠯᠠ ᠶᠡᠭᠡ ᠵᠣᠶᠢᠯᠡᠰ ᠤᠨ ᠨᠥᠭᠡᠴᠡ ᠭᠦᠢᠴᠡᠳ ᠪᠤᠰᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠪᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠵᠣᠬᠢᠬᠤ ᠬᠡᠮᠵᠢᠶᠡᠨ ᠤ ᠲᠣᠳᠠᠭᠳᠡᠯ ᠣᠷᠣᠰᠢᠵᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠪᠠᠰᠠ ᠲᠡᠭᠦᠯᠳᠡᠷᠵᠢᠭᠡᠳᠦᠶ ᠪᠠᠶᠢᠵᠤ᠂ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃ ᠡᠳᠡᠭᠡᠷ ᠠᠰᠠᠭᠤᠳᠠᠯ ᠳᠤ ᠪᠢᠳᠡ ᠡᠷᠬᠡᠪᠰᠢ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ  ᠰᠢᠢᠳᠪᠣᠷᠢᠯᠡᠬᠦ ᠬᠡᠷᠡᠭᠲᠡᠶ᠃    ᠲᠥᠯᠥᠭᠡᠯᠡᠭᠴᠢᠳ ᠡ᠂ 2020 ᠣᠨ ᠠᠴᠠ ᠡᠬᠢᠯᠡᠨ᠂ ᠭᠡᠨᠡᠳᠲᠡ ᠡᠭᠦᠰᠦᠭᠰᠡᠨ ᠨᠢᠭᠡ ᠤᠳᠠᠭᠠᠨ ᠤ ᠬᠢᠵᠢᠭ ᠤᠨ ᠪᠠᠶᠢᠳᠠᠯ ᠪᠦᠬᠦ ᠤᠯᠤᠰ ᠲᠤ ᠬᠠᠯᠳᠠᠨ ᠣᠷᠣᠪᠠ᠃ ᠡᠨᠡ ᠤᠳᠠᠭᠠᠨ ᠤ ᠳᠠᠷᠢ ᠶᠢᠨ ᠤᠲᠤᠭ᠎ᠠ ᠦᠭᠡᠢ ᠲᠡᠶᠢᠨ ᠤ ᠳᠤᠮᠳᠠ᠂ ᠪᠦᠬᠦ ᠬᠤᠰᠢᠭᠤᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠶᠡᠭᠡ ᠪᠠᠶᠢᠳᠠᠯ ᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠬᠤ ᠪᠤᠶᠤ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠵᠤ᠂ ᠡᠰᠡᠬᠦᠯ᠎ᠡ ᠰᠠᠨᠠᠭᠠᠴᠢᠯᠠᠭ᠎ᠠ ᠠᠴᠠ ᠪᠠᠨ ᠭᠡᠷ ᠲᠡᠭᠡᠨ ᠲᠤᠰᠠᠭᠠᠷᠯᠠᠵᠤ᠂ ᠢᠯᠠᠩᠭᠤᠶ᠎ᠠ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠰᠠᠶᠢᠨ ᠳᠤᠷᠠᠴᠤᠳ ᠠᠶᠤᠯ ᠲᠦᠭᠰᠢᠭᠦᠷᠢ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠪᠦᠬᠦ ᠬᠤᠰᠢᠭᠤᠨ ᠤ ᠠᠷᠠᠳ ᠲᠦᠮᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠣᠳ ᠲᠡᠮᠦᠷ ᠤᠷᠲᠤ ᠴᠠᠭᠠᠨ ᠬᠡᠷᠡᠮ ᠪᠠᠶᠢᠭᠤᠯᠵᠤ ᠥᠭᠪᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠰᠠᠨᠠᠭᠠᠴᠢᠯᠠᠭ᠎ᠠ ᠠᠴᠠ ᠪᠠᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠲᠦᠮᠡᠨ ᠤ ᠪᠣᠷᠣᠭᠵᠢᠭᠤᠨ᠂ ᠬᠠᠷᠠᠮ ᠦᠭᠡᠢ ᠵᠣᠷᠢᠭᠤᠯᠬᠤ ᠡᠷᠬᠢᠮ ᠳᠡᠭᠡᠳᠦ ᠵᠣᠷᠢᠭ ᠰᠠᠨᠠᠭ᠎ᠠ ᠶᠢ ᠢᠯᠡᠷᠡᠭᠦᠯᠵᠡᠶ᠃ ᠣᠳᠣᠬᠠᠨ ᠳᠤ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢᠭᠡᠨᠲᠡ ᠬᠡᠪᠰᠢᠭᠰᠡᠨ ᠰᠡᠷᠭᠡᠶᠢᠯᠡᠨ ᠡᠵᠡᠮᠳᠡᠬᠦ ᠱᠠᠲᠤᠨ ᠳᠤ ᠣᠷᠣᠵᠤ᠂ ᠤᠤᠯ ᠤᠨ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠠᠵᠤ ᠠᠬᠤᠶ ᠶᠢᠨ ᠪᠠᠶᠢᠳᠠᠯ ᠳᠤ ᠨᠠᠩ ᠣᠯᠠᠨ ᠲᠣᠭᠲᠠᠪᠤᠷᠢ ᠥᠬᠡᠶ ᠬᠦᠴᠦᠨ ᠵᠣᠶᠢᠯ ᠠᠪᠴᠢᠷᠠᠭᠰᠠᠨ ᠪᠠᠶᠢᠨ᠎ᠠ᠃ ᠭᠡᠪᠡᠴᠦ ᠪᠢᠳᠡ ᠢᠲᠡᠭᠡᠵᠦ ᠪᠠᠶᠢᠨ᠎ᠠ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷᠴᠢᠨ ᠳᠠᠭᠠᠭᠤᠯᠤᠨ᠂ ᠡᠯ᠎ᠡ ᠱᠠᠳᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠬ᠎ᠠ ᠤᠳᠤᠷᠢᠳᠤᠯᠭ᠎ᠠ ᠪᠤᠶ᠃ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠵᠣᠷᠢᠭ ᠨᠢᠭᠡᠳᠴᠦ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠡᠯᠳᠠ ᠶᠢ ᠲᠡᠮᠡᠴᠡᠨ ᠣᠯᠬᠤ ᠢᠲᠡᠭᠡᠯ ᠲᠠᠢ ᠪᠠᠶᠢᠨ᠎ᠠ᠃    ᠬᠤᠶᠠᠷ᠂ 2020  ᠣᠨ ᠤ ᠠᠵᠢᠯ ᠤᠨ ᠲᠣᠬᠢᠷᠠᠭᠤᠯᠤᠯᠲᠠ    2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠢᠯ ᠮᠥᠨ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠬᠤᠷ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠰᠢᠢᠳᠪᠦᠷᠢᠲᠦ ᠢᠯᠠᠯᠲᠠ ᠶᠢ ᠤᠯᠬᠤ ᠬᠤᠭᠤᠴᠠᠭ᠎ᠠ ᠪᠣᠯᠬᠤ ᠮᠥᠷᠲᠡᠭᠡᠨ ᠪᠠᠰᠠ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ᠂ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠡᠦᠬᠡᠲᠦ ᠡᠭᠦᠷᠭᠡ ᠶᠢ ᠳᠠᠭᠠᠭᠠᠵᠤ᠂ ᠪᠢᠳᠡ ︽ᠭᠤᠷᠪᠠᠨ ᠬᠤᠭᠤᠴᠠᠭ᠎ᠠ ᠳᠠᠪᠬᠤᠴᠠᠬᠤ︾ ᠶᠢᠨ ᠦᠷᠭᠦᠯᠵᠢᠯᠡᠭᠰᠡᠨ ᠨᠥᠯᠥᠭᠡ ᠶᠢ ᠭᠦᠨᠵᠡᠭᠡᠶ ᠣᠶᠢᠯᠠᠭᠠᠵᠤ᠂ ᠭᠠᠳᠠᠭᠠᠳᠤ ᠨᠥᠬᠦᠴᠡᠯ ᠪᠠ ᠲᠣᠰ ᠪᠡᠶ᠎ᠡ ᠶᠢᠨ ᠬᠥᠭᠵᠢᠯᠲᠡ ᠶᠢᠨ ᠳᠤᠮᠳᠠᠬᠢ ᠰᠠᠶᠢᠨ ᠬᠤᠪᠢᠷᠠᠯᠲᠠ ᠳᠤ ᠬᠤᠪᠢᠰᠤᠩᠭᠤᠶ ᠪᠠᠷ ᠬᠠᠨᠳᠤᠬᠤ ᠬᠡᠷᠡᠭᠲᠡᠶ᠃ ᠠᠵᠠ ᠲᠣᠬᠢᠶᠠᠯ ᠢ ᠠᠳᠬᠤᠨ ᠪᠠᠶᠢᠳᠠᠯ ᠢ ᠲᠠᠭᠠᠨ ᠠᠵᠢᠯᠯᠠᠵᠤ᠂ ᠪᠣᠳᠠᠲᠠᠶ ᠶᠢ ᠡᠷᠬᠢᠮᠯᠡᠨ ᠤᠷᠤᠭᠰᠢᠯᠠᠨ ᠳᠠᠪᠰᠢᠬᠤ ᠲᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠢ ᠣᠶᠤᠨ ᠴᠢᠳᠠᠯ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠠᠶᠠᠨ ᠳᠤ ᠨᠠᠩ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃    2020 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠡᠶᠢᠳᠠᠪᠣᠷᠢᠵᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠶᠢᠨ ᠲᠣᠭᠤᠷᠢᠨ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠦᠨᠳᠦᠰᠦᠨ ᠬᠥᠭ ᠠᠶᠠᠰ ᠪᠣᠯᠤᠨ ᠰᠢᠨ᠎ᠡ ᠬᠦᠭᠵᠢᠯᠳᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠨ ᠠᠬᠢᠭᠤᠯᠵᠤ᠂ ᠠᠷᠠᠳ ᠤᠨ ᠦᠨᠳᠦᠰᠦᠨ ᠠᠮᠢᠳᠣᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤᠯᠠᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠦᠲᠦᠮᠵᠢᠲᠡᠶ ᠠᠷᠭᠠᠴᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠶ ᠲᠦᠯᠣᠪᠯᠡᠨ ᠠᠬᠢᠭᠤᠯᠵᠠᠶ᠃ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠮᠠᠨ ᠤ ᠬᠤᠰᠢᠭᠤ ᠬᠢᠭᠡᠳ ᠪᠦᠬᠦ ᠤᠯᠤᠰ᠂  ᠪᠦᠬᠦ ᠬᠤᠲᠠ ᠶᠢᠨ ᠬᠠᠮᠲᠤᠪᠠᠷ ᠴᠢᠨᠡᠭᠡᠯᠢᠭ ᠨᠡᠶᠢᠭᠡᠮ ᠳᠤ ᠣᠷᠣᠬᠤ ᠶᠢ ᠪᠠᠳᠣᠯᠠᠨ᠎ᠠ᠃    2020 ᠣᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠡᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠣᠷᠢ ᠶᠢᠨ ᠨᠡᠮᠡᠭᠳᠡᠯ ᠥᠷᠲᠡᠭ 16% ᠪᠠᠷ ᠨᠡᠮᠡᠭᠳᠡᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 3 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 6 % ᠪᠠ 8 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠣᠯᠤᠨ ᠨᠡᠮᠡᠭᠳᠡᠯ‌‍ᠤᠨ ᠬᠡᠮᠵᠢᠶ᠎ᠡ ᠰᠠᠶᠢᠨ ᠪᠠᠶᠢᠳᠠᠯ ᠢ ᠦᠷᠭᠦᠯᠵᠢᠯᠡᠭᠦᠯᠵᠦ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠯ᠂ ᠭᠤᠤᠯ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ᠂ ᠠᠶᠤᠯ ᠦᠭᠡᠶ ᠦᠢᠯᠡᠳᠪᠣᠷᠢᠯᠡᠯ ᠵᠡᠷᠭᠡ ᠶᠢ ᠳᠡᠭᠡᠳᠦ ᠱᠠᠲᠤᠨ ᠤ ᠪᠠᠭᠤᠯᠭᠠᠭᠰᠠᠨ ᠭᠦᠢᠴᠡᠳᠭᠡᠬᠦ ᠲᠤᠭ᠎ᠠ ᠶᠢᠨ ᠬᠡᠪᠴᠢᠶᠡᠨ ᠳᠣᠲᠣᠷ᠎ᠠ ᠬᠢᠵᠠᠭᠠᠷᠯᠠᠳᠠᠭ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠬᠠᠷᠠᠯᠲᠠ ᠪᠠᠨ ᠪᠡᠶᠡᠯᠡᠭᠦᠯᠪᠡ᠃   ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠵᠢᠱᠢᠭᠰᠡᠨ ᠬᠠᠷᠠᠯᠲᠠ ᠶᠢ ᠰᠠᠶᠢᠲᠤᠷ ᠨᠡᠶᠢᠳᠠᠪᠣᠷᠢᠵᠢᠭᠤᠯᠬᠤ ᠳᠤ ᠡᠷᠬᠡᠪᠰᠢ ᠬᠠᠨᠳᠤᠰᠢ ᠶᠢ ᠨᠢ ᠦᠵᠡᠵᠦ᠂ ᠶᠡᠭᠡ ᠬᠠᠨᠳᠤᠰᠢ ᠶᠢ ᠨᠢ ᠲᠣᠳᠣᠷᠬᠠᠶᠢᠯᠠᠬᠤ ᠬᠡᠷᠡᠭᠲᠡᠶ᠃ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠦᠰᠦᠭ ᠣᠷᠣᠭᠤᠯᠬᠤ ᠶᠢ ᠲᠡᠷᠢᠭᠦᠨ ᠳᠤ ᠲᠠᠯᠪᠢᠬᠤ︾ ᠠᠵᠢᠯ ᠶᠠᠪᠤᠳᠠᠯ ᠢ ᠪᠣᠳᠣᠯᠬᠢᠯᠠᠬᠤ ᠵᠠᠮ ᠢ ᠪᠠᠷᠢᠮᠲᠠᠯᠠᠵᠤ᠂ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠪᠤᠰᠤᠳᠴᠢ ᠪᠠᠷ ᠵᠠᠳᠠᠯᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠠᠷᠭᠠᠴᠠᠬᠤ ᠠᠷᠭ᠎ᠠ ᠬᠡᠮᠵᠢᠶ᠎ᠡ ᠪᠠᠨ ᠢᠳᠡᠪᠬᠢᠲᠡᠶ ᠪᠠᠷ ᠲᠦᠯᠣᠪᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢᠶᠠᠨ ᠬᠥᠪᠴᠢᠯᠡᠨ᠎ᠡ᠃ ᠬᠤᠷᠢᠭ᠎ᠠ ᠱᠤᠭᠤᠮ ᠤᠨ ᠰᠡᠳᠬᠢᠬᠦᠶ ᠪᠠ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠦ᠂ ᠲᠥᠷᠥᠯ ᠵᠦᠢᠯ ᠤᠨ ᠪᠡᠯᠡ ᠮᠥᠩᠭᠦ ᠣᠯᠬᠤ ᠬᠦᠴᠦᠯᠡᠴᠡ ᠪᠠᠨ ᠨᠡᠮᠡᠭᠳᠡᠭᠦᠯᠵᠦ᠂ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠨ᠎ᠠ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ︾ ᠬᠥᠭᠵᠢᠯᠲᠡ ᠶᠢᠨ ᠵᠠᠮ ᠢ ᠪᠠᠷᠢᠮᠳᠠᠯᠠᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ‌‍ᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠲᠤᠬᠠᠶ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠭ᠎ᠠ ᠵᠠᠮ ᠳᠤ ᠲᠦᠰᠢᠭᠯᠡᠬᠦ᠂ ᠡᠬᠢ ᠪᠠᠶᠠᠯᠢᠭ ᠲᠤ ᠲᠦᠰᠢᠭᠯᠡᠬᠦ ᠠᠴᠠ ᠮᠤᠯᠲᠤᠷᠠᠵᠤ᠂ ᠬᠢᠲᠤᠭᠠᠨ ᠢᠷ ᠢ ᠳᠣᠲᠣᠭᠰᠢ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠠᠵᠤ ᠠᠬᠤᠶ ᠶᠢᠨ ᠬᠦᠭᠵᠢᠯᠳᠡ ᠳᠠᠬᠢ ᠠᠵᠤ ᠦᠢᠯᠡᠰ ᠤᠨ ᠪᠦᠲᠦᠴᠡ ᠰᠢᠯᠢᠳᠡᠭᠵᠢᠭᠡᠳᠦᠶ᠂ ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠬᠥᠭᠵᠢᠯᠲᠡ ᠶᠢᠨ ᠠᠷᠭ᠎ᠠ ᠮᠠᠶ᠋ᠢᠭ ᠪᠦᠳᠦᠭᠦᠯᠢᠭ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠣᠷᠢᠯᠡᠨ᠎ᠡ᠃ ︽ᠦᠨᠡᠨ ᠠᠴᠠ ᠵᠥᠪ ᠢ ᠡᠷᠢᠬᠦ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ︾ ᠠᠵᠢᠯ ᠬᠢᠬᠦ ᠵᠠᠮ ᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠶᠠᠭᠠᠬᠢᠭᠰᠠᠨ ᠴᠤ ᠶᠡᠭᠡ ᠳᠤ ᠳᠤᠷᠠᠯᠠᠵᠤ ᠬᠠᠷᠢ ᠶᠢᠨ ᠬᠢ ᠶᠢ ᠬᠥᠭᠡᠭᠡᠴᠡᠯᠳᠦᠬᠦ ᠦᠭᠡᠢ᠂ ᠰᠣᠬᠤᠷ ᠪᠠᠯᠠᠶ ᠪᠠᠷ ᠲᠦᠷᠣᠯ ᠵᠣᠶᠢᠯ ᠢ ᠪᠠᠶᠢᠭᠤᠯᠵᠤ᠂ ᠯᠠᠷᠵᠢᠶ᠎ᠠ ᠲᠠᠲᠠᠬᠤ ᠦᠭᠡᠢ᠂ ᠬᠤᠰᠢᠭᠤᠨ ᠤ ᠪᠠᠶᠢᠳᠡᠯ ᠤᠨ ᠪᠣᠳᠠᠲᠤ ᠪᠠᠶᠢᠳᠡᠯ ᠪᠠ ᠬᠥᠭᠵᠢᠯᠲᠡ ᠶᠢᠨ ᠣᠳᠣᠬᠢ ᠪᠡᠶᠢᠳᠡᠯ ᠢ ᠭᠦᠢᠴᠡᠳ ᠪᠣᠳᠣᠯᠬᠢᠯᠠᠨ ᠨᠡᠶᠢᠳᠠᠪᠣᠷᠢᠵᠢᠭᠤᠯᠣᠯᠳᠠ ᠶᠢ ᠠᠳᠬᠤᠵᠤ᠂ ᠵᠠᠯᠭᠠᠮᠵᠢ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠣᠯᠤᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠣᠷᠢᠯᠡᠬᠦ ᠲᠠᠶᠢᠨ ᠢ ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠴᠢᠬᠤᠯᠠ ᠶᠡᠭᠡ ᠪᠣᠭᠤᠮᠲᠠ ᠶᠢ ᠳᠠᠪᠠᠪᠠ    ᠲᠥᠯᠥᠭᠡᠯᠡᠭᠴᠢᠳ ᠡ︕ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠴᠢᠳᠠᠬᠤ ᠡᠰᠡᠬᠦ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠳᠤ ᠬᠤᠯᠪᠣᠭᠳᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠬᠢᠴᠠ ᠪᠣᠯᠤᠨ ᠦᠷ᠎ᠡ ᠪᠦᠲᠦᠮᠵᠢ ᠲᠠᠢ ᠬᠤᠯᠪᠣᠭᠳᠠᠨ᠎ᠠ᠃ ᠨᠢᠭᠡ ᠯᠡ ᠠᠮᠢᠰᠬᠤᠭ᠎ᠠ ᠪᠠᠷ ᠡᠷᠡᠰ ᠢᠯᠠᠵᠤ ᠰᠠᠶᠢᠲᠤᠷ ᠬᠢᠬᠦ ᠬᠡᠷᠡᠭᠲᠡᠢ᠃     — — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠣᠷᠢᠯᠡᠬᠦ ᠰᠢᠢᠳᠪᠣᠷᠢᠳᠦ ᠢᠯᠠᠯᠲᠠ ᠶᠢ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠭᠦᠢᠴᠡᠳᠬᠡᠯ ᠲᠤᠭ᠎ᠠ ᠪᠠ ᠬᠤᠷᠢᠭ᠎ᠠ ᠱᠤᠭᠤᠮ ᠤᠨ ᠡᠭᠦᠷᠭᠡ ᠶᠢ ᠴᠢᠩᠭ᠎ᠠ ᠠᠩᠬᠠᠷᠴᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠭᠤᠮᠲᠠ ᠰᠢᠪᠳᠣᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠴᠢᠨᠠᠷ ᠰᠠᠶᠢᠲᠠᠶ ᠦᠷ᠎ᠡ ᠪᠦᠲᠦᠭᠡᠯ ᠢᠶᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠡᠶᠢᠴᠠᠭᠠᠯᠳᠠ ᠶᠢ ᠤᠭᠲᠤᠨ᠎ᠠ᠃    ᠪᠦᠬᠦ ᠬᠦᠴᠦᠨ ᠢᠶᠠᠷ ᠢᠶᠠᠨ ᠶᠠᠳᠠᠭᠤ ᠠᠴᠠ ᠠᠩᠭᠢᠵᠢᠷᠠᠭᠤᠯᠪᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢᠨ ᠲᠣᠭᠤᠷᠢᠨ ᠳᠤ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠣᠷᠣᠭᠤᠯᠣᠯᠳᠠ ᠶᠢᠨ ᠡᠷᠴᠢᠮ ᠨᠢ ᠪᠠᠭᠤᠷᠠᠬᠤ ᠦᠭᠡᠶ ᠪᠠᠶᠢᠬᠤ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠪᠬᠤᠷ ᠲᠡᠳᠬᠦᠬᠦ ᠶᠢ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠳᠤ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠨᠠᠩ ᠲᠣᠪᠣᠶᠢᠮ᠎ᠡ ᠪᠠᠶᠢᠷᠢᠨ ᠳᠤ ᠲᠠᠯᠪᠢᠵᠤ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ + ᠲᠦᠷ ᠴᠠᠭ ᠠᠪᠤᠷᠠᠨ ᠲᠤᠰᠠᠯᠠᠬᠤ + ᠦᠨᠳᠦᠰᠦᠨ ᠵᠣᠶᠢᠯ ᠢ ᠪᠠᠲᠤᠯᠠᠬᠤ ᠪᠠᠲᠤᠯᠠᠭ᠎ᠠ︾ ᠶᠢᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠢ ᠰᠡᠷᠭᠡᠶᠢᠯᠡᠬᠦ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠢ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠲᠠᠬᠢᠨ ᠶᠠᠳᠠᠭᠤᠷᠠᠬᠤ᠂ ᠵᠠᠬ᠎ᠠ ᠬᠢᠵᠠᠭᠠᠷ ᠣᠷᠣᠨ ᠤ ᠬᠥᠮᠦᠨ ᠠᠮᠡ ᠶᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃    ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ︽ᠳᠥᠷᠪᠡ ᠶᠢ ᠦᠯᠦ ᠠᠪᠬᠤ︾ ᠱᠠᠭᠠᠷᠳᠠᠯᠭ᠎ᠠ ᠶᠢ ᠴᠢᠩᠭ᠎ᠠ ᠨᠡᠶᠢᠳᠠᠪᠣᠷᠢᠵᠢᠬᠤᠯᠬᠤ᠂ ᠫᠠᠢ ᠶᠢᠨ ᠲᠥᠪ ᠢ ᠬᠤᠪᠢᠷᠠᠭᠤᠯᠬᠤ ᠦᠭᠡᠢ᠂ ᠰᠤᠪᠠᠭ ᠢ ᠰᠣᠯᠢᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠳᠣᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠶᠢᠨ ᠲᠣᠭᠤᠷᠢᠨ ᠳᠤ᠂ ᠰᠡᠳᠬᠢᠴᠡ ᠠᠷᠭ᠎ᠠ ᠬᠡᠮᠵᠢᠶ᠎ᠡ ᠶᠢ ᠦᠷᠭᠡᠳᠭᠡᠵᠦ᠂ ᠬᠤᠰᠢᠭᠤᠨ ᠤ ᠪᠣᠳᠠᠲᠤ ᠪᠠᠶᠢᠳᠠᠯ ᠳᠤ ᠨᠠᠩ ᠨᠡᠶᠢᠴᠡᠭᠰᠡᠨ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠵᠠᠭᠪᠤᠷ ᠢ ᠬᠠᠶᠢᠨ ᠰᠦᠪᠡᠭᠴᠢᠯᠡᠨ᠎ᠡ᠃ ᠠᠯᠠᠰᠢᠨ ᠦᠬᠡᠷ ︵ᠰᠠᠭᠠᠯᠢ ᠶᠢᠨ ᠦᠨᠢᠶ᠎ᠡ︶ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ︽ᠦᠬᠡᠷ ᠪᠠᠩᠬᠢ︾ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠰᠢᠨ᠎ᠡ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠬᠢᠭᠡᠳ ᠶᠠᠳᠠᠭᠤ ᠶᠢ ᠲᠡᠳᠬᠦᠬᠦ ᠠᠵᠤ ᠦᠢᠯᠡᠰ ᠤᠨ ᠠᠰᠢᠭ ᠲᠤᠰᠠ ᠶᠢᠨ ᠬᠤᠯᠪᠣᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠪᠠᠶᠠᠨᠴᠠᠭᠠᠨ ᠪᠠᠯᠭᠠᠰᠤ᠂ ᠲᠡᠮᠣᠷᠳᠡᠢ ᠪᠠᠯᠭᠠᠰᠤᠨ ᠤ ᠶᠡᠷᠦᠩᠬᠡᠶᠢᠯᠡᠭᠰᠡᠨ ᠶᠠᠳᠠᠭᠤ ᠶᠢ ᠲᠡᠳᠬᠦᠬᠦ ᠦᠢᠯᠡᠳᠪᠣᠷᠢ ᠶᠢᠨ ᠲᠠᠰᠤᠭ᠂ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠣᠶᠢᠯ ᠢ ᠠᠬᠢᠭᠤᠯᠵᠤ᠂ ᠣᠨᠳᠣᠤ ᠭᠠᠵᠠᠷ ᠲᠤ ᠨᠡᠭᠦᠨ ᠰᠢᠯᠵᠢᠭᠰᠡᠨ ᠣᠯᠠᠨ ᠲᠦᠮᠡᠨ ᠤ ᠵᠠᠯᠭᠠᠮᠵᠢ ᠬᠥᠭᠵᠢᠯᠲᠡ ᠶᠢᠨ ᠠᠰᠠᠭᠤᠳᠠᠯ ᠢ ᠰᠠᠶᠢᠲᠤᠷ ᠰᠢᠢᠳᠪᠣᠷᠢᠯᠡᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠵᠦ᠂ 80% ᠠᠴᠠ ᠳᠡᠭᠡᠭᠰᠢᠬᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ 10 ᠲᠦᠮᠡᠨ ᠲᠥᠭᠦᠷᠢᠭ ᠢ ᠳᠠᠪᠠᠭ᠋ᠤ ᠶᠢ ᠦᠨᠡᠨᠬᠦ ᠪᠠᠲᠤᠯᠠᠨ᠎ᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ᠶᠠᠳᠠᠭᠤ ᠶᠢ ᠲᠡᠳᠬᠦᠬᠦ ᠶᠢ ᠶᠡᠬᠡᠪᠡᠷ ᠲᠡᠯᠭᠡᠷᠡᠭᠦᠯᠵᠦ᠂ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢ ᠴᠢᠩᠭᠠᠳᠬᠠᠵᠦ᠂ ︽ᠰᠢᠶᠠᠩ ᠪᠠᠯᠭᠠᠰᠤ ᠳᠤ ᠬᠥᠮᠥᠷᠭᠡ ᠪᠠᠶᠢᠭᠤᠯᠬᠤ᠂ ᠲᠣᠰᠬᠤᠨ ᠤ ᠱᠠᠲᠤᠨ ᠳᠤ ᠠᠵᠢᠯ ᠤᠨ ᠪᠠᠶᠢᠷᠢ ᠭᠠᠷᠭᠠᠬᠤ᠂ ᠺᠣᠮᠫᠨᠡᠢ ᠬᠥᠮᠦᠨ ᠬᠡᠷᠡᠭᠯᠡᠬᠦ︾ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠪᠣᠳᠠᠲᠤ ᠦᠷ᠎ᠡ ᠪᠦᠲᠦᠮᠵᠢ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠶᠠᠳᠠᠭᠤ ᠶᠢ ᠲᠡᠳᠬᠦᠬᠦ ᠶᠢ ᠠᠳᠬᠤᠵᠤ ᠪᠠᠬᠢᠵᠢᠭᠦᠯᠦᠨ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠶᠠᠳᠠᠭᠤ‌‍ᠶᠢ ᠲᠡᠳᠬᠦᠬᠦ ᠬᠠᠮᠵᠢᠯᠴᠠᠭ᠎ᠠ ᠪᠠ ᠲᠡᠭᠡᠳᠦ ᠱᠠᠲᠤᠨ ᠤ ᠨᠢᠭᠡᠴᠡ ᠶᠢᠨ ᠴᠢᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠠᠵᠤ ᠦᠢᠯᠡᠰ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠵᠣᠯᠭᠠᠭᠤᠯᠬᠤ ᠡᠷᠴᠢᠮ ᠢ ᠴᠢᠩᠭᠠᠳᠬᠠᠵᠤ᠂ ᠡᠯᠧᠺᠲᠷᠣᠨ ᠬᠤᠳᠠᠯᠳᠤᠭ᠎ᠠ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠯᠧᠺᠲᠷᠣᠨ ᠬᠤᠳᠠᠯᠳᠤᠭᠠᠨ ᠤ ᠣᠷᠳᠣᠨ ᠳᠤ ᠭᠠᠷᠭᠠᠬᠤ ᠶᠢ ᠠᠬᠢᠭᠤᠯᠵᠤ᠂ ᠨᠠᠩ ᠣᠯᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠤᠨ ᠰᠠᠭᠤᠭᠠᠯᠢ ᠠᠷᠠᠳ ᠤᠨ ︽ᠢᠳᠡᠰᠢᠨ ᠨᠣᠭᠤᠭ᠎ᠠ︾ ᠳᠤ ᠣᠷᠣᠭᠤᠯᠤᠨ᠎ᠠ᠃ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠤ ᠲᠦᠭᠰᠢᠭᠦᠷᠢ‌‍ᠶᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠶᠠᠳᠠᠭᠤ ᠶᠢ ᠲᠡᠳᠬᠦᠬᠦ ᠲᠥᠷᠥᠯ ᠵᠣᠶᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠳᠣᠮᠵᠢᠳᠠᠢ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ︽ᠭᠤᠷᠪᠠᠨ ᠳᠠᠩᠰᠠ︾ ᠶᠢ ᠰᠠᠶᠢᠲᠤᠷ ᠪᠠᠶᠢᠭᠤᠯᠵᠤ᠂ ᠶᠠᠳᠠᠭᠤ ᠶᠢ ᠲᠡᠳᠭᠦᠭᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠳᠬᠤᠵᠤ᠂ ᠲᠥᠪ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠪᠣᠳᠠᠲᠠᠢ ᠭᠠᠵᠠᠷ ᠲᠤᠨᠢ ᠬᠦᠷᠴᠦ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠪᠠ ᠶᠡᠭᠡ ᠵᠢᠭᠰᠠᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ‌‍ᠶᠢ ᠪᠣᠳᠠᠲᠠᠢ ᠪᠥᠭᠡᠳ ᠨᠠᠷᠢᠯᠢᠭ ᠬᠢᠵᠦ᠂ ᠠᠰᠠᠭᠤᠳᠠᠯ ᠢ ᠴᠡᠭᠴᠡᠯᠡᠨ ᠰᠡᠶᠢᠵᠢᠷᠡᠭᠤᠯᠬᠤ ᠪᠠᠷ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠠᠬᠢᠵᠢᠭᠦᠯᠦᠨ᠎ᠡ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠢᠭᠡᠳ ᠭᠤᠤᠯᠳᠠᠯᠭ᠎ᠠ ᠲᠠᠢ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠬᠤ᠂ ᠬᠠᠷᠢᠯᠴᠠᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    — ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ ᠤᠢᠢᠯᠠᠭᠠᠭᠳᠠᠬᠤᠨ ᠢ ᠪᠤᠢ ᠪᠣᠯᠭᠠᠬᠤ᠂ ᠲᠦᠷᠢᠮ ᠤᠨ ᠪᠠᠶᠢᠭᠤᠯᠤᠯᠲᠠ᠂ ᠵᠠᠭᠪᠤᠷ ᠤᠨ ᠰᠢᠨ᠎ᠡ ᠶᠢ ᠡᠭᠦᠳᠬᠦ ᠶᠢ ᠠᠳᠬᠤᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠳᠬᠠᠨ᠎ᠠ᠃    ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠢᠢᠳᠪᠣᠷᠢᠯᠡᠪᠡ᠃ ᠲᠥᠰᠦᠪ ᠤᠨ ᠲᠣᠬᠢᠷᠠᠭᠤᠯᠤᠯᠲᠠ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠭᠠᠵᠠᠷ ᠰᠢᠷᠣᠶ ᠶᠢ ᠬᠤᠳᠠᠯᠳᠤᠬᠤ᠂ ᠠᠪᠴᠠᠭᠠᠨ ᠤ ᠡᠷᠬᠡ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠬᠤ ᠵᠡᠷᠭᠡ ᠥᠷᠢ ᠰᠢᠷᠢ ᠶᠢᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠥᠷᠢ ᠰᠢᠷᠢ ᠶᠢᠨ ᠬᠠᠳᠠᠭᠠᠯᠠᠭᠳᠠᠴᠠ ᠶᠢ ᠳᠦᠷᠢᠮᠵᠢᠭᠦᠯᠦᠨ ᠡᠮᠬᠢ ᠵᠢᠷᠤᠮ ᠲᠠᠢ ᠰᠢᠢᠳᠪᠣᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠵᠥᠷᠢᠯᠳᠦᠭᠡᠨ ᠦᠭᠡᠢ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠠ ᠵᠣᠭᠤᠰ ᠢ ᠪᠦᠬᠦᠨ ᠢ ᠢᠯᠭᠠᠷᠠᠭᠤᠯᠤᠨ ᠲᠢᠭᠯᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ ᠭᠤᠤᠯ ᠴᠣᠭᠴᠠ ᠪᠣᠯᠭᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠰᠢᠨ᠎ᠡ ᠪᠠᠷ ᠨᠡᠮᠡᠭᠳᠡᠬᠦ ᠥᠭᠴᠡᠭᠡ ᠶᠢᠨ ᠨᠡᠮᠡᠭᠳᠡᠯ ᠢ ᠡᠷᠡᠰ ᠬᠢᠵᠠᠭᠠᠷᠯᠠᠨ᠎ᠠ᠃ ᠬᠠᠤᠯᠢ ᠶᠣᠰᠣᠭᠠᠷ ᠭᠠᠶᠢᠯᠢ ᠶᠢ ᠵᠠᠰᠠᠬᠤ ᠶᠢ ᠪᠠᠷᠢᠮᠲᠠᠯᠠᠵᠤ᠂ ᠭᠠᠶᠢᠯᠢ ᠶᠢᠨ ᠢᠷᠡᠯᠳᠡ ᠶᠢ ᠢᠳᠡᠪᠬᠢᠲᠡᠶ ᠪᠠᠷ ᠪᠣᠶᠢᠵᠢᠭᠤᠯᠵᠦ᠂ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠪᠠ ᠭᠠᠶᠢᠯᠢ ᠰᠦᠢᠳᠭᠡᠯ ᠢ ᠵᠣᠬᠢᠶᠠᠨ ᠪᠡᠶᠢᠭᠤᠯᠬᠤ ᠡᠯ᠎ᠡ ᠵᠣᠶᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ︽ᠠᠷᠪᠢᠴᠢ ᠠᠮᠢᠳᠤᠷᠠᠯ︾ ᠢ ᠦᠷᠭᠦᠯᠵᠢᠯᠡᠨ ᠥᠩᠭᠡᠷᠡᠭᠡᠵᠦ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ ︽ᠭᠤᠷᠪᠠ ᠶᠢ ᠪᠠᠲᠤᠯᠠᠬᠤ︾ ᠶᠢ ᠳᠠᠮᠵᠢᠨ᠎ᠠ᠃    ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠲᠦᠭᠰᠢᠭᠦᠷᠢ ᠶᠢ ᠨᠥᠬᠦᠪᠥᠷᠢᠯᠡᠬᠦ ᠲᠣᠭᠲᠠᠴᠠ ᠶᠢ ᠪᠦᠷᠢᠨᠰᠢᠭᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢ ᠡᠮᠬᠢ ᠵᠢᠷᠤᠮ ᠲᠠᠢ ᠰᠡᠷᠭᠡᠶᠢᠯᠡᠨ ᠡᠵᠡᠮᠳᠡᠨ᠎ᠡ᠃ ᠡᠯ᠎ᠡ ᠵᠦᠢᠯ ᠤᠨ ᠬᠡᠯᠪᠡᠷᠢ ᠪᠠᠷ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠠᠪᠤᠳᠠᠯ ᠳᠤ ᠴᠢᠩᠭ᠎ᠠ ᠴᠣᠬᠢᠯᠳᠠ ᠥᠭᠴᠦ᠂ ︽ᠰᠦᠯᠵᠢᠶᠡᠨ ᠤ ᠵᠢᠭᠡᠯᠡᠯᠭᠡ︾᠂ ᠥᠨᠳᠥᠷ ᠬᠦᠦ ᠲᠠᠢ ᠵᠢᠭᠡᠯᠡᠯᠭᠡ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠠᠮᠢ ᠠᠬᠤᠢ ᠶᠢᠨ ᠲᠣᠭᠲᠠᠭᠤᠨ ᠢ ᠬᠠᠮᠠᠭᠠᠯᠠᠨ᠎ᠠ᠃    ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠷᠤᠮᠵᠢᠭᠰᠠᠨ ᠠᠵᠢᠯᠯᠠᠭᠠᠨ ᠢ ᠲᠦᠯᠬᠢᠨ ᠠᠬᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠡ ᠠᠵᠤ ᠠᠬᠤᠶᠢᠯᠠᠯ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠮᠦᠨ ᠰᠣᠩᠭᠤᠵᠤ ᠬᠥᠮᠦᠨ ᠬᠡᠷᠡᠭᠯᠡᠬᠦ᠂ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ ᠡᠯ᠎ᠡ ᠵᠣᠶᠢᠯ ᠤᠨ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠪᠣᠯᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠨᠡᠨᠬᠦ ᠴᠢᠩᠬᠠᠳᠬᠠᠨ᠎ᠠ᠃ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠲᠡᠰᠢ ᠲᠣᠭᠲᠠᠭᠤᠨ ᠢᠶᠠᠷ ᠰᠢᠯᠵᠢᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃    — ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ︽ᠬᠠᠲᠠᠭᠤ ᠴᠢᠩᠭ᠎ᠠ ᠠᠷᠭ᠎ᠠ ᠪᠠᠷ ᠪᠣᠬᠢᠷᠲᠤᠯ ᠢ ᠵᠠᠰᠠᠬᠤ︾ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠪᠴᠢᠳᠡᠢ᠂ ᠰᠢᠨᠵᠢᠯᠡᠬᠦ ᠤᠬᠠᠭᠠᠨᠴᠢ᠂ ᠬᠠᠤᠯᠢ ᠶᠣᠰᠣᠭᠠᠷ ᠪᠣᠬᠢᠷᠲᠤᠯ ᠢ ᠵᠠᠰᠠᠵᠤ᠂ ᠠᠭᠤᠯᠠ ᠨᠢ ᠨᠣᠭᠤᠭᠠᠨ᠂ ᠤᠰᠤ ᠨᠢ ᠲᠤᠩᠭᠠᠯᠠᠭ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ᠎ᠠ᠃    ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠲᠦᠯᠬᠢᠨ ᠠᠬᠢᠭᠤᠯᠣᠨ᠎ᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠲᠤᠬᠠᠶ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠡᠶᠢᠵᠢᠷᠡᠭᠤᠯᠬᠤ ᠪᠠ ᠦᠷ᠎ᠡ ᠪᠦᠲᠦᠮᠵᠢ ᠶᠢ ᠪᠠᠬᠢᠵᠢᠭᠦᠯᠬᠦ ᠶᠢ ᠲᠦᠷᠭᠡᠯᠡᠨ ᠠᠬᠢᠭᠤᠯᠪᠠ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠥᠳᠬᠡᠴᠡ ᠶᠢᠨ ᠬᠡᠮᠵᠢᠶ᠎ᠡ ᠶᠢ ᠪᠠᠷᠢᠮᠵᠢᠶ᠎ᠠ ᠳᠤ ᠬᠦᠷᠭᠡᠬᠦ ᠪᠠ ᠶᠡᠷᠦᠩᠬᠡᠶ ᠬᠡᠮᠵᠢᠶ᠎ᠡ ᠶᠢ ᠵᠥᠪᠰᠢᠶᠡᠷᠡᠬᠦ ᠳᠠᠪᠬᠤᠷ ᠬᠠᠮᠢᠶᠠᠷᠤᠯᠲᠠ ᠶᠢ ᠬᠡᠷᠡᠭᠵᠢᠭᠦᠯᠵᠦ᠂ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠦᠢᠯᠡᠳᠪᠣᠷᠢ ᠵᠡᠷᠭᠡ ᠶᠢᠨ ᠬᠤᠷᠣᠭᠳᠠᠯ ᠶᠡᠬᠡᠲᠡᠶ ᠠᠵᠤ ᠠᠬᠤᠶᠢᠯᠠᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠨ᠎ᠠ᠃ 10 ᠠᠭᠤᠷ ᠤᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠪᠦᠬᠦ ᠲᠠᠯ᠎ᠠ ᠪᠠᠷ ᠰᠢᠭᠰᠢᠭᠳᠡᠭᠦᠯᠵᠦ᠂ ᠴᠡᠪᠡᠷ ᠨᠡᠭᠦᠷᠡᠰᠦ ᠪᠠ ᠴᠡᠪᠡᠷ ᠵᠤᠤᠬ᠎ᠠ ᠬᠡᠷᠡᠭᠰᠡᠯ ᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠡᠰᠢ ᠰᠦᠢᠷᠡᠯ ᠢ ᠰᠢᠲᠠᠭᠠᠬᠤ᠂ ᠢᠳᠡᠭᠡᠨ ᠤᠮᠳᠠᠭᠠᠨ ᠤ ᠲᠣᠰᠣ ᠤᠲᠤᠭ᠎ᠠ᠂ ᠪᠠᠷᠢᠯᠭ᠎ᠠ ᠶᠢᠨ ᠭᠠᠵᠠᠷ ᠪᠠ ᠵᠠᠮ ᠤᠨ ᠬᠤᠭ ᠲᠣᠭᠤᠰᠣ ᠶᠢ ᠵᠠᠰᠠᠬᠤ ᠠᠵᠢᠯ ᠢ ᠨᠢᠭᠡᠳᠦᠯᠲᠡᠢ ᠳᠤ ᠲᠥᠯᠥᠪᠵᠢᠭᠦᠯᠦᠨ ᠠᠬᠢᠭᠤᠯᠵᠤ᠂ ᠪᠥᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢ 300 ᠡᠳᠦᠷ ᠠᠴᠠ ᠳᠡᠭᠡᠭᠰᠢ ᠲᠣᠭᠳᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠭᠤᠤᠯ ᠮᠥᠷᠡᠨ ᠢ ᠲᠣᠭᠤᠷᠢᠨ ᠴᠠᠭᠳᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠠᠴᠠ ᠪᠥᠬᠦ ᠲᠠᠯ᠎ᠠ ᠪᠠᠷ ᠦᠷ᠎ᠡ ᠪᠦᠳᠣᠮᠵᠢ ᠤᠯᠬᠤ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠭᠤᠣᠯ ᠤᠨ ᠵᠠᠮ ᠤᠨ ᠰᠠᠪᠠ ᠭᠠᠵᠠᠷ ᠢ ᠬᠠᠮᠠᠭᠠᠯᠠᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠨᠣᠪᠳᠦ ᠶᠢᠨ ᠰᠠᠪᠠ ᠭᠠᠵᠠᠷ᠂ ᠱᠢ ᠮᠧᠨ ᠺᠧᠦ ᠤᠰᠤᠨ ᠴᠥᠭᠦᠷᠥᠮ ᠵᠡᠷᠭᠡ ᠶᠢ ᠬᠠᠮᠠᠭᠠᠯᠠᠬᠤ ᠴᠢᠨᠠᠷᠲᠠᠢ ᠨᠡᠭᠡᠭᠡᠯᠳᠠ ᠶᠢ ᠠᠬᠢᠭᠤᠯᠤᠨ᠎ᠠ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠬᠦ ᠢᠨᠵᠧᠨᠧᠷᠢᠩ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠪᠠᠶᠠᠨᠴᠠᠭᠠᠨ ᠪᠠᠯᠭᠠᠰᠤᠨ ᠤ ᠬᠠᠭᠤᠴᠢᠨ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠣᠨ᠎ᠡ᠃ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃ ᠠᠮᠢ ᠠᠬᠤᠶ ᠶᠢ ᠰᠡᠷᠭᠦᠭᠡᠨ ᠵᠠᠰᠠᠬᠤ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠤᠨ ᠬᠥᠷᠥᠩᠭᠡ ᠶᠢ ᠬᠦᠳᠣᠯᠣᠨ ᠵᠢᠯᠣᠭᠤᠳᠴᠤ ᠠᠭᠤᠷᠬᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠣᠷᠣᠯᠴᠠᠭᠤᠯᠤᠨ᠎ᠠ᠃ ᠴᠣᠬᠤᠢ ᠶᠢᠨ ᠴᠢᠯᠠᠭᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠯᠬᠤᠴᠠ ᠶᠢ ᠲᠦᠷᠭᠡᠳᠬᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ᠂ ︽ᠵᠢᠭᠤᠯᠴᠢᠯᠠᠯ ᠤᠨ ᠬᠤᠭ ᠨᠣᠪᠰᠢ︾ ᠶᠢᠨ ᠪᠣᠬᠢᠷᠲᠤᠯ ᠵᠡᠷᠭᠡ ᠡᠬᠢ ᠡᠭᠦᠰᠦᠯ‌ᠡᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ᠦᠷᠭᠦᠯᠵᠢᠯᠡᠨ ᠰᠥᠭᠡᠷᠭᠦ ᠨᠡᠮᠡᠭᠳᠡᠯ ᠢ ᠪᠡᠶᠡᠯᠡᠭᠦᠯᠵᠦ᠂ ᠦᠢᠯᠡᠳᠦᠭᠳᠡᠯ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢᠨ 80% ᠳᠤ ᠬᠦᠷᠭᠡᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ‌ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠦ᠂ ᠲᠡᠷᠢᠶᠠᠨ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠣᠬᠢᠷ ᠤᠰᠤ ᠰᠢᠢᠳᠪᠣᠷᠢᠯᠡᠬᠦ ᠲᠥᠷᠥᠯ ᠵᠣᠶᠢᠯ ᠢ ᠳᠠᠷᠦ᠋ᠢᠬᠠᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠪᠠᠶᠠᠨᠴᠠᠭᠠᠨ ᠪᠠᠯᠭᠠᠰᠤᠨ ᠤ ᠬᠤᠭᠤᠯᠠᠨ ᠭᠡᠷ ᠲᠣᠭᠤᠭᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠣᠷᠢᠯᠡᠬᠦ ᠲᠦᠭᠦᠭᠡᠷᠣᠮᠵᠢ ᠶᠢᠨ ᠲᠥᠷᠥᠯ ᠵᠣᠶᠢᠯ ᠢ ᠬᠡᠷᠡᠭᠵᠢᠭᠦᠯᠦᠨ᠎ᠡ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠭ ᠨᠣᠪᠰᠢ ᠶᠢᠨ ᠬᠠᠮᠢᠶᠠᠷᠣᠯᠳᠠ ᠶᠢᠨ ᠠᠷᠭ᠎ᠠ ᠶᠢ ᠲᠣᠭᠲᠠᠭᠠᠨ᠎ᠠ᠃    ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠦᠨ᠎ᠡ᠃ ᠪᠣᠬᠢᠷᠲᠤᠯ ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠰᠤ ᠪᠠᠷ ᠬᠡᠪᠴᠢᠶ᠎ᠡ ᠶᠢ ᠲᠣᠭᠲᠠᠭᠠᠬᠤ᠂ ᠤᠰᠤ ᠪᠠᠷ ᠠᠵᠤ ᠦᠢᠯᠡᠰ ᠢ ᠲᠣᠭᠲᠠᠭᠠᠬᠤ᠂ ᠤᠰᠤ ᠪᠠᠷ ᠪᠦᠲᠦᠴᠡ ᠶᠢ ᠲᠣᠭᠳᠠᠭᠠᠬᠤ᠂ ᠤᠰᠤ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠠᠶᠢᠷᠢᠯᠠᠭᠤᠯᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ ᠪᠠᠷᠢᠮᠵᠢᠶ᠎ᠠ ᠱᠤᠭᠤᠮ᠂ ᠤᠰᠤᠨ ᠤ ᠴᠢᠳᠠᠮᠵᠢ ᠶᠢᠨ ᠣᠷᠣᠨ ᠤ ᠪᠣᠬᠢᠷᠲᠤᠯ ᠢ ᠬᠢᠵᠠᠭᠠᠷᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠲᠥᠷᠥᠯ ᠵᠣᠶᠢᠯ  ᠢ ᠡᠷᠡᠰ ᠵᠣᠭᠰᠣᠭᠠᠬᠤ ᠦᠭᠡᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠲᠥᠷᠥᠯ ᠵᠣᠶᠢᠯ ᠢ ᠡᠷᠡᠰ ᠵᠣᠭᠰᠣᠭᠠᠬᠤ ᠦᠭᠡᠢ᠃ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠡᠶᠢᠳᠠᠪᠣᠷᠢᠵᠢᠭᠤᠯᠬᠤ᠂ ᠭᠠᠵᠠᠷ ᠳᠣᠤᠷᠠᠬᠢ ᠤᠰᠤ ᠶᠢ ᠲᠣᠭᠲᠠᠭᠠᠯ ᠠᠴᠠ ᠵᠥᠷᠢᠴᠡᠨ ᠠᠪᠴᠤ ᠬᠡᠷᠡᠭᠯᠡᠬᠦ᠂ ᠣᠢ ᠰᠢᠭᠤᠶ ᠡᠪᠡᠰᠦ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠦᠭᠴᠦ᠂ ᠴᠢᠯᠠᠭᠤᠨ ᠬᠡᠮᠬᠡᠷᠬᠡᠶ᠂ ᠭᠤᠤᠯ ᠤᠨ ᠡᠯᠡᠰᠦ ᠤᠯᠤᠰ ᠤᠨ ᠥᠮᠴᠢᠯᠡᠯᠲᠡ ᠡᠬᠢ ᠪᠠᠶᠠᠯᠢᠭ ᠢ ᠨᠡᠭᠡᠭᠡᠨ ᠠᠰᠢᠭᠯᠠᠵᠦ ᠡᠵᠡᠩᠨᠡᠬᠦ ᠶᠢ ᠵᠢᠷᠤᠮᠵᠢᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠥᠩᠭᠡ ᠶᠢ ᠪᠠᠬᠢᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠠᠵᠢᠯ ᠢ ᠥᠷᠨᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠨᠢᠭᠡᠳᠦᠯᠲᠡᠢ ᠳᠤ ᠲᠥᠯᠥᠪᠵᠢᠭᠦᠯᠦᠨ ᠬᠡᠷᠡᠭᠵᠢᠭᠦᠯᠵᠦ᠂ 1 ᠲᠦᠮᠡᠨ ᠮᠦ ᠠᠵᠤ ᠠᠬᠤᠢ ᠶᠢᠨ ᠣᠢ ᠶᠢ ᠪᠦᠲᠦᠭᠡᠨ ᠪᠠᠶᠢᠭᠤᠯᠵᠤ᠂ 8 ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠬᠤᠨᠢᠨ ᠲᠠᠯᠡᠢ ᠶᠢᠨ ᠠᠮᠢ ᠠᠬᠤᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠨᠣᠭᠤᠭᠠᠨ ᠥᠩᠭᠡ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠥᠩᠭᠡ ᠪᠣᠯᠭᠠᠨ᠎ᠠ᠃︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠤᠨ᠎ᠠ    ᠲᠥᠯᠥᠭᠡᠯᠡᠭᠴᠢᠳ ᠡ︕ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠦᠭᠡᠢ ᠪᠣᠯ ᠴᠢᠨᠠᠷ ᠰᠠᠶᠢᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠪᠠᠶᠢᠵᠤ ᠴᠢᠳᠠᠬᠤ ᠦᠭᠡᠢ᠃ ᠪᠢᠳᠡ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠬᠦᠨᠳᠤᠳᠭᠡᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠤᠨ᠎ᠠ᠃    ᠪᠣᠬᠢᠷᠲᠤᠯ ᠦᠭᠡᠢ ᠠᠮᠢ ᠠᠬᠤᠢ ᠶᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠠᠶᠢᠭᠤᠯᠤᠨ᠎ᠠ᠃ ᠪᠣᠬᠢᠷᠲᠤᠯ ᠦᠭᠡᠢ ᠪᠣᠯᠭᠠᠬᠤ᠂ ᠣᠨᠴᠠᠯᠢᠭ ᠲᠠᠢ ᠪᠣᠯᠭᠠᠬᠤ᠂ ᠨᠡᠷᠡᠲᠦ ᠲᠥᠷᠥᠯ ᠲᠡᠮᠳᠡᠭᠵᠢᠭᠦᠯᠬᠦ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠠᠷᠢᠵᠤ ᠲᠡᠵᠢᠭᠡᠬᠦ ᠶᠢᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ ᠲᠠᠷᠢᠮᠠᠯ ᠤᠨ ᠤᠶᠢᠯᠡᠰ ᠨᠢ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠪᠠᠷ ᠭᠤᠤᠯ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠢᠶᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠶ᠃ ︽ᠲᠥᠮᠥᠰᠥ ᠨᠣᠭᠤᠭ᠎ᠠ ᠶᠢᠨ ᠠᠮᠤ︾ ᠶᠢᠨ ᠭᠤᠤᠯᠯᠠᠬᠤ ᠲᠠᠷᠢᠮᠠᠯ ᠤᠨ ᠦᠨᠳᠦᠰᠦᠨ ᠲᠠᠷᠢᠬᠤ ᠲᠠᠯᠠᠪᠠᠶ ᠶᠢ ᠲᠤᠭᠲᠠᠪᠤᠷᠢᠵᠢᠭᠤᠯᠵᠤ᠂ ᠨᠡᠷᠡᠨ ᠬᠤᠸᠠᠷ ᠲᠠᠷᠢᠬᠤ ᠬᠡᠪᠴᠢᠶ᠎ᠡ ᠶᠢ ᠪᠠᠭᠠᠰᠬᠠᠨ᠎ᠠ᠃ ᠡᠭᠡᠯᠵᠢᠯᠡᠨ ᠲᠠᠷᠢᠬᠤ ᠶᠢ ᠬᠥᠲᠥᠯᠥᠨ ᠵᠢᠯᠣᠭᠤᠳᠴᠤ ᠪᠠᠶᠢᠭᠠᠳ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠯᠳᠡᠪ ᠠᠮᠤ ᠡᠯᠳᠡᠪ ᠪᠤᠷᠴᠠᠭ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠠᠵᠤ ᠠᠬᠤᠶ ᠶᠢᠨ ᠲᠠᠷᠢᠮᠠᠯ ᠢ ᠲᠠᠷᠢᠬᠤ ᠬᠡᠷᠡᠭᠲᠡᠶ᠃ 6.1 ᠲᠦᠮᠡᠨ ᠮᠦ ᠤᠰᠤ ᠠᠷᠪᠢᠯᠠᠬᠤ ᠤᠰᠤᠯᠠᠯᠲᠠ ᠪᠠᠷ ᠭᠤᠣᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠤᠶᠢᠯᠡᠳᠪᠤᠷᠢᠯᠡᠯ ᠂ ᠣᠷᠭᠠᠨᠢᠭ ᠪᠣᠷᠳᠣᠭᠤᠷ ᠢ ᠨᠡᠮᠡᠵᠦ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠢ ᠳᠡᠯᠬᠡᠷᠡᠬᠦᠯᠵᠤ᠂ ᠣᠷᠭᠠᠨᠢᠭ ᠬᠠᠭᠤᠷᠠᠶ ᠲᠠᠷᠢᠶᠠᠯᠠᠩ ᠢ ᠬᠥᠭᠵᠢᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠨᠢ ᠬᠠᠰᠢᠶᠠᠯᠠᠨ ᠲᠡᠵᠢᠭᠡᠬᠦ ᠪᠠᠷ ᠴᠢᠭᠯᠡᠯ ᠪᠣᠯᠭᠠᠵᠤ᠂ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠵᠦ ᠭᠠᠭ᠋ᠠᠢ ᠵᠢᠭᠦᠷᠲᠡᠨ ᠢ ᠥᠷᠭᠡᠳᠬᠡᠬᠦ︾ ᠬᠥᠭᠵᠢᠯᠲᠡ ᠶᠢᠨ ᠠᠷᠭ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠤᠯᠤᠰ ᠠᠴᠠ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠬᠦᠯᠬᠦ ᠲᠠᠯᠠᠪᠠᠢ ᠶᠢᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠦ ᠶᠢᠨ ᠤᠶᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠤᠳᠤᠯᠭ᠎ᠠ ᠨᠤᠭᠤᠳ ᠢ ᠰᠠᠶᠢᠲᠤᠷ ᠬᠡᠷᠡᠭᠯᠡᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠷᠠᠭᠤᠯᠤᠨ᠎ᠠ᠃ ᠱᠠᠨ ᠵᠢᠶᠠ᠂ ᠪᠥᠸᠧ ᠯᠢᠶᠠᠩ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠳᠠᠶᠢᠴᠢᠯᠠᠨ ᠬᠡᠪᠴᠢᠶᠡᠵᠢᠭᠦᠯᠦᠨ᠂ ᠬᠢᠷᠢ ᠬᠡᠮᠵᠢᠶ᠎ᠡ   ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠨᠠᠷᠠᠲᠤ ᠲᠡᠮᠳᠡᠭᠲᠦ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠤᠶᠢᠯᠡᠰ ᠢ ᠪᠤᠶᠢᠵᠢᠭᠤᠯᠤᠨ᠎ᠠ᠃ ᠭᠠᠭ᠋ᠠᠶ ᠲᠡᠵᠢᠭᠡᠬᠦ  ᠤᠶᠢᠯᠡᠳᠪᠤᠷᠢᠯᠡᠯ ᠢ ᠲᠡᠳᠬᠦᠨ ᠳᠡᠮᠵᠢᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠮᠠᠯ ᠠᠵᠤ ᠠᠬᠤᠶ ᠶᠢᠨ ᠬᠡᠪ ᠤᠨ  ᠤᠶᠢᠯᠡᠳᠪᠤᠷᠢᠯᠡᠯ ᠢ ᠰᠡᠷᠭᠦᠭᠡᠬᠦ ᠶᠢ ᠲᠡᠮᠵᠢᠨ᠎ᠠ᠃ ᠠᠮᠢᠳᠤ ᠭᠠᠭ᠋ᠠᠶ ᠂ ᠠᠯᠠᠰᠢᠨ ᠦᠬᠡᠷ ᠨᠢᠲᠤᠯᠬᠤ ᠪᠠ ᠨᠠᠷᠢᠯᠢᠭ ᠭᠦᠨᠵᠡᠭᠡᠶ ᠡᠳ᠋ᠰᠢᠭᠦᠯᠬᠦ ᠲᠥᠷᠥᠯ ᠵᠣᠶᠢᠯ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠲᠡᠵᠢᠭᠡᠨ ᠦᠷᠡᠵᠢᠭᠦᠯᠬᠦ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠤᠳᠤ ᠦᠶ᠎ᠡ ᠶᠢᠨ ᠦᠷ᠎ᠡ ᠶᠢᠨ ᠤᠶᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠥᠮᠥᠰᠥ ᠶᠢᠨ ᠦᠷ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠤᠯᠠᠭᠠᠨᠬᠠᠳᠠ ᠰᠤᠮᠤ᠂ ᠪᠠᠶᠠᠨᠴᠠᠭᠠᠨ ᠪᠠᠯᠭᠠᠰᠤᠨ ᠤ ᠬᠤᠶᠠᠷ ᠬᠡᠰᠡᠭ ᠲᠣᠭᠤᠷᠢᠭ ᠤᠨ ᠳᠤᠯᠠᠭᠠᠨ ᠲᠣᠣᠷ ᠤᠨ ᠲᠠᠰᠤᠭ ᠢ ᠪᠤᠶᠢᠵᠢᠭᠤᠯᠬᠤ ᠰᠠᠭᠤᠷᠢᠨ ᠭᠠᠵᠠᠷ ᠢ ᠪᠤᠶᠢᠵᠢᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ︽ᠨᠢᠭᠡ ᠬᠦᠷᠢᠶᠡᠯᠡᠩ ᠬᠤᠶᠠᠷ ᠬᠡᠰᠡᠭ︾ ᠤᠨ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠤᠨ᠎ᠠ᠃ ᠴᠢᠨᠠᠷ ᠰᠠᠶᠢᠲᠠᠶ ᠦᠷ᠎ᠡ ᠶᠢᠨ ᠲᠥᠮᠥᠰᠥ ᠬᠠᠩᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢᠨ ᠰᠢᠯᠢᠳᠡᠭ ᠢ ᠡᠭᠦᠳᠬᠦ ᠢᠨᠵᠧᠨᠧᠷᠢᠩ ᠢ ᠬᠡᠷᠡᠭᠵᠢᠬᠦᠯᠦᠨ᠎ᠡ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠳᠠᠪᠠᠭᠤᠯᠢᠭ ᠲᠤ ᠳᠦᠰᠢᠭᠯᠡᠵᠤ᠂ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠶᠢᠨ ᠨᠡᠷᠡᠲᠦ ᠲᠡᠮᠳᠡᠭ ᠢᠶᠠᠷ ᠭᠤᠣᠯ ᠪᠣᠯᠭᠠᠵᠤ᠂ ᠪᠦᠬᠦ ᠣᠷᠣᠨ᠂ ᠪᠦᠬᠦ ᠡᠭᠦᠯᠳᠡᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠭᠤᠳᠠᠯᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠨᠢᠭᠡ ᠨᠣᠮᠧᠷ︾ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠵᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠢᠶᠠᠷ ᠰᠣᠩᠭᠤᠬᠤ︾ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠳᠡᠮᠳᠡᠭ ᠢ ᠡᠭᠦᠳᠦᠨ᠎ᠡ᠃   ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠨᠠᠷᠢᠯᠢᠭ ᠣᠨᠣᠪᠴᠢᠲᠠᠢ᠂ ᠪᠣᠳᠠᠲᠤ ᠦᠷ᠎ᠡ ᠪᠦᠲᠦᠮᠵᠢᠲᠡᠢ᠂ ᠦᠷᠭᠦᠯᠵᠢᠯᠡᠬᠦ ᠶᠢ ᠬᠠᠷᠢᠯᠴᠠᠨ ᠨᠢᠭᠡᠳᠦᠯᠲᠡᠢ ᠪᠠᠶᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠡᠬᠦᠯᠳᠡᠷᠵᠢᠬᠦᠯᠵᠤ᠂ ᠬᠥᠳᠡᠭᠡ ᠲᠣᠰᠬᠤᠨ ᠤ ᠬᠥᠭᠵᠢᠯᠲᠡ ᠶᠢ ᠲᠥᠯᠥᠪᠵᠢᠭᠦᠯᠭᠡ ᠶᠢ ᠳᠠᠭᠠᠵᠤ ᠶᠠᠪᠤᠬᠤ ᠬᠡᠷᠡᠭᠲᠡᠢ᠃ ᠰᠤᠮᠤ ᠰᠢᠶᠠᠩ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠬᠦᠨᠵᠡᠬᠡᠢ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ︽ᠵᠣᠷᠯᠣᠩ ᠤᠨ ᠬᠤᠪᠢᠰᠬᠠᠯ︾᠂ ᠬᠤᠭ ᠨᠣᠪᠰᠢ ᠪᠣᠬᠢᠷ ᠤᠰᠤ ᠶᠢ ᠰᠢᠢᠳᠪᠤᠷᠢᠯᠡᠬᠦ ᠠᠵᠢᠯ ᠢ ᠠᠬᠢᠭᠤᠯᠵᠤ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠣᠶᠢᠯ ᠢ ᠬᠡᠷᠡᠭᠵᠢᠭᠦᠯᠬᠦ ᠡᠷᠴᠢᠮ ᠢ ᠨᠡᠮᠡᠭᠳᠡᠬᠦᠯᠦᠨ᠎ᠡ ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠦ ᠺᠧ ᠵᠠᠮ᠂ ᠬᠠᠨ ᠳ᠋ᠠᠩ ᠱᠤᠭᠤᠮ ᠤᠨ ᠵᠠᠮ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠲᠣᠰᠣ ᠠᠴᠠ ᠡᠯᠡᠰᠦ ᠶᠢ ᠪᠤᠴᠠᠭᠠᠬᠤ ᠶᠢ  ᠰᠢᠢᠳᠪᠤᠷᠢᠯᠡᠬᠦ᠂ ᠠᠶᠤᠯᠲᠤ ᠬᠥᠭᠦᠷᠭᠡ ᠶᠢ ᠥᠭᠡᠷᠡᠴᠢᠯᠡᠬᠦ ᠪᠠ ᠵᠠᠮ ᠠᠷᠠᠴᠢᠯᠠᠨ ᠬᠠᠮᠠᠭᠠᠯᠠᠬᠤ ᠡᠭᠦᠷᠭᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠵᠠᠰᠠᠮᠠᠯ ᠵᠠᠮ ᠤᠨ ᠳᠠᠷᠤᠭ᠎ᠠ ᠶᠢᠨ ᠲᠦᠷᠢᠮ︾ ᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠶ᠃ ᠪᠣᠯᠪᠠᠰᠤᠨ ᠲᠣᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠲᠣᠭᠲᠠᠭᠠᠯ ᠶᠣᠰᠣᠭᠠᠷ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠬᠥᠳᠡᠭᠡ ᠶᠢᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠶᠢᠵᠢᠭᠤᠯᠤᠨ᠎ᠠ᠃   ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠭᠠᠵᠠᠷ ᠰᠢᠷᠣᠶ ᠪᠠᠷ ᠬᠤᠪᠢ ᠣᠷᠣᠭᠤᠯᠬᠤ᠂ ᠨᠠᠶᠢᠳᠠᠵᠤ ᠬᠠᠮᠢᠶᠠᠷᠤᠭᠤᠯᠬᠤ ᠵᠡᠷᠭᠡ ᠣᠯᠠᠨ ᠵᠣᠶᠢᠯ ᠤᠨ ᠬᠡᠯᠪᠡᠷᠢ ᠮᠠᠶ᠋ᠢᠭ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠵᠣᠷᠢᠭᠵᠢᠭᠤᠯᠤᠨ ᠬᠥᠭᠵᠢᠭᠦᠯᠵᠦ᠂ ᠨᠥᠬᠦᠴᠡᠯ ᠲᠠᠢ ᠭᠠᠴᠠᠭ᠎ᠠ ᠲᠤᠰᠬᠤᠨ ᠤ ᠸᠠᠩ ᠮᠤ᠋᠂ ᠭᠠᠯᠲᠤ ᠠᠭᠤᠯᠠ ᠶᠢᠨ ᠦᠨᠳᠦᠰᠦᠨ ᠠᠭᠤᠯᠠ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠡᠵᠡᠩᠨᠡᠯᠲᠡ ᠶᠢᠨ ᠭᠤᠤᠯ ᠴᠣᠭᠴᠠ ᠯᠤᠭ᠎ᠠ ᠠᠰᠢᠭ ᠲᠤᠰᠠ ᠶᠢᠨ ᠬᠤᠯᠪᠣᠭᠠᠨ ᠤ ᠰᠢᠨ᠎ᠡ ᠵᠠᠭᠪᠤᠷ ᠪᠠᠶᠢᠭᠤᠯᠬᠤ ᠶᠢ ᠳᠠᠮᠵᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠲᠦᠯᠬᠢᠨ ᠠᠬᠢᠭᠤᠯᠵᠤ᠂ ᠣᠷᠣᠨ ᠰᠠᠭᠤᠴᠠ ᠶᠢᠨ ᠰᠠᠭᠤᠷᠢ  ᠭᠠᠵᠠᠷ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ᠂ ᠦᠨ᠎ᠡ ᠲᠥᠯᠥᠪᠦᠷᠢ ᠲᠠᠢ ᠪᠠᠷ ᠪᠤᠴᠠᠭᠠᠨ ᠭᠠᠷᠭᠠᠬᠤ ᠳᠦᠷᠢᠮ ᠤᠨ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ  ᠳᠡᠭᠡᠭᠰᠢᠯᠡᠬᠦᠯᠬᠦ ᠶᠢ ᠲᠦᠯᠬᠢᠨ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠭᠡᠷ ᠱᠦᠵᠢ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠮᠠᠯᠵᠢᠬᠤ ᠲᠠᠷᠢᠶᠠᠯᠠᠬᠤ ᠣᠷᠣᠨ ᠳᠤ ᠦᠨᠳᠦᠰᠦ ᠬᠠᠳᠬᠤᠵᠤ᠂ ᠮᠠᠯᠴᠢᠨ ᠲᠠᠷᠢᠶᠠᠴᠢᠨ ᠳᠤ ᠤᠶᠢᠯᠡᠴᠢᠯᠡᠬᠦ ᠶᠢ ᠵᠣᠷᠢᠭᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ︾ ᠲᠠᠢ ᠬᠤᠯᠪᠣᠭᠠᠯᠠᠨ ᠡᠷᠦᠬᠡ ᠳᠠᠭᠠᠭᠠᠴᠢᠯᠠᠬᠤ ᠶᠢ ᠬᠡᠷᠡᠭᠵᠢᠭᠦᠯᠦᠨ᠎ᠡ᠃ ᠴᠢᠳᠠᠪᠤᠷᠢ ᠲᠠᠢ ᠬᠥᠮᠦᠨ ᠨᠤᠲᠤᠭ ᠲᠠᠭᠠᠨ ᠪᠤᠴᠠᠵᠤ ᠠᠳᠠᠯ ᠤᠶᠢᠯᠡᠰ ᠴᠣᠭᠴᠠᠯᠠᠬᠤ᠂ ᠮᠠᠯᠴᠢᠨ ᠲᠠᠷᠢᠶᠠᠴᠢᠳ ᠤᠨ ᠠᠵᠢᠯ ᠣᠯᠵᠤ ᠠᠳᠠᠯ ᠤᠶᠢᠯᠡᠰ ᠴᠣᠭᠴᠠᠯᠠᠬᠤ ᠶᠢ ᠳᠠᠮᠵᠢᠵᠤ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠶᠡᠬᠡᠪᠡᠷ ᠪᠤᠶᠢᠵᠢᠭᠤᠯᠤᠨ᠎ᠠ᠃ ︵ᠭᠤᠷᠪᠠ︶ ᠠᠵᠤ ᠤᠶᠢᠯᠡᠳᠪᠤᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ    ᠲᠥᠯᠥᠭᠡᠯᠡᠭᠴᠢᠳ ᠡ︕ ᠠᠵᠤ ᠣᠶᠢᠯᠡᠳᠪᠤᠷᠢ ᠶᠢᠨ ᠠᠵᠤ ᠣᠶᠢᠯᠡᠰ ᠪᠣᠯ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠭᠤᠤᠯ ᠲᠤᠯᠭᠠᠭᠤᠷᠢ ᠠᠵᠤ ᠤᠶᠢᠯᠡᠰ ᠪᠣᠯᠤᠨ᠎ᠠ᠂ ᠮᠥᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠦᠨᠳᠦᠰᠦ ᠰᠠᠭᠤᠷᠢ ᠶᠢ ᠪᠠᠬᠢᠵᠢᠭᠦᠯᠬᠦ ᠠᠵᠤ ᠦᠢᠯᠡᠰ ᠮᠥᠨ᠃ ᠪᠢᠳᠡ ︽ᠠᠵᠤ ᠤᠶᠢᠯᠡᠳᠪᠤᠷᠢ ᠶᠢᠨ ᠬᠦᠴᠦᠷᠬᠡᠭ ᠲᠤᠭ︾ ᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠡᠬᠢ ᠪᠠᠶᠠᠯᠢᠭ ᠢ ᠬᠤᠪᠢᠷᠠᠭᠤᠯᠤᠨ ᠥᠷᠲᠡᠭ ᠢ ᠨᠡᠮᠡᠭᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠡᠪᠴᠢᠶᠡᠵᠢᠯ ᠤᠨ ᠳᠡᠰ ᠢ ᠳᠡᠭᠡᠭᠰᠢᠯᠡᠭᠦᠯᠦᠨ᠎ᠡ᠃  ᠤᠯᠠᠮᠵᠢᠯᠠᠯᠲᠤ ᠠᠵᠤ ᠦᠢᠯᠡᠰ ᠢ ᠨᠠᠷᠢᠯᠢᠭ ᠬᠢᠨ᠎ᠡ᠃ ᠴᠠᠬᠢᠯᠠᠭᠤᠷ ᠴᠢᠯᠠᠭᠤᠨ ᠤ ᠬᠢᠮᠢ ᠶᠢᠨ ᠠᠵᠤ ᠤᠶᠢᠯᠡᠳᠪᠤᠷᠢ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠳᠤᠤᠷᠠᠳᠤ ᠤᠷᠤᠰᠬᠠᠯ ᠤᠨ ᠨᠠᠷᠢᠯᠢᠭ ᠭᠦᠨᠵᠡᠭᠡᠶ ᠡᠳ᠋ᠰᠢᠭᠦᠯᠬᠦ ᠶᠢ ᠬᠥᠭᠵᠢᠭᠦᠯᠵᠦ᠂ ᠠᠵᠤ ᠤᠶᠢᠯᠡᠰ ᠤᠨ ᠬᠤᠪᠢᠷᠠᠭᠤᠯᠤᠯᠲᠠ ᠶᠢᠨ ᠥᠷᠲᠡᠭ ᠨᠡᠮᠡᠭᠳᠡᠯ ᠢ ᠠᠬᠢᠭᠤᠯᠵᠤ᠂ ᠴᠢᠨᠠᠷ ᠢ ᠨᠢ ᠥᠭᠡᠷᠡᠴᠢᠯᠡᠭᠰᠡᠨ PVA᠂ ᠣᠨᠴᠠ ᠲᠥᠷᠥᠯ ᠤᠨ PVA᠂ NVP ᠵᠡᠷᠭᠡ ᠣᠶᠢᠯᠡᠳᠬᠦᠨ ᠢ ᠭᠤᠤᠯᠳᠠᠯᠭ᠎ᠠ ᠲᠠᠢ ᠬᠥᠭᠵᠢᠭᠦᠯᠵᠡᠶ᠃ ᠴᠠᠬᠢᠯᠠᠭᠤᠷ ᠴᠢᠯᠠᠭᠤᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠴᠠᠬᠢᠯᠠᠭᠤᠷ ᠴᠢᠯᠠᠭᠤᠨ ᠤ ᠨᠠᠷᠢᠯᠢᠭ ᠬᠢᠮᠢ ᠶᠢᠨ ᠠᠵᠤ ᠦᠢᠯᠡᠳᠪᠦᠷᠢ ᠲᠡᠰᠢ ᠬᠥᠭᠵᠢᠭᠦᠯᠬᠦ ᠶᠢ ᠪᠡᠶᠡᠯᠡᠭᠦᠯᠵᠦ ᠂ ᠴᠠᠬᠢᠯᠠᠭᠤᠷ ᠴᠢᠯᠠᠭᠤᠨ ᠤ ᠬᠢᠮᠢ ᠶᠢᠨ ᠠᠵᠤ ᠤᠶᠢᠯᠡᠳᠪᠤᠷᠢ ᠶᠢᠨ ᠲᠡᠷᠢᠭᠦᠨ ᠤ ᠣᠷᠣᠨ ᠤ ᠪᠠᠶᠢᠷᠢ ᠰᠠᠭᠤᠷᠢ ᠶᠢ ᠪᠠᠬᠢᠵᠢᠬᠦᠯᠤᠨ᠎ᠠ᠃ ᠴᠢᠨᠠᠷ ᠢ ᠥᠭᠡᠷᠡᠴᠢᠯᠡᠬᠦ ᠳᠠᠪᠠᠷᠬᠠᠶ ᠶᠢᠨ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠮᠧᠩ ᠸᠧᠶ ᠶᠢᠨ ᠭᠤᠷᠪᠠᠳᠤᠭᠠᠷ ᠬᠤᠭᠤᠴᠠᠭᠠᠨ ᠤ 10 ᠲᠦᠮᠡᠨ ᠲᠣᠨ PVA ᠶᠢ ᠪᠦᠷᠢᠳᠦᠭᠦᠯᠬᠦ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠲᠥᠷᠥᠯ ᠵᠣᠶᠢᠯ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠯᠡᠳᠡᠪᠦᠷᠢ ᠬᠡᠢ ᠦᠯᠡᠳᠡᠪᠦᠷᠢ ᠢᠯᠴᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠣᠶᠢᠯ ᠪᠠᠶᠢᠭᠤᠯᠬᠤ ᠶᠢ ᠵᠣᠷᠢᠭᠵᠢᠭᠤᠯᠤᠨ᠎ᠠ᠃ ᠴᠣᠬᠤᠢ ᠶᠢᠨ ᠴᠢᠯᠠᠭᠤᠨ ᠦᠢᠯᠡᠳᠦᠭᠳᠡᠯ ᠬᠦᠳᠡᠷ ᠢ ᠰᠢᠢᠳᠪᠦᠷᠢᠯᠡᠬᠦ ᠤᠷ᠎ᠠ ᠮᠡᠷᠭᠡᠵᠢᠯ ᠢ ᠰᠠᠶᠢᠵᠢᠷᠠᠭᠤᠯᠵᠤ᠂ ᠬᠠᠶᠢᠷ ᠴᠢᠯᠠᠭᠤᠨ ᠶᠠᠰᠤᠨ ᠮᠠᠲ᠋ᠧᠷᠢᠶᠠᠯ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠵᠦᠩ ᠯᠢᠶᠠᠨ ᠱᠦᠢᠨᠢ ᠶᠢᠨ ᠬᠥᠩᠭᠡᠨ ᠺᠠᠯᠼ ᠤᠨ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠶ᠂ ᠰᠢᠶᠦ᠋ᠩ ᠠᠨ ᠰᠢᠨ᠎ᠡ ᠲᠣᠭᠤᠷᠢᠭ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠠ ᠶᠢᠨ ᠴᠢᠭᠯᠡᠯ ᠢ ᠴᠢᠩᠭ᠎ᠠ ᠠᠩᠬᠠᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ᠂ ᠡᠨᠧᠷᠭᠢ ᠶᠢᠨ ᠬᠤᠷᠣᠭᠳᠠᠯ ᠤᠨ ᠪᠣᠭᠤᠮᠲᠠ᠂ ᠠᠮᠤᠷ ᠳᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠠᠵᠤ ᠦᠢᠯᠡᠰ ᠤᠨ ᠰᠦᠷᠦᠭᠵᠢᠯ ᠢ ᠵᠣᠬᠢᠰᠲᠠᠶ ᠬᠥᠭᠵᠢᠭᠦᠯᠵᠦ᠂ ᠪᠢ ᠬᠠᠢ ᠮᠠᠯ ᠠᠵᠤ ᠠᠬᠤᠶ᠂ ᠶᠢᠩ ᠺᠠᠶ ᠳ᠋ᠠ ᠡᠮ ᠤᠨ ᠦᠢᠯᠡᠰ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠠᠢ ᠪᠠᠩ᠂ ᠮᠢᠩ ᠶᠠᠩ ᠵᠡᠷᠭᠡ ᠨᠠᠷᠢᠯᠢᠭ ᠬᠢᠮᠢ ᠶᠢᠨ ᠠᠵᠤ  ᠤᠶᠢᠯᠡᠳᠪᠤᠷᠢ ᠶᠢᠨ ᠲᠥᠷᠥᠯ ᠵᠣᠶᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠠᠵᠤ  ᠤᠶᠢᠯᠡᠳᠪᠤᠷᠢ ᠶᠢᠨ ᠠᠵᠤ ᠠᠬᠤᠢ ᠶᠢᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠪᠠᠯ ᠴᠢᠯᠠᠭᠤᠨ ᠨᠡᠭᠦᠷᠡᠰᠦᠲᠥ᠋ᠷᠥᠭᠴᠢ ᠶᠢᠨ ᠡᠳ᠋ ᠤᠨ ᠠᠵᠤ ᠦᠢᠯᠡᠰ ᠤᠨ ᠰᠠᠭᠤᠷᠢ ᠦᠵᠦᠭᠦᠷ ᠲᠤ ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ᠂ ᠬᠡᠯᠬᠢᠶᠡᠨ ᠤ ᠦᠵᠦᠭᠦᠷ ᠲᠤ ᠤᠷᠲᠤᠳᠬᠠᠬᠤ ᠶᠢ ᠠᠬᠢᠭᠤᠯᠵᠤ᠂ ᠪᠦᠯᠦᠭᠯᠡᠨ ᠬᠥᠭᠵᠢᠬᠦ ᠶᠢ ᠪᠤᠢ ᠪᠣᠯᠭᠠᠨ᠎ᠠ᠃ ᠣᠳᠣᠨ ᠪᠥᠮᠪᠥᠷᠴᠡᠭ ᠪᠠᠯ ᠴᠢᠯᠠᠭᠤ᠂ ᠪᠥᠸᠧ ᠯᠦ ᠲᠢᠶᠠᠨ ᠴᠧᠩ᠂ ᠺᠧᠨ ᠳ᠋ᠡ ᠲᠧ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠵᠤ᠂ ᠱᠧᠨᠵᠧᠨ ᠤ ᠪᠧᠲᠷᠦᠶ 10 ᠲᠦᠮᠡᠨ ᠲᠣᠨ ᠰᠥᠭᠡᠷᠭᠦ ᠲᠦᠢᠯ ᠤᠨ ᠮᠠᠲ᠋ᠧᠷᠢᠶᠠᠯ ᠤᠨ ᠲᠥᠷᠥᠯ ᠵᠣᠶᠢᠯ ᠢ ᠪᠦᠲᠦᠭᠡᠨ ᠪᠠᠶᠢᠭᠤᠯᠵᠠᠢ᠃ ᠪᠠᠯ ᠴᠢᠯᠠᠭᠤᠨ ᠨᠡᠭᠦᠷᠡᠰᠦᠲᠥ᠋ᠷᠥᠭᠴᠢ ᠶᠢᠨ ᠡᠳ᠋ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 30  ᠲᠦᠮᠡᠨ ᠲᠣᠨ ᠢ ᠰᠢᠪᠲᠤᠯᠬᠤ ᠪᠠᠷ ᠴᠢᠷᠮᠠᠶᠢᠵᠤ᠂ ᠤᠯᠠᠭᠠᠨᠴᠠᠪ ᠬᠤᠲᠠ ᠶᠢᠨ ᠪᠠᠯ ᠴᠢᠯᠠᠭᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠤᠨ᠎ᠠ᠃ ᠣᠶᠤᠨ ᠤ ᠯᠢᠲ᠋ᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠠᠮᠵᠢᠵᠤ᠂ ᠴᠠᠬᠢᠯᠭᠠᠨ ᠵᠠᠳᠠᠯᠤᠯ ᠤᠨ ᠰᠢᠩᠭᠡᠨ᠂ ᠲᠠᠰᠤᠯᠤᠪᠴᠢ ᠪᠦᠷᠬᠦᠪᠴᠢ᠂ ᠴᠠᠬᠢᠯᠭᠠᠨ ᠭᠤᠣᠯ ᠵᠡᠷᠭᠡ ᠯᠢᠲ᠋ᠢ ᠳ᠋ᠢᠶᠠᠨ ᡂᠢ ᠶᠢᠨ ᠠᠵᠤ ᠦᠢᠯᠡᠰ ᠤᠨ ᠳᠤᠮᠳᠠ  ᠳᠡᠭᠡᠳᠦ ᠲᠡᠰ ᠤᠨ ᠲᠥᠷᠥᠯ ᠵᠦᠢᠯ ᠢ ᠣᠷᠣᠭᠤᠯᠬᠤ ᠶᠢ ᠲᠦᠷᠭᠡᠳᠬᠡᠵᠦ᠂ ᠯᠢᠲ᠋ᠢ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶᠡᠰᠦ ᠶᠢ ᠲᠡᠭᠦᠯᠳᠡᠷᠵᠢᠭᠦᠯᠦᠨ᠎ᠡ᠃ ᠴᠢᠯᠠᠭᠤᠨ ᠳᠤᠰᠤᠨ ᠤ ᠡᠬᠢ ᠪᠠᠶᠠᠯᠢᠭ ᠢ ᠵᠣᠬᠢᠰᠲᠠᠶ ᠪᠥᠭᠡᠳ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠦᠨ᠎ᠡ᠃ ᠰᠠᠯᠬᠢ ᠰᠠᠯᠬᠢᠨ ᠴᠠᠬᠢᠯᠭᠠᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠲᠠᠷ ᠠᠭᠤᠯᠠ ᠠᠲᠠᠷ ᠬᠥᠲᠥᠯ᠂ ᠵᠠᠳᠠᠭᠠᠶ ᠠᠭᠤᠷᠬᠠᠶ᠂ ᠰᠢᠷᠣᠶ ᠭᠠᠳᠠᠭᠰᠢᠯᠠᠭᠤᠯᠬᠤ ᠲᠠᠯᠠᠪᠠᠶ ᠳᠤ ᠪᠦᠲᠦᠭᠡᠨ ᠪᠠᠶᠢᠭᠤᠯᠬᠤ ᠲᠥᠷᠥᠯ ᠵᠣᠶᠢᠯ ᠢ ᠳᠡᠮᠵᠢᠵᠦ᠂ ᠳᠤᠮᠳᠠᠳᠤ ᠴᠥᠮ᠎ᠡ ᠶᠢᠨ ᠱᠠᠨᠳᠦ᠋ᠩ ᠤᠨ ᠡᠨᠧᠷᠭᠢ ᠶᠢᠨ ᠭᠡᠷᠡᠯ ᠸᠣᠯᠲ ᠤᠨ ᠲᠥᠷᠥᠯ ᠵᠣᠶᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠱᠧᠩ ᠰᠢᠨ᠂ ᠭᠦᠸᠧ ᠾᠧ᠂ ᠸᠤ᠋ ᠳ᠋ᠢᠩ ᠵᠡᠷᠭᠡ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠤᠶᠢᠯ ᠢ ᠪᠠᠶᠢᠭᠤᠯᠤᠨ ᠠᠵᠢᠯᠯᠠᠭᠤᠯᠬᠤ ᠪᠠᠷ ᠴᠢᠷᠮᠠᠶᠢᠨ᠎ᠠ᠃︵ᠲᠦᠷᠪᠡ︶ ᠬᠤᠳᠠᠯᠳᠤᠭ᠎ᠠ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠤᠶᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠤᠨ᠎ᠠ    ᠲᠥᠯᠥᠭᠡᠯᠡᠭᠴᠢᠳ ᠡ︕ ᠮᠠᠨ ᠤ ᠬᠤᠰᠢᠭᠤᠨ ᠤ ᠳᠠᠪᠠᠭᠤᠯᠢᠭ ᠭᠠᠵᠠᠷ ᠵᠦᠶ ᠶᠢᠨ ᠪᠠᠶᠢᠷᠢᠰᠢᠯ᠂ ᠣᠨᠴᠠᠭᠠᠢ ᠵᠢᠭᠤᠯᠴᠢᠯᠠᠯ ᠤᠨ ᠡᠬᠢ ᠪᠠᠶᠠᠯᠢᠭ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ︽ᠳᠠᠪᠠᠭᠤᠯᠢᠭ ᠫᠠᠶᠢᠰᠠ︾ ᠮᠥᠨ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢᠨ ︽ᠥᠪᠡᠷᠮᠢᠴᠡ ᠣᠨᠴᠠᠯᠢᠭ ᠲᠠᠢ ᠫᠠᠶᠢᠰᠠ︾ ᠮᠥᠨ᠃ ᠪᠢᠳᠡ ᠡᠳᠡᠭᠡᠷ ︽ᠡᠳ᠋ ᠬᠥᠷᠥᠩᠭᠡ︾ ᠶᠢ ᠰᠠᠶᠢᠲᠤᠷ ᠠᠰᠢᠭᠯᠠᠵᠤ᠂ ᠬᠤᠳᠠᠯᠳᠤᠭ᠎ᠠ ᠵᠢᠭᠤᠯᠴᠢᠯᠠᠯ ᠤᠨ ᠬᠦᠢᠯᠬᠡᠬᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠩᠭᠠᠯᠭ᠎ᠠ ᠶᠢᠨ ᠶᠠᠰᠤ ᠴᠢᠨᠠᠷ ᠢ ᠲᠦᠷᠭᠡᠪᠴᠢᠯᠡᠨ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠵᠠᠯᠭᠠᠮᠵᠢ ᠬᠥᠭᠵᠢᠯᠲᠡ ᠳᠤ ᠪᠠᠷᠠᠭᠳᠠᠰᠢ ᠦᠭᠡᠢ ᠬᠥᠳᠡᠯᠭᠡᠭᠴᠢ ᠬᠦᠴᠦᠨ ᠨᠡᠮᠡᠷᠢᠯᠡᠨ᠎ᠡ᠃ᠵᠢᠭᠤᠯᠴᠢᠯᠠᠯ ᠤᠨ ᠦᠢᠯᠡᠰ ᠤᠨ ᠪᠠᠶᠢᠳᠠᠯ ᠤᠨ ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠳᠡᠭᠡᠳᠤ ᠬᠤᠷᠳᠤᠴᠠᠲᠤ ᠲᠡᠮᠦᠷ ᠵᠠᠮ ᠤᠨ ᠴᠠᠭ  ᠦᠶ᠎ᠡ ᠳᠤ ᠢᠳᠡᠪᠬᠢᠲᠡᠢ ᠠᠭᠤᠰᠤᠯᠴᠠᠵᠤ᠂ ᠨᠡᠶᠢᠰᠯᠡᠯ ᠤᠨ ᠠᠵᠤ ᠠᠬᠤᠢ ᠶᠢᠨ ᠲᠣᠭᠤᠷᠢᠭ ᠲᠤ ᠲᠦᠷᠭᠡᠨ ᠠᠭᠤᠰᠤᠯᠴᠠᠵᠤ᠂ ᠵᠢᠭᠤᠯᠴᠢᠯᠠᠯ ᠤᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠵᠢᠭᠤᠯᠴᠢᠯᠠᠯ +︾ ︽+ ᠵᠢᠭᠤᠯᠴᠢᠯᠠᠯ︾ ᠤᠨ ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠬᠥᠭᠵᠢᠯᠲᠡ ᠶᠢᠨ ᠦᠨᠳᠦᠰᠦᠨ ᠡᠯᠧᠮᠧᠨ᠋ᠲ ᠢ ᠲᠡᠭᠦᠯᠳᠡᠷᠵᠢᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ  ᠲᠦᠯᠦᠪᠵᠢᠭᠦᠯᠭᠡ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠤᠯᠤᠰ ᠠᠴᠠ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ᠎ᠡ᠃ ᠭᠠᠯᠲᠤ ᠠᠭᠤᠯᠠ ᠠᠴᠠ ᠬᠤᠨᠳᠣ ᠨᠠᠭᠤᠷ ᠬᠦᠷᠬᠦ ᠵᠢᠭᠤᠯᠴᠢᠯᠠᠯ ᠤᠨ ᠵᠠᠰᠠᠮᠠᠯ ᠵᠠᠮ ᠢ ᠴᠢᠷᠮᠠᠶᠢᠨ ᠬᠡᠷᠡᠭᠵᠢᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠵᠢᠭᠤᠯᠴᠢᠯᠠᠯ ᠤᠨ ᠵᠣᠷᠯᠣᠩ᠂ ᠵᠢᠭᠤᠯᠴᠢᠯᠠᠯ ᠤᠨ ᠲᠡᠮᠳᠡᠭ᠂ ᠤᠰᠤ ᠬᠠᠩᠭᠠᠬᠤ ᠪᠣᠬᠢᠷᠲᠤᠯ ᠭᠠᠳᠠᠭᠰᠢᠯᠠᠭᠤᠯᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠭᠤᠯᠴᠢᠯᠠᠯ ᠤᠨ ᠶᠡᠷᠦᠩᠬᠡᠶ ᠳᠡᠭᠡᠳᠦ ᠲᠡᠰ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠤᠨ᠎ᠠ᠃ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠳᠠᠭᠠᠭᠠᠴᠠ ᠶᠢ ᠬᠠᠮᠢᠶᠠᠷᠤᠨ ᠡᠵᠡᠮᠳᠡᠬᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠲᠠᠭᠤ ᠭᠦᠢᠴᠡᠳᠬᠡᠬᠦ ᠲᠤᠭ᠎ᠠ ᠶᠢ ᠴᠢᠩᠭ᠎ᠠ ᠬᠡᠷᠡᠭᠵᠢᠭᠦᠯᠵᠦ᠂ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠬᠦ ᠪᠠ ᠨᠡᠶᠢᠭᠡᠮ ᠤᠨ ᠴᠢᠨᠠᠷ ᠰᠠᠶᠢᠲᠠᠶ ᠬᠥᠷᠥᠩᠭ᠊ ᠶᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠢ ᠪᠦᠲᠦᠮᠵᠢᠲᠡᠶ ᠨᠡᠭᠡᠭᠡᠨ ᠬᠥᠭᠵᠢᠭᠦᠯᠵᠦ᠂ ᠭᠦᠨᠵᠡᠭᠡᠶ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠤᠨ᠎ᠠ᠃ ᠪᠦᠬᠦ ᠣᠷᠣᠨ ᠪᠦᠬᠦ ᠴᠠᠭ ᠪᠦᠬᠦ ᠠᠵᠤ ᠦᠢᠯᠡᠰ ᠤᠨ ᠵᠢᠭᠤᠯᠴᠢᠯᠠᠯ ᠢ ᠬᠥᠭᠵᠢᠭᠦᠯᠦᠨ᠎ᠡ᠃ ᠴᠠᠬᠠᠷ ᠰᠣᠶᠣᠯ᠂ ᠬᠤᠩᠬᠢᠶᠠᠯᠲᠤ ᠶᠢᠨ ᠳᠠᠶᠢᠯᠠᠯᠳᠤᠭᠠᠨ ᠤ ᠬᠤᠪᠢᠰᠬᠠᠯ ᠤᠨ ᠰᠣᠶᠣᠯ ᠬᠢᠭᠡᠳ ᠵᠤᠭᠠᠴᠠᠯ ᠤᠨ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠯᠢᠳᠡᠭ ᠰᠣᠶᠣᠯ ᠤᠨ ᠵᠦᠴᠦᠭᠡ ᠶᠢᠨ ᠦᠵᠡᠮᠵᠢ ᠶᠢᠨ ᠣᠷᠣᠨ᠂ ᠲᠠᠢᠰᠠᠨ ᠳᠤ ᠭᠠᠷᠬᠤ ᠶᠢ ᠠᠬᠢᠭᠤᠯᠵᠤ᠂ ᠰᠣᠶᠣᠯ ᠤᠨ ᠪᠡᠶᠡᠴᠢ ᠣᠶᠢᠯᠭᠠᠯᠲᠠ ᠪᠠ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠵᠢᠭᠤᠯᠴᠢᠯᠠᠯ ᠤᠨ ᠣᠶᠢᠯᠡᠰ ᠤᠨ ᠪᠠᠶᠢᠳᠠᠯ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠎ᠡ᠃ ︽ᠠᠷᠠᠳ ᠤᠨ ᠣᠷᠣᠨ ᠰᠠᠭᠤᠴᠠ︾ ᠶᠢᠨ ᠵᠤᠭᠠᠴᠠᠯ ᠤᠨ ᠬᠥᠭᠵᠢᠯᠲᠡ ᠳᠤ ᠨᠥᠬᠦᠪᠥᠷᠢ ᠥᠭᠬᠦ ᠠᠷᠭ᠎ᠠ ᠶᠢ ᠰᠠᠶᠢᠲᠤᠷ ᠬᠡᠷᠡᠭᠯᠡᠵᠤ᠂ ᠠᠮᠢ ᠠᠬᠤᠢ ᠶᠢᠨ ᠲᠠᠷᠢᠶᠠᠯᠠᠩ ᠤᠨ ᠲᠠᠯᠠᠪᠠᠢ᠂ ᠮᠠᠯᠴᠢᠨ ᠠᠶᠢᠯ᠂ ᠣᠨᠴᠠᠯᠢᠭᠲᠤ ᠠᠷᠠᠳ ᠤᠨ ᠣᠷᠣᠨ ᠰᠠᠭᠤᠴᠠ ᠶᠢ ᠬᠥᠭᠵᠢ ᠭᠦᠯᠬᠦ ᠶᠢ ᠳᠠᠮᠵᠢᠵᠤ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠤᠨ ᠪᠣᠬᠢᠷᠲᠤᠯ ᠦᠭᠡᠢ ᠡᠯᠧᠮᠧᠨ᠋ᠲ ᠢ ᠨᠡᠮᠡᠭᠳᠡᠬᠦᠯᠦᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠠᠰᠢᠭᠲᠠᠢ ᠠᠵᠠ ᠳᠤᠬᠢᠶᠠᠯ ᠢ ᠵᠠᠪᠳᠤᠨ ᠠᠳᠬᠤᠵᠤ᠂ ᠴᠠᠰᠤᠲᠤ ᠣᠷᠣᠨ ᠤ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠬᠥᠭᠵᠢᠭᠦᠯᠵᠦ᠂ ᠡᠪᠦᠯ ᠬᠠᠪᠤᠷ ᠤᠨ ᠵᠤᠭᠠᠴᠠᠯ ᠤᠨ ᠵᠠᠬ᠎ᠠ ᠳᠡᠯᠭᠡᠭᠦᠷ ᠢ ᠬᠥᠭᠵᠢᠭᠡᠨ᠎ᠡ᠃ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠡᠵᠡᠩᠨᠡᠨ ᠪᠣᠷᠣᠯᠠᠭᠤᠯᠬᠤ ᠳᠡᠯᠭᠡᠷᠡᠭᠦᠯᠦᠯᠲᠡ ᠶᠢ ᠴᠢᠩᠭᠠᠳᠬᠠᠨ᠎ᠠ᠃ ᠴᠠᠬᠠᠷ ᠤᠨ ᠠᠮᠲᠠᠲᠤ ᠢᠳᠡᠭᠡᠨ ᠤ ᠨᠠᠶᠢᠷ᠂ ᠵᠠᠩ ᠦᠢᠯᠡ ᠰᠣᠶᠣᠯ ᠵᠤᠭᠠᠴᠠᠯ ᠤᠨ ᠨᠠᠶᠢᠷ᠂ ᠬᠡᠭᠡᠷᠡᠯᠡᠨ ᠪᠠᠶᠢᠯᠳᠤᠬᠤ ᠤᠷᠤᠯᠳᠤᠭᠠᠨ ᠵᠡᠷᠭᠡ ᠪᠠᠶᠠᠷ ᠳᠤᠷᠠᠰᠬᠠᠯ ᠤᠨ ᠬᠥᠳᠡᠯᠭᠡᠭᠡᠨ ᠢ ᠴᠠᠭ ᠲᠤᠨᠢ ᠲᠤᠬᠢᠷᠠᠭᠤᠯᠤᠨ ᠰᠠᠶᠢᠲᠤᠷ ᠬᠢᠵᠦ᠂ ᠵᠠᠭᠤᠴᠢᠯᠠᠭᠤᠷ ᠤᠨ ᠬᠢᠨ ᠤ ᠭᠡᠷᠡᠯ ᠵᠢᠷᠤᠭ ᠠᠪᠬᠤ ᠰᠠᠯᠬᠢ ᠠᠪᠬᠤ ᠠᠵᠢᠯᠯᠠᠭ᠎ᠠ ᠶᠢ ᠢᠳᠡᠪᠬᠢᠲᠡᠢ ᠳᠠᠭᠠᠭᠠᠴᠢᠯᠠᠨ ᠡᠷᠬᠢᠯᠡᠵᠤ᠂ ︽ᠲᠠᠲᠠᠬᠤ ᠬᠦᠴᠦᠨ ᠪᠦᠬᠦᠢ ᠴᠠᠬᠠᠷ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ︾ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ᠎ᠡ᠃    ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠤᠯᠠᠭᠠᠨᠴᠠᠪ ᠶᠡᠭᠡ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠵᠢᠯᠴᠠᠭ᠎ᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠠᠮᠵᠢᠯᠴᠠᠨ ᠬᠥᠭᠵᠢᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ᠭᠠᠳᠠᠭᠠᠳᠤ ᠲᠠᠢ ᠬᠠᠮᠲᠤᠷᠠᠯᠴᠠᠬᠤ ᠲᠠᠪᠴᠠᠩ ᠢ ᠲᠡᠭᠦᠯᠳᠡᠷᠵᠢᠭᠦᠯᠵᠦ᠂ ᠤᠶᠢᠯᠡᠳᠪᠤᠷᠢᠯᠡᠯ ᠤᠨ ᠴᠢᠨᠠᠷᠲᠠᠶ ᠤᠶᠢᠯᠡᠴᠢᠯᠡᠬᠡᠨ ᠤ ᠤᠶᠢᠯᠡᠰ ᠪᠠ ᠬᠡᠷᠡᠭᠯᠡᠭᠡᠨ ᠤ ᠴᠢᠨᠠᠷᠲᠠᠶ ᠣᠶᠢᠯᠡᠴᠢᠯᠡᠬᠡᠨ ᠤ  ᠤᠶᠢᠯᠡᠰ ᠤᠨ ᠵᠡᠷᠭᠡ ᠪᠠᠷ ᠨᠡᠮᠡᠭᠳᠡᠬᠦ ᠶᠢ ᠠᠬᠢᠭᠤᠯᠤᠨ᠎ᠠ᠃ ᠪᠠᠷᠠᠭ᠎ᠠ ᠶᠢᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠢᠢ ᠬᠤᠶᠠᠳᠤᠭᠠᠷ᠂ ᠵᠢᠢ ᠲᠦᠩ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠪᠠ ᠬᠤᠶᠠᠳᠤᠭᠠᠷ ᠭᠤᠸᠠᠩ ᠲᠦᠷᠭᠡᠨ ᠳᠠᠪᠬᠢᠬᠤ ᠵᠠᠰᠠᠮᠠᠯ ᠵᠠᠮ ᠤᠨ ᠪᠠᠶᠠᠨᠴᠠᠭᠠᠨ ᠠᠴᠠ ᠠᠨ ᠶᠧ ᠬᠦᠷᠬᠦ ᠬᠡᠰᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠠᠢ ᠶᠦᠩ ᠲᠦᠷᠭᠡᠨ ᠳᠠᠪᠬᠢᠬᠤ ᠲᠦᠷᠦᠯ ᠵᠦᠢᠯ ᠤᠨ ᠠᠵᠢᠯ ᠢ ᠰᠡᠷᠭᠦᠭᠡᠬᠦ ᠶᠢ ᠢᠳᠡᠪᠬᠢᠲᠡᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠲᠠᠷᠢᠶᠠᠯᠠᠩ ᠮᠠᠯ‌‍ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠭᠡᠭᠰᠢ ᠪᠤᠷᠤᠯᠠᠭᠤᠯᠬᠤ ᠲᠠᠪᠴᠠᠩ ᠪᠠ ᠪᠠᠷᠠᠭ᠎ᠠ ᠶᠢᠨ ᠭᠦᠢᠯᠭᠡᠭᠡᠨ ᠤ ᠲᠦᠷᠭᠡᠨ ᠬᠦᠷᠭᠡᠯᠲᠡ ᠶᠢᠨ ᠬᠤᠪᠢᠶᠠᠨ ᠥᠭᠬᠦ ᠲᠥᠪ᠂ ᠡᠯᠧᠺᠲᠷᠣᠨ ᠬᠤᠳᠠᠯᠳᠤᠭᠠᠨ ᠤ  ᠤᠶᠢᠯᠡᠴᠢᠯᠡᠬᠡᠨ ᠤ 20 ᠲᠣᠤᠷ ᠴᠢᠭ ᠢ ᠦᠷᠭᠦᠯᠵᠢᠯᠡᠨ ᠪᠠᠶᠢᠭᠤᠯᠵᠤ᠂ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ  ᠭᠦᠢᠯᠭᠡᠭᠡᠨ ᠤ ᠰᠢᠰᠲ᠋ᠧᠮᠵᠢ ᠶᠢ ᠳᠡᠬᠦᠯᠳᠡᠷᠵᠢᠬᠦᠯᠦᠨ᠎ᠡ᠃ ᠨᠡᠭᠡᠭᠡᠯᠲᠡ ᠬᠢᠬᠦ ︽ᠬᠥᠭᠦᠷᠭᠡᠨ ᠪᠠᠬᠢᠯᠡᠯᠲᠡ︾ ᠶᠢ ᠪᠦᠲᠦᠭᠡᠨ ᠪᠠᠶᠢᠭᠤᠯᠵᠤ᠂ ᠳᠤᠮᠳᠠᠳᠤ ᠧᠦ᠋ᠷᠣᠫᠠ ᠵᠢᠰᠢᠶᠠᠨ ᠤ ᠭᠠᠯᠲᠤ ᠲᠡᠷᠭᠡᠨ ᠳᠤ ᠲᠦᠰᠢᠭᠯᠡᠨ ᠬᠢᠯᠢ ᠥᠩᠭᠡᠷᠡᠵᠦ᠂ ᠵᠢᠶ ᠬᠤᠶᠠᠳᠤᠭᠠᠷ᠂ ᠵᠢᠶ ᠲᠦᠩ ᠲᠡᠮᠦᠷ ᠵᠠᠮ ᠤᠨ ᠨᠡᠪᠲᠡᠷᠡᠬᠦ ᠳᠠᠪᠠᠭᠤᠯᠢᠭ᠂ ᠸᠠᠨ ᠬᠤᠩ ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠢ ᠥᠭᠡᠷᠡᠴᠢᠯᠡᠨ ᠳᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ ᠬᠥᠮᠥᠷᠭᠡᠯᠡᠨ ᠬᠠᠳᠠᠭᠠᠯᠠᠬᠤ᠂ ᠳᠠᠮᠵᠢᠭᠤᠯᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠭᠦᠷᠡᠰᠦ᠂ ᠮᠣᠳᠣᠨ ᠮᠠᠲ᠋ᠧᠷᠢᠶᠠᠯ ᠵᠡᠷᠭᠡ ᠡᠬᠢ ᠪᠠᠶᠠᠯᠢᠭ ᠢ ᠰᠠᠯᠭᠠᠨ ᠥᠭᠬᠦ᠂ ᠲᠣᠬᠢᠷᠠᠭᠤᠯᠤᠨ ᠬᠦᠷᠭᠡᠬᠦ ᠪᠠ ᠬᠦᠨᠵᠡᠬᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠢ ᠳᠣᠲᠣᠭᠠᠳᠤ ᠳᠠᠭᠠᠨ ᠵᠠᠯᠭᠠᠮᠵᠢᠯᠠᠵᠤ᠂ ᠭᠠᠳᠠᠨ᠎ᠠ ᠣᠷᠣᠰ ᠮᠣᠩᠭᠤᠯ ᠲᠠᠢ ᠵᠠᠯᠭᠠᠯᠳᠤᠵᠤ ᠪᠠᠶᠢᠭ᠎ᠠ ᠡᠬᠢ ᠪᠠᠶᠠᠯᠢᠭ ᠤᠨ ᠲᠥᠪᠯᠡᠷᠡᠭᠦᠯᠦᠨ ᠲᠠᠷᠬᠠᠭᠠᠬᠤ ᠵᠠᠩᠭᠢᠯᠭ᠎ᠠ ᠶᠢᠨ ᠴᠢᠭ ᠬᠤᠲᠠ ᠪᠠᠯᠭᠠᠰᠤ᠃ ᠪᠠᠷᠠᠭ᠎ᠠ ᠶᠢᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠪᠠᠷᠠᠭᠠᠨ ᠤ ᠬᠦᠢᠯᠬᠡᠬᠡᠨ ᠤ ᠠᠵᠤ ᠠᠬᠤᠶᠢᠯᠠᠯ ᠤᠨ ᠭᠠᠶᠢᠯᠢ ᠠᠴᠠ ᠵᠠᠶᠢᠯᠠᠵᠤ ᠰᠤᠶᠢᠳᠬᠡᠯ ᠣᠷᠬᠢᠭᠳᠠᠭᠤᠯᠤᠭᠰᠠᠨ᠂ ᠪᠠᠷᠠᠭᠠᠨ ᠤ  ᠬᠦᠢᠯᠬᠡᠬᠡᠨ ᠤ ᠬᠥᠮᠥᠷᠭᠡᠯᠡᠯᠲᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠵᠡᠩᠨᠡᠯᠲᠡ ᠶᠢᠨ ᠦᠷ᠎ᠡ ᠪᠦᠲᠦᠮᠵᠢ ᠪᠠᠷ ᠳᠣᠤᠷ᠎ᠠ ᠨᠢᠭᠡ ᠪᠦᠯᠦᠭ ᠪᠠᠷᠠᠭᠠᠨ ᠤ ᠬᠦᠢᠯᠬᠡᠬᠡᠨ ᠤ ᠠᠵᠤ ᠠᠬᠤᠶᠢᠯᠠᠯ ᠤᠨ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠰᠢᠭᠰᠢᠭᠳᠡᠬᠦᠯᠬᠦ ᠶᠢ ᠭᠡᠳᠡᠷᠭᠦ ᠰᠢᠬᠠᠮᠳᠠᠭᠤᠯᠤᠨ᠎ᠠ᠃ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠪᠦᠯᠬᠦᠮᠳᠡᠨ ᠬᠥᠭᠵᠢᠬᠦ ᠶᠢ ᠵᠣᠷᠢᠭᠵᠢᠭᠤᠯᠤᠨ᠎ᠠ᠃ ᠬᠡᠷᠡᠭᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠥᠷᠭᠡᠳᠬᠡᠵᠦ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠪᠣᠯᠪᠠᠰᠤᠷᠠᠯ ᠤᠨ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠶᠢ ᠲᠦᠷᠭᠡᠳᠬᠡᠨ ᠬᠥᠭᠵᠢᠭᠦᠯᠵᠦ᠂ ᠨᠡᠶᠢᠭᠡᠮ ᠤᠨ ᠬᠥᠷᠥᠩᠭᠡ ᠶᠢᠨ ︽ᠨᠡᠭᠦᠳᠡᠯ ᠤᠨ ᠰᠢᠪᠠᠭᠤ ᠮᠠᠶ᠋ᠢᠭ︾ ︽ᠠᠮᠠᠷᠠᠯᠲᠠ ᠶᠢᠨ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠠᠮᠵᠢᠵᠤ᠂ ᠬᠡᠷᠡᠭᠯᠡᠭᠡᠨ ᠤ ᠴᠢᠨᠠᠷᠲᠠᠶ ᠤᠶᠢᠯᠡᠴᠢᠯᠡᠬᠡᠨ ᠤ ᠤᠶᠢᠯᠡᠰ ᠢ ᠪᠤᠵᠠᠭᠠᠶᠢᠷᠠᠭᠤᠯᠤᠨ᠎ᠠ᠃    ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ    ᠲᠥᠯᠥᠭᠡᠯᠡᠭᠴᠢᠳ ᠡ︕ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠠᠮᠢᠳᠤᠯᠢᠭ ᠡᠬᠢ ᠰᠤᠷᠪᠤᠯᠵᠢ ᠮᠥᠨ᠃ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠤ ᠠᠬᠤᠶ ᠶᠢᠨ ᠬᠥᠭᠵᠢᠯᠲᠡ ᠶᠢ ᠬᠥᠭᠵᠢᠭᠡᠬᠦ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠲᠦᠷᠭᠡᠳᠬᠡᠬᠦ ᠬᠥᠳᠡᠯᠭᠡᠭᠴᠢ ᠬᠦᠴᠦᠨ ᠪᠣᠯᠭᠠᠬᠤ ᠬᠡᠷᠡᠭᠲᠡᠶ᠃ ᠥᠭᠡᠷᠡᠴᠢᠯᠡᠯᠲᠡ ᠠᠴᠠ ᠠᠰᠢᠭ ᠣᠯᠵᠤ᠂ ᠰᠢᠨ᠎ᠡ ᠶᠢ ᠡᠭᠦᠳᠬᠦ ᠠᠴᠠ ᠦᠷ᠎ᠡ ᠠᠰᠢᠭ ᠣᠯᠵᠤ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠶ᠃ᠲᠥᠷᠥᠯ ᠵᠣᠶᠢᠯ ᠣᠷᠣᠭᠤᠯᠵᠤ ᠢᠷᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ᠲᠥᠷᠥᠯ ᠵᠦᠢᠯ ᠢ ᠲᠥᠯᠥᠪᠵᠢᠭᠦᠯᠬᠦ ᠶᠢ ᠨᠠᠩ ᠴᠢᠬᠤᠯᠠᠴᠢᠯᠠᠵᠤ᠂ ᠣᠳᠣᠬᠠᠨ ᠤ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠬᠦ ᠠᠰᠢᠭᠲᠠᠶ ᠲᠣᠬᠢᠶᠠᠯ ᠢ ᠠᠳᠬᠤᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ  ᠤᠳᠤᠷᠢᠳᠤᠯᠭ᠎ᠠ᠂ ᠪᠡᠯᠡ ᠣᠷᠣᠭᠤᠯᠤᠯᠲᠠ ᠶᠢᠨ ᠴᠢᠭᠯᠡᠯ ᠢ ᠭᠦᠨᠵᠡᠭᠡᠶ ᠰᠤᠳᠤᠯᠵᠠᠶ᠃ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠪᠦᠲᠦᠭᠡᠨ ᠪᠠᠶᠢᠭᠤᠯᠤᠯᠲᠠ ᠶᠢᠨ ᠰᠢᠯᠭᠠᠨ ᠬᠢᠨᠠᠬᠤ ᠤᠷᠲᠤ  ᠬᠤᠭᠤᠴᠠᠭᠠᠨ ᠤ ᠪᠦᠲᠦᠮᠵᠢᠲᠡᠶ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠨᠠᠷᠢᠯᠢᠭ ᠬᠢᠵᠦ᠂ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠣᠯᠬᠤ ᠡᠷᠴᠢᠮ ᠢ ᠴᠢᠩᠭᠠᠷᠠᠭᠤᠯᠵᠤ ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠳᠠᠶᠢᠴᠢᠯᠠᠬᠤ ᠴᠢᠨᠠᠷᠲᠠᠶ ᠴᠢᠬᠤᠯᠠ ᠶᠡᠭᠡ ᠲᠥᠷᠥᠯ ᠵᠣᠶᠢᠯ ᠢ ᠨᠠᠷᠢᠨ ᠨᠢᠮᠪᠠᠶ ᠰᠦᠪᠡᠭᠴᠢᠯᠡᠬᠦ ᠬᠡᠷᠡᠭᠲᠡᠶ᠃ ᠬᠤᠳᠠᠯᠳᠤᠭᠠᠴᠢᠨ ᠤᠷᠢᠬᠤ ᠴᠢᠭᠯᠡᠯ ᠢ ᠨᠠᠩ ᠴᠢᠬᠤᠯᠠᠴᠢᠯᠠᠵᠤ᠂ ᠭᠤᠤᠯᠯᠠᠬᠤ ᠠᠵᠤ ᠤᠶᠢᠯᠡᠰ ᠲᠤ ᠬᠤᠯᠪᠣᠭᠳᠠᠬᠤ ᠲᠥᠷᠥᠯ ᠵᠣᠶᠢᠯ᠂ ᠬᠦᠷᠢᠶᠡᠯᠡᠩ ᠲᠣᠭᠤᠷᠢᠭ ᠤᠨ ᠪᠠᠶᠢᠷᠢᠯᠠᠭᠤᠯᠤᠯᠲᠠ  ᠶᠢ ᠳᠡᠭᠡᠭᠰᠢᠯᠡᠭᠦᠯᠬᠦ ᠲᠥᠷᠥᠯ ᠵᠣᠶᠢᠯ ᠤᠨ ᠲᠣᠭᠤᠷᠢᠨ ᠳᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠣᠶᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠪᠠ ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠥᠷᠨᠢᠭᠦᠯᠵᠦ᠂ ︽ᠠᠵᠤ ᠠᠬᠤᠶ ᠳᠤ ᠪᠤᠴᠠᠵᠤ ᠢᠷᠡᠬᠦ︾ ᠶᠢ ᠪᠤᠶᠢᠵᠢᠭᠤᠯᠵᠤ᠂ ᠬᠤᠳᠠᠯᠳᠤᠭᠠᠴᠢᠨ ᠤᠷᠢᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠬᠤ ᠦᠷ᠎ᠡ ᠪᠦᠲᠦᠮᠵᠢ ᠶᠢ ᠨᠠᠩ ᠴᠢᠬᠤᠯᠠᠴᠢᠯᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠵᠦᠷᠢᠶᠡᠴᠢᠯᠡᠭᠰᠡᠨ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠦᠴᠦᠯᠡᠴᠡ᠂ ᠭᠠᠵᠠᠷ ᠬᠡᠷᠡᠭᠯᠡᠬᠦ ᠬᠡᠪᠴᠢᠶ᠎ᠡ᠂ ᠭᠠᠶᠢᠯᠢ ᠲᠠᠲᠠᠪᠤᠷᠢ ᠶᠢᠨ ᠲᠤᠭ᠎ᠠ ᠬᠡᠮᠵᠢᠶ᠎ᠡ ᠵᠡᠷᠭᠡ ᠪᠡᠯᠡ ᠣᠷᠣᠭᠤᠯᠤᠯᠲᠠ ᠶᠢ ᠦᠨᠡᠯᠡᠬᠦ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠤᠨ ᠬᠤᠪᠢ ᠨᠡᠮᠡᠷᠢ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠨᠠᠩ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤᠮᠳᠠᠬᠢ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠤᠶᠢᠯᠡᠳᠤᠯ ᠢ  ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠣᠯᠤᠨ ᠤᠯᠤᠰ ᠤᠨ ᠳᠤᠲᠤᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠳᠤᠷᠠᠯᠴᠠᠭ᠎ᠠ ᠶᠢ ᠵᠣᠷᠢᠭᠵᠢᠭᠤᠯᠵᠠᠶ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠢ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠬᠦ ᠶᠢ ᠠᠬᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃   ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠯᠠ ᠣᠷᠣᠭᠤᠯᠤᠨ ᠤᠶᠢᠯᠡᠰ ᠬᠦᠭᠵᠢᠬᠦᠯᠬᠦ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠵᠤ ᠤᠶᠢᠯᠡᠰ ᠴᠣᠭᠴᠠᠯᠠᠬᠤ ᠳᠤ ᠳᠥᠭᠦᠮ ᠳᠥᠲᠡ᠂ ᠲᠣᠭᠲᠠᠭᠤᠨ᠂ ᠲᠥᠪ ᠭᠤᠤᠯᠴᠢ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠪᠠ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠱᠠᠩᠨᠠᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠬᠡᠷᠯᠡᠬᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠦᠨᠡᠯᠡᠯᠲᠡ ᠵᠢᠴᠢ ᠤᠯᠠᠭᠠᠨ ᠬᠠᠷ᠎ᠠ ᠨᠡᠷ᠎ᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠎ᠠ᠃ ᠦᠢᠯᠡᠴᠢᠯᠡᠭᠡᠨ ᠤ ︽ᠨᠢᠭᠡ ᠰᠦᠯᠵᠢᠶ᠎ᠡ︾ ᠶᠢ ᠰᠠᠶᠢᠲᠤᠷ ᠬᠡᠷᠡᠭᠯᠡᠵᠦ᠂ ᠰᠤᠮᠤ ᠰᠢᠶᠠᠩ ᠪᠠᠯᠭᠠᠰᠤ ᠶᠢᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠤᠶᠢᠯᠡᠴᠢᠯᠡᠬᠡᠨ︾ ᠤ ᠲᠠᠪᠴᠠᠩ ᠢ ᠵᠠᠯᠭᠠᠨ ᠣᠷᠣᠭᠤᠯᠬᠤ ᠠᠵᠢᠯ ᠢ ᠪᠡᠶᠡᠯᠡᠭᠦᠯᠵᠦ᠂ ᠠᠷᠠᠳ ᠲᠦᠮᠡᠨ ᠳᠤ ᠤᠶᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠦᠨ᠎ᠡ᠃ ︽ᠨᠢᠭᠡ ᠯᠡ ᠡᠭᠦᠳᠡ︾ ᠪᠠᠷ ᠣᠷᠣᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ‌‍ᠳᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠭᠦᠢᠴᠡᠳᠬᠡᠬᠦ ᠴᠤᠩᠬᠤ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ 12345 ᠵᠠᠰᠠᠭ ᠤᠨ ᠣᠷᠳᠣᠨ ᠤ ᠤᠶᠢᠯᠡᠴᠢᠯᠡᠬᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠵᠦ᠂ ︽ᠨᠢᠭᠡ ᠴᠣᠩᠬᠤ ᠪᠠᠷ ᠨᠡᠶᠢᠳᠡᠮ ᠰᠢᠢᠳᠪᠤᠷᠢᠯᠡᠬᠦ︾ ᠶᠢ ᠠᠷᠠᠳ ᠲᠤ ᠤᠶᠢᠯᠡᠴᠢᠯᠡᠬᠦ ᠰᠢᠨ᠎ᠡ ᠬᠡᠪ ᠪᠠᠶᠢᠳᠠᠯ ᠪᠣᠯᠭᠠᠪᠠ᠃   ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠴᠢᠳᠠᠮᠵᠢ ᠶᠢ ᠣᠨᠣᠪᠴᠢᠲᠠᠶ ᠲᠣᠭᠲᠠᠭᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ᠂ ᠲᠡᠮᠦᠷᠲᠡᠢ ᠬᠦᠷᠢᠶᠡᠯᠡᠩ ᠲᠣᠭᠤᠷᠢᠭ ᠢ ᠰᠢᠯᠢᠳᠡᠭᠵᠢᠭᠦᠯᠦᠨ ᠨᠡᠶᠢᠯᠡᠭᠦᠯᠵᠦ᠂ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠪᠣᠯᠭᠠᠨ ᠳᠡᠪᠰᠢᠭᠦᠯᠬᠦ ᠪᠠᠷ  ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠦᠢᠯᠡᠴᠢᠯᠡᠭᠡᠨ ᠤ ᠡᠭᠦᠷᠭᠡ ᠴᠢᠳᠠᠪᠬᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡᠴᠢᠯᠡᠭᠰᠡᠨ ᠬᠢᠨᠠᠨ ᠲᠣᠭᠲᠠᠭᠠᠯᠲᠠ ᠶᠢ ᠬᠠᠮᠲᠤᠪᠠᠷ ᠡᠳ᠋ᠯᠡᠬᠦ ᠶᠢ ᠰᠦᠪᠡᠭᠴᠢᠯᠡᠨ ᠬᠡᠷᠡᠭᠵᠢᠭᠦᠯᠵᠦ᠂ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠬᠦᠷᠢᠶᠡᠯᠡᠩ ᠲᠣᠭᠤᠷᠢᠭ ᠲᠤ ᠤᠷᠢᠨ ᠰᠠᠭᠤᠯᠭᠠᠵᠤ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢᠨ ᠤᠯᠠᠭᠠᠨ ᠱᠤᠭᠤᠮ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠪᠣᠬᠢᠷ ᠤᠰᠤ ᠶᠢ ᠰᠢᠢᠳᠪᠤᠷᠢᠯᠡᠬᠦ᠂ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠤᠷᠢᠯᠡᠬᠦ᠂ ᠲᠥᠪᠯᠡᠷᠡᠭᠦᠯᠦᠨ ᠤᠰᠤ ᠬᠠᠩᠭᠠᠬᠤ ᠢᠯᠴᠢ ᠬᠠᠩᠭᠠᠬᠤ ᠬᠡᠢ ᠬᠠᠩᠭᠠᠬᠤ᠂ ᠰᠢᠭᠠᠷᠤ ᠲᠠᠯᠠᠪᠠᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠵᠡᠷᠭᠡ ᠰᠠᠭᠤᠷᠢ ᠪᠡᠯᠡᠳᠬᠡᠮᠵᠢ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠣᠶᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠥᠨᠳᠥᠷ ᠮᠤᠤ 220 ᠺᠢᠯᠣᠸᠠᠲ᠂ ᠢᠦᠶ ᠱᠠᠨ ᠤ 110 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠦᠮᠡᠯᠲᠡᠢ 110 ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ ᠂ ᠴᠠᠬᠢᠯᠭᠠᠨ ᠬᠡᠷᠡᠭᠯᠡᠬᠦ ᠲᠣᠮᠣ ᠡᠷᠦᠬᠡ ᠬᠢᠭᠡᠳ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠬᠠᠮᠲᠤᠷᠠᠨ ᠴᠠᠬ ᠢᠯᠭᠠᠨ ᠬᠦᠴᠦᠨ ᠤ ᠲᠥᠷᠥᠯ ᠵᠣᠶᠢᠯ ᠢ ᠪᠠᠶᠢᠭᠤᠯᠵᠤ᠂ ᠲᠣᠮᠣ ᠬᠡᠷᠡᠭᠯᠡᠭᠴᠢ ᠰᠢᠭᠤᠳ ᠴᠠᠬᠢᠯᠭᠠᠨ ᠬᠤᠳᠠᠯᠳᠤᠨ ᠠᠪᠬᠤ ᠵᠠᠭᠪᠤᠷ ᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠪᠠᠲᠤᠯᠠᠭ᠎ᠠ ᠶᠢᠨ ᠲᠣᠣᠷ ᠢ ᠪᠠᠲᠤ ᠪᠠᠬᠢ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠨᠥᠭᠡᠴᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠰᠢᠮᠡᠯ ᠠᠵᠤ ᠠᠬᠤᠶᠢᠯᠠᠯ ᠤᠨ ᠴᠡᠪᠡᠷᠯᠡᠬᠦ ᠶᠢ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠶ᠂ ᠣᠶᠢᠯᠡᠳᠪᠤᠷᠢ ᠶᠢᠨ ᠭᠡᠷ ᠪᠠᠶᠢᠰᠢᠩ ᠵᠡᠷᠭᠡ ᠰᠤᠯᠠ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠮᠢᠳᠤᠯᠢᠭ ᠪᠣᠯᠭᠠᠨ᠎ᠠ᠃   ︵ᠵᠢᠷᠭᠤᠭ᠎ᠠ︶ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠠᠬᠢᠭᠤᠯᠬᠤ ᠶᠢ ᠰᠠᠶᠢᠳᠤᠷ ᠠᠳᠬᠤᠵᠤ᠂ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠢ ᠭᠠᠷ ᠬᠤᠯᠪᠣᠨ ᠬᠠᠮᠲᠤᠪᠠᠷ ᠤᠷᠤᠭᠰᠢᠯᠠᠨ᠎ᠠ    ᠲᠥᠯᠥᠭᠡᠯᠡᠭᠴᠢᠳ ᠡ︕ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯ ᠨᠢᠭᠡ ᠭᠠᠵᠠᠷ ᠣᠷᠣᠨ ᠤ ᠬᠥᠭᠵᠢᠯᠲᠡ ᠶᠢᠨ ᠳᠦᠷᠢ ᠲᠥᠷᠬᠦ ᠪᠠ ᠴᠣᠩᠬᠤ ᠪᠣᠯᠤᠨ᠎ᠠ᠂ ᠪᠢᠳᠡ ᠴᠣᠭᠴᠠᠯᠠᠬᠤ ᠪᠠᠷ ᠪᠦᠲᠦᠭᠡᠨ ᠪᠠᠶᠢᠭᠤᠯᠤᠯᠲᠠ ᠶᠢ ᠳᠠᠭᠠᠭᠤᠯᠬᠤ᠂ ᠠᠷᠠᠳ ᠤᠨ ᠲᠥᠯᠥᠭᠡ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠵᠡᠷᠭᠡ ᠭᠤᠷᠪᠠᠨ ᠶᠡᠭᠡ ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ︽ᠲᠠᠪᠤᠨ ᠬᠤᠳᠠ ᠨᠢᠭᠡ ᠲᠡᠷᠢᠭᠦᠨ︾ ᠤ ᠬᠤᠯᠪᠣᠭᠠᠯᠠᠨ ᠡᠭᠦᠳᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠬᠡᠬᠦ ᠶᠢ ᠠᠬᠢᠭᠤᠯᠤᠨ᠎ᠠ᠃    ᠳᠡᠭᠡᠳᠦ ᠲᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠪᠠᠶᠠᠨᠴᠠ ᠭᠠᠨ ᠪᠠᠯᠭᠠᠰᠤᠨ ᠤ ᠬᠤᠲᠠ ᠶᠢᠨ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠪᠤᠷ ᠢᠯᠠᠨ ᠨᠠᠶᠢᠷᠠᠭᠤᠯᠬᠤ ᠠᠵᠢᠯ ᠢ ᠡᠬᠢᠯᠡᠭᠦᠯᠵᠦ᠂ ᠬᠥᠮᠦᠨ ᠠᠮᠠ ᠶᠢᠨ ᠲᠠᠷᠬᠠᠯᠲᠠ᠂ ᠠᠵᠤ ᠠᠬᠤᠢ ᠶᠢᠨ ᠪᠠᠶᠢᠷᠢᠰᠢᠯ᠂ ᠤᠯᠤᠰ ᠠᠴᠠ ᠭᠠᠵᠠᠷ ᠰᠢᠷᠣᠶ ᠶᠢᠨ ᠠᠰᠢᠭᠯᠠᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠴᠦᠨ ᠵᠦᠢᠯ ᠢ ᠰᠢᠨᠵᠢᠯᠡᠬᠦ ᠤᠬᠠᠭᠠᠨᠴᠢ ᠪᠠᠷ ᠨᠢᠬᠡᠳᠤᠯᠲᠠᠢ ᠲᠥᠯᠥᠪᠯᠡᠵᠦ᠂ ᠤᠯᠤᠰ ᠠᠴᠠ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠭᠦᠢᠴᠡᠳ ᠠᠭᠤᠰᠤᠯᠴᠠᠵᠤ᠂ ᠣᠯᠠᠨ ᠲᠦᠯᠦᠪᠵᠢᠬᠦᠯᠬᠡ ᠶᠢ ᠨᠢᠭᠡᠳᠬᠡᠨ᠂ ᠬᠠᠷᠢᠯᠴᠠᠨ ᠵᠣᠯᠭᠠᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ  ᠬᠠᠮᠠᠭᠠᠯᠠᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠬᠦᠯᠵᠢᠯᠡᠬᠦ ᠬᠥᠭᠵᠢᠯᠲᠡ ᠶᠢ ᠬᠥᠲᠥᠯᠦᠨ ᠵᠢᠯᠣᠭᠤᠳᠬᠤ ᠳᠤ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠨ᠎ᠠ᠃ ᠲᠥᠯᠥᠪᠵᠢᠭᠦᠯᠭᠡ ᠠᠴᠠ ᠵᠥᠷᠢᠴᠡᠨ ᠪᠦᠲᠦᠭᠡᠨ ᠪᠠᠶᠢᠭᠤᠯᠵᠤ ᠨᠡᠭᠡᠭᠡᠨ ᠬᠥᠭᠵᠢᠭᠦᠯᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠲᠥᠪ ᠴᠢᠩᠭ᠎ᠠ ᠴᠢᠨᠠᠷ ᠢ ᠦᠨᠡᠨᠬᠦ ᠬᠠᠮᠠᠭᠠᠯᠠᠬᠤ ᠬᠡᠷᠡᠭᠲᠡᠶ᠃  ᠲᠥᠪ ᠬᠤᠲᠠ ᠪᠠᠯᠭᠠᠰᠤ ᠶᠢ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ︽ᠬᠠᠭᠤᠴᠢᠨ ᠰᠠᠭᠤᠭᠠᠯᠢ ᠲᠣᠭᠤᠷᠢᠭ ᠢ ᠳᠡᠭᠡᠭᠰᠢᠯᠡᠭᠦᠯᠬᠦ᠂ ᠰᠢᠨ᠎ᠡ ᠪᠠᠷ ᠪᠠᠶᠢᠭᠤᠯᠬᠤ ᠶᠠᠰᠤ ᠴᠢᠨᠠᠷ ᠢ ᠠᠳᠬᠤᠬᠤ︾ ᠶᠢᠨ ᠲᠣᠭᠤᠷᠢᠨ ᠳᠤ᠂ ᠬᠠᠭᠤᠴᠢᠨ ᠰᠠᠭᠤᠭᠠᠯᠢ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠥᠬᠡ ᠲᠢᠶᠠᠨ ᠯᠢ ᠵᠢᠩ ᠳᠥᠷᠪᠡᠳᠦᠭᠡᠷ ᠬᠤᠭᠤᠴᠠᠭ᠎ᠠ᠂ ᠶᠠ ᠵᠢᠤᠢ ᠯᠧ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠬᠤ ᠰᠣᠳᠣᠨ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠣᠯᠠᠨ ᠲᠦᠮᠡᠨ ᠤ ᠢᠳᠡᠵᠦ ᠤᠤᠭᠤᠬᠤ ᠳᠤ ᠬᠦᠴᠢᠷᠲᠡᠶ᠂ ᠢᠯᠴᠢ  ᠬᠠᠩᠭᠠᠬᠤ ᠳᠤ ᠬᠦᠴᠢᠷᠲᠡᠶ᠂ ᠣᠷᠣᠨ ᠰᠠᠭᠤᠴᠠ ᠬᠦᠴᠢᠷᠲᠠᠢ ᠠᠰᠠᠭᠤᠳᠠᠯ ᠢ ᠰᠠᠶᠢᠲᠤᠷ  ᠰᠢᠢᠳᠪᠤᠷᠢᠯᠡᠵᠠᠢ᠃ ᠪᠠᠶᠠᠨᠴᠠᠭᠠᠨ ᠪᠠᠯᠭᠠᠰᠤᠨ ᠤ ᠤᠰᠤᠨ ᠰᠤᠷᠪᠤᠯᠵᠢ ᠶᠢᠨ ᠬᠤᠳᠳᠤᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠣᠷᠣᠨ ᠨᠤᠲᠤᠭ ᠤᠨ ᠪᠠ ᠠᠵᠤ ᠠᠬᠤᠶᠢᠯᠠᠯ ᠤᠨ ᠬᠠᠮᠲᠤᠷᠠᠨ ᠪᠠᠶᠢᠭᠤᠯᠤᠭᠰᠠᠨ ᠢᠯᠴᠢ ᠴᠠᠬᠢᠯᠭᠠᠨ ᠤ ᠬᠠᠮᠲᠤᠷᠠᠨ  ᠤᠶᠢᠯᠡᠳᠪᠤᠷᠢᠯᠡᠬᠦ ᠲᠥᠷᠥᠯ ᠵᠤᠶᠢᠯ ᠢ ᠡᠬᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ ᠰᠢᠢᠳᠪᠤᠷᠢᠯᠡᠨ᠎ᠡ᠃ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ  ᠦᠬᠡᠷᠡᠴᠢᠯᠡᠯᠲᠡ ᠶᠢ ᠵᠦᠶ ᠵᠣᠬᠢᠰᠲᠠᠶ ᠡᠮᠬᠢ ᠵᠢᠷᠤᠮ ᠲᠠᠢ ᠠᠬᠢᠭᠤᠯᠵᠤ᠂ ᠪᠦᠲᠦᠭᠡᠨ ᠪᠠᠶᠢᠭᠤᠯᠵᠤ ᠪᠠᠶᠢᠭ᠎ᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ  ᠳᠡᠭᠡᠳᠤ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠳᠠᠭᠠᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ ᠦᠢᠯᠡᠳᠦᠭᠳᠡᠯ ᠠᠰᠠᠭᠤᠳᠠᠯ ᠢ ᠵᠢᠭᠰᠠᠭᠠᠨ ᠪᠠᠶᠢᠴᠠᠭᠠᠵᠤ ᠡᠮᠬᠢᠯᠡᠵᠦ᠂ ᠲᠥᠷᠥᠯ ᠵᠣᠶᠢᠯ‌ᠠᠯᠬᠤᠮ ᠬᠤᠪᠢᠶᠠᠨ ᠰᠠᠶᠢᠲᠤᠷ ᠠᠳᠬᠤᠵᠤ ᠰᠢᠢᠳᠪᠤᠷᠢᠯᠡᠬᠦ ᠬᠡᠷᠡᠭᠲᠡᠶ᠃ ᠬᠤᠲᠠ ᠪᠠᠯᠭᠠᠰᠤᠨ ᠤ ᠤᠰᠤ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ᠂ ᠵᠣᠷᠯᠣᠩ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠨᠢᠭᠡᠳᠦᠯᠲᠡᠢ ᠳᠤ ᠲᠥᠯᠥᠪᠯᠡᠨ ᠬᠡᠷᠡᠭᠵᠢᠭᠦᠯᠵᠦ᠂ ᠨᠢᠭᠡ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠲᠥᠯᠥᠪᠵᠢᠭᠦᠯᠦᠨ᠎ᠡ᠃ ᠬᠤᠲᠠ ᠪᠠᠯᠭᠠᠰᠤ ᠶᠢᠨ ᠵᠦᠯᠭᠡ ᠭᠠᠵᠠᠷ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠵᠦᠯᠭᠡ ᠭᠠᠵᠠᠷ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠥᠭᠡᠷᠡᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠤᠷᠤᠨ ᠤ ᠴᠡᠴᠡᠷᠯᠢᠭ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃    ᠨᠠᠷᠢᠨ ᠨᠢᠭᠲᠠ ᠬᠠᠮᠢᠶᠠᠷᠤᠯᠲᠠ ᠶᠢ ᠠᠬᠢᠭᠤᠯᠬᠤ ᠬᠡᠷᠡᠭᠲᠡᠶ ᠭᠡᠵᠦ ᠥᠨᠳᠥᠷ ᠱᠠᠭᠠᠷᠳᠠᠯᠭ᠎ᠠ ᠲᠠᠯᠪᠢᠵᠠᠶ᠃ ᠠᠳᠠᠯ ᠠᠬᠤᠢ ᠶᠢᠨ ᠬᠠᠮᠢᠶᠠᠷᠤᠯᠲᠠ ᠶᠢ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠬᠡᠪᠴᠢᠶᠡᠨ ᠳᠤ ᠣᠷᠣᠭᠤᠯᠵᠤ᠂ ᠨᠡᠶᠢᠭᠡᠮ ᠲᠣᠭᠤᠷᠢᠭ᠂ ᠠᠳᠠᠯ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ ᠶᠢᠨ ᠨᠢᠭᠲᠠ ᠬᠠᠮᠵᠢᠯᠴᠠᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠬᠡᠷᠡᠭᠵᠢᠭᠦᠯᠵᠦ᠂ ᠠᠳᠠᠯ ᠠᠬᠤᠢ ᠶᠢᠨ ᠤᠶᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠪᠣᠯᠪᠠᠰᠤᠨ ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠪᠠ ᠰᠠᠭᠤᠭᠠᠯᠢ ᠲᠤᠭᠤᠷᠢᠭ ᠢ ᠳᠤᠷ᠎ᠠ ᠪᠠᠷ ᠢᠶᠠᠨ ᠪᠠᠶᠢᠭᠤᠯᠬᠤ᠂ ᠨᠣᠭᠤᠭᠠᠷᠠᠭᠤᠯᠤᠯᠲᠠ ᠶᠢ ᠡᠪᠳᠡᠵᠦ ᠨᠣᠭᠤᠭ᠎ᠠ ᠲᠠᠷᠢᠬᠤ ᠵᠡᠷᠭᠡ ︽ᠬᠤᠲᠠ ᠪᠠᠯᠭᠠᠰᠤᠨ ᠤ ᠠᠷᠬᠠᠭ ᠬᠡᠮ︾ ᠢ ᠬᠦᠴᠦᠯᠡᠨ ᠰᠢᠢᠳᠪᠤᠷᠢᠯᠡᠨ᠎ᠡ᠃ ᠣᠷᠣᠰᠢᠭᠤᠯᠭ᠎ᠠ ᠶᠢᠨ ᠮᠠᠭᠤ ᠵᠠᠩᠰᠢᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠬᠤᠰᠢᠭᠤᠨ ᠤ ᠣᠷᠣᠰᠢᠭᠤᠯᠭ᠎ᠠ ᠶᠢᠨ ᠣᠷᠳᠣᠨ ᠤ ᠲᠥᠷᠥᠯ ᠵᠦᠢᠯ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠯᠠᠰᠢ ᠪᠠᠶᠢᠭᠤᠯᠤᠨ᠎ᠠ᠃    ︵ᠳᠣᠯᠤᠭ᠎ᠠ︶ ᠠᠷᠠᠳ ᠤᠨ ᠠᠮᠢᠳᠤᠷᠠᠯ ᠤᠨ ᠳᠤᠯᠠᠭᠠᠨ ᠢ ᠠᠩᠬᠠᠷᠴᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠬᠠᠮᠲᠤ ᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ    ᠲᠥᠯᠥᠭᠡᠯᠡᠭᠴᠢᠳ ᠡ︕ ᠪᠦᠬᠦ ᠲᠠᠯ᠎ᠠ ᠪᠠᠷ ᠴᠢᠨᠡᠭᠡᠯᠢᠭᠵᠢᠬᠦ ᠪᠣᠯ ᠠᠷᠠᠳ ᠨᠡᠶᠢᠲᠡ ᠶᠢᠨ ᠴᠢᠨᠡᠭᠡᠯᠢᠭᠵᠢᠯ ᠮᠥᠨ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠪᠣᠯ ᠵᠠᠩᠭᠢᠯᠠᠭ᠎ᠠ ᠮᠥᠨ᠃ ᠪᠢᠳᠡ ᠬᠦᠴᠦ ᠪᠠᠨ ᠲᠥᠪᠯᠡᠷᠡᠭᠦᠯᠦᠨ ᠣᠯᠠᠨ ᠲᠦᠮᠡᠨ ᠤ ᠠᠩᠬᠠᠷᠴᠤ  ᠪᠠᠶᠢᠭ᠎ᠠ ᠪᠣᠳᠠᠲᠤ ᠶᠠᠪᠤᠳᠠᠯ ᠰᠠᠶᠢᠨ ᠶᠠᠪᠤᠳᠠᠯ ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠦᠷ᠎ᠡ ᠪᠦᠲᠦᠭᠡᠯ ᠢ ᠪᠦᠬᠦ  ᠬᠤᠰᠢᠭᠤᠨ ᠤ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠨ᠎ᠡ᠃    ᠨᠡᠶᠢᠭᠡᠮ ᠤᠨ ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠎ᠡ᠃ ᠠᠵᠢᠯ ᠣᠯᠭᠤᠯᠲᠠ ᠦᠢᠯᠡᠰ ᠪᠣᠰᠬᠠᠯᠲᠠ ᠶᠢ ᠲᠡᠳᠬᠦᠨ ᠳᠡᠮᠵᠢᠬᠦ ᠨᠠᠩ ᠢᠳᠡᠪᠬᠢᠲᠡᠢ ᠲᠥᠷᠥ ᠶᠢᠨ ᠪᠣᠳᠣᠯᠭ᠎ᠠ ᠶᠢ ᠬᠡᠷᠡᠭᠵᠢᠬᠦᠯᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠳᠦᠯᠬᠢᠨ ᠠᠬᠢᠭᠤᠯᠵᠤ᠂ ᠶᠡᠷᠦᠩᠬᠡᠶ ᠬᠡᠮᠵᠢᠶ᠎ᠡ ᠨᠢ ᠲᠣᠭᠲᠠᠭᠤᠨ᠂ ᠶᠠᠰᠤ ᠴᠢᠨᠠᠷ ᠨᠢ ᠳᠡᠭᠡᠭᠰᠢᠯᠡᠭᠰᠡᠨ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠪᠠᠭᠤᠭᠰᠠᠳ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠠᠢ ᠬᠥᠳᠡᠯᠮᠦᠷᠢ ᠬᠦᠴᠦᠨ᠂ ᠰᠢᠯᠵᠢᠭᠦᠯᠦᠨ ᠠᠵᠢᠯ ᠣᠯᠭᠤᠭᠰᠠᠨ ᠮᠠᠯᠴᠢᠨ ᠲᠠᠷᠢᠶᠠᠴᠢᠨ ᠪᠠ ᠬᠤᠲᠠ ᠬᠥᠳᠡᠭᠡ   ᠶᠢᠨ ︽ᠠᠵᠢᠯ ᠣᠯᠤᠭᠰᠠᠨ ᠬᠥᠮᠦᠨ ᠥᠬᠡᠶ︾ ᠬᠡᠷ ᠪᠦᠯᠢ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠠᠵᠢᠯ ᠣᠯᠭᠤᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠣᠯᠭᠤᠬᠤ ᠤᠶᠢᠯᠡᠴᠢᠯᠡᠬᠡᠨ ᠢ ᠣᠯᠠᠨ ᠠᠷᠭ᠎ᠠ ᠵᠠᠮ ᠢᠶᠠᠷ ᠬᠠᠩᠭᠠᠬᠤ ᠬᠡᠷᠡᠭᠲᠡᠶ᠃ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠨ᠎ᠠ᠃ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠦᠬᠦ ᠬᠤᠰᠢᠭᠤᠨ ᠤ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠤᠨ ᠰᠢᠨᠵᠢᠯᠡᠭᠡᠨ ᠤ ᠰᠠᠯᠠᠭ᠎ᠠ ᠲᠣᠭᠲᠠᠭᠠᠬᠤ ᠶᠢ ᠠᠬᠢᠭᠤᠯᠵᠤ᠂ ᠠᠵᠤ ᠠᠬᠤᠶᠢᠯᠠᠯ ᠲᠠᠢ ᠬᠤᠯᠪᠣᠭᠠᠯᠠᠬᠤ᠂ ᠠᠵᠢᠯ ᠲᠥᠷᠥᠯ ᠲᠠᠢ ᠬᠤᠯᠪᠣᠭᠠᠯᠠᠬᠤ᠂ ᠬᠦᠷᠢᠶᠡᠯᠡᠩ ᠲᠣᠭᠤᠷᠢᠭ ᠲᠠᠢ ᠬᠤᠯᠪᠤᠭᠠᠯᠠᠬᠤ᠂ ᠠᠵᠤ  ᠤᠶᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ᠃ᠲᠥᠪ ᠭᠤᠤᠯᠴᠢ ᠴᠢᠨᠠᠷ ᠰᠠᠶᠢᠲᠠᠶ ᠰᠤᠷᠭᠠᠨ ᠬᠥᠮᠦᠵᠢᠯ ᠢ ᠬᠥᠭᠵᠢᠭᠦᠯᠦᠨ᠎ᠡ᠃ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠰᠢᠯᠢᠳᠡᠭ ᠪᠠᠭᠰᠢ ᠶᠢ ᠵᠣᠷᠢᠭᠵᠢᠭᠤᠯᠬᠤ ᠠᠷᠭ᠎ᠠ ᠶᠢ ᠲᠣᠭᠲᠠᠭᠠᠵᠤ᠂ ᠪᠠᠭᠰᠢ ᠶᠢᠨ ᠪᠠᠶᠢᠷᠢ ᠰᠠᠭᠤᠷᠢ ᠬᠠᠷᠠᠭᠠᠯᠵᠠᠯ ᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠡᠩ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠴᠢᠨᠠᠷ ᠰᠠᠶᠢᠲᠠᠶ ᠡᠬᠢ ᠪᠠᠶᠠᠯᠢᠭ ᠢ ᠣᠷᠣᠭᠤᠯᠤᠨ ᠠᠪᠴᠢᠷᠠᠬᠤ  ᠪᠠᠷ ᠳᠠᠮᠵᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠷ ᠲᠦᠪᠰᠢᠨ ᠳᠤ ᠪᠠᠶᠢᠯᠭᠠᠵᠤ᠂ ᠳᠡᠭᠡᠳᠦ ᠵᠡᠷᠭᠡ ᠶᠢᠨ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠵᠤ᠂ ᠰᠣᠷᠣᠭᠴᠢ ᠶᠢᠨ ᠢᠷᠡᠯᠲᠡ ᠶᠢ ᠭᠡᠳᠡᠷᠭᠦ ᠰᠢᠬᠠᠮᠳᠠᠭᠤᠯᠤᠨ᠎ᠠ᠃ ︽ᠨᠢᠮᠭᠡᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠴᠢᠷᠮᠠᠶᠢᠨ ᠪᠠᠶᠢᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠢᠶᠠᠷ ᠭᠤᠤᠯ ᠴᠣᠭᠴᠠ ᠪᠣᠯᠭᠠᠭᠰᠠᠨ ᠴᠡᠴᠡᠷᠯᠢᠭ ᠡᠷᠬᠢᠯᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠬᠤᠰᠢᠭᠤᠨ ᠤ ᠬᠤᠶᠠᠳᠤᠭᠠᠷ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠤᠶᠢᠯᠡᠴᠢᠯᠡᠭᠡ ᠶᠢ ᠵᠢᠷᠤᠮᠵᠢᠭᠤᠯᠤᠨ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠪᠠ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠰᠤᠷᠤᠭᠴᠢᠳ ᠢ ᠲᠤᠰᠴᠤ ᠬᠦᠷᠭᠡᠬᠦ ᠲᠡᠷᠭᠡ ᠬᠥᠰᠬᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠬᠦᠴᠦᠯᠡᠨ ᠪᠠᠶᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠡᠷᠡᠭᠦᠯ ᠢᠶᠠᠷ ᠬᠥᠭᠵᠢᠬᠦ ᠶᠢ ᠵᠢᠷᠤᠮᠵᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠤᠨᠤᠪᠴᠢᠲᠠᠢ ᠪᠠᠷ ᠥᠷᠭᠡᠳᠬᠡᠬᠦ᠂ ᠨᠠᠰᠤᠵᠢᠯ ᠤᠨ  ᠠᠰᠠᠷᠠᠮᠵᠢ ᠶᠢᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠪᠦᠷᠬᠦᠴᠡ ᠶᠢ ᠳᠥᠯᠭᠢᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠬᠡᠬᠦ ᠠᠵᠢᠯ ᠢ ᠲᠦᠷᠭᠡᠳᠬᠡᠨ ᠵᠣᠯᠭᠠᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂  ᠡᠮᠴᠢᠯᠡᠬᠡᠨ ᠤ ᠳᠠᠭᠠᠳᠬᠠᠯ ᠤᠨ ᠡᠯᠧᠺᠲᠷᠣᠨ ᠮᠡᠳᠡᠭᠡ ᠵᠠᠩᠭᠢᠵᠢᠯᠲᠠ ᠶᠢᠨ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡ ᠶᠢ ᠠᠬᠢᠭᠤᠯᠤᠨ᠂ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠷᠠᠭᠠᠯᠵᠠᠨ ᠲᠥᠪᠬᠢᠨᠡᠭᠦᠯᠬᠦ ᠳᠦᠷᠢᠮ ᠢ ᠲᠡᠭᠦᠯᠳᠡᠷᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠡᠶᠢᠭᠡᠮ ᠤᠨ ᠪᠠᠲᠤᠯᠠᠭ᠎ᠠ ᠶᠢᠨ ᠵᠠᠯᠭᠠᠯᠲᠠ ᠵᠡᠷᠭᠡ ᠠᠵᠢᠯ ᠢ ᠰᠠᠶᠢᠲᠤᠷ ᠬᠢᠨ᠎ᠡ᠃ ᠱᠠᠲᠤ ᠬᠤᠪᠢᠶᠠᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠭᠡᠷ ᠢᠶᠠᠨ ᠰᠠᠬᠢᠵᠤ ᠬᠤᠴᠣᠷᠤᠭᠰᠠᠨ︾ ᠬᠥᠮᠦᠰ᠂ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ᠂ ᠴᠢᠳᠠᠯ ᠲᠡᠩᠬᠡᠭᠡ ᠪᠠᠨ ᠠᠯᠳᠠᠭᠰᠠᠨ ᠨᠠᠰᠤᠲᠠᠨ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠤᠶᠢᠯᠡᠴᠢᠯᠡᠭᠡ ᠶᠢ ᠴᠢᠩᠭᠠᠳᠬᠠᠵᠤ᠂ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠳᠠᠭᠠᠭᠠᠨ ᠪᠠᠲᠤᠯᠠᠨ᠎ᠠ᠃ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ᠂ ᠲᠠᠷᠢᠶᠠᠴᠢᠨ ᠬᠦᠴᠦ ᠶᠠᠪᠤᠭᠰᠠᠳ ᠲᠤ ︽ᠴᠠᠯᠢᠩ︾ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ᠃  ᠡᠷᠡᠭᠦᠯ ᠡᠩᠬᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠤᠨ᠎ᠠ᠃ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ ᠶᠢ ᠬᠠᠮᠵᠢᠯᠴᠠᠨ ᠠᠬᠢᠭᠤᠯᠵᠤ᠂ ᠪᠡᠭᠡᠵᠢᠩ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠡᠮᠴᠢᠯᠡᠭᠡᠨ ᠤ ᠰᠠᠯᠠᠭ᠎ᠠ ᠶᠢᠨ ᠨᠡᠷᠡᠲᠦ ᠰᠢᠯᠢᠳᠡᠭ ᠡᠮᠨᠡᠯᠬᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠡᠮᠴᠢᠯᠡᠭᠡ ᠪᠠ ᠠᠯᠤᠰ ᠡᠵᠡᠮᠰᠢᠯᠲᠦ ᠡᠮᠴᠢᠯᠡᠭᠡᠨ ᠤ ᠤᠶᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠶᠡᠷᠤᠩᠭᠡᠶᠢᠯᠡᠭᠰᠡᠨ ᠦᠢᠯᠡᠴᠢᠯᠡᠭᠡᠨ ᠤ ᠲᠣᠮᠣ ᠠᠰᠠᠷ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠤᠷᠤᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠡᠮᠨᠡᠭᠦᠯᠬᠦ ᠶᠠᠪᠤᠴᠠ ᠪᠠ ᠡᠮᠴᠢᠯᠡᠬᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ  ᠶᠢ ᠪᠣᠳᠠᠲᠠᠶ ᠠᠳᠬᠤᠵᠤ᠂ ᠬᠤᠯᠤᠭᠠᠨ᠎ᠠ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠯᠳᠠᠪᠤᠷᠢᠲᠤ ᠡᠪᠡᠳᠴᠢᠨ ᠪᠠ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠤᠷᠢᠯᠡᠬᠦ ᠴᠢᠳᠠᠪᠤᠷᠢ ᠪᠠᠨ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠬᠦᠯᠵᠤ᠂ ᠲᠡᠮᠦᠷᠲᠡᠢ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢᠨ ᠪᠦᠲᠦᠭᠡᠨ ᠪᠠᠶᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠳᠡᠰ ᠳᠡᠪᠰᠢᠬᠦ ᠶᠢ ᠠᠬᠢᠭᠤᠯᠵᠤ᠂  ᠶᠡᠷᠤᠩᠭᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠵᠤ᠂ ᠪᠠᠶᠠᠨᠴᠠᠭᠠᠨ ᠪᠠᠯᠭᠠᠰᠤᠨ ᠤ 11 ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠠᠢ ᠶᠢ ᠪᠠᠶᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠱᠠᠭᠠᠷᠳᠠᠯᠭ᠎ᠠ ᠳᠤ ᠵᠣᠬᠢᠴᠠᠪᠠ᠃   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠳᠦᠰᠦᠲᠡᠨ ᠤ ᠵᠣᠷᠢᠭ  ᠰᠠᠨᠠᠭ᠎ᠠ ᠶᠢ ᠪᠤᠶᠢᠵᠢᠭᠤᠯᠬᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ ᠠᠭᠤᠤ ᠶᠡᠭᠡ  ᠤᠶᠢᠯᠡᠳᠤᠯᠬᠡ ᠪᠠ  ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠵᠦ᠂ ᠪᠠᠭᠠᠲᠤᠷ ᠪᠣᠯᠬᠤ ᠪᠠᠷ ᠴᠢᠷᠮᠠᠶᠢᠨ᠎ᠠ᠃ ᠦᠨᠳᠦᠰᠦᠲᠡᠨ ᠤ ᠰᠣᠶᠣᠯ᠂ ᠬᠤᠪᠢᠰᠬᠠᠯᠲᠤ ᠰᠣᠶᠣᠯ ᠤᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠬᠤᠩᠭᠤᠷ ᠲᠤᠭ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠳᠠᠬᠢᠨ ᠪᠠᠶᠢᠭᠤᠯᠵᠤ᠂ ᠴᠠᠬᠠᠷ ᠤᠨ ᠮᠦᠽᠧᠢ ᠶᠢᠨ ᠭᠠᠵᠠᠷ ᠰᠢᠯᠵᠢᠬᠦ ᠪᠠ ᠤᠯᠠᠭᠠᠨ ᠲᠤᠭ ᠤᠨ ᠰᠦᠮ᠎ᠡ ᠶᠢᠨ ᠳᠤᠷᠠᠰᠬᠠᠯ ᠤᠨ ᠣᠷᠳᠣᠨ ᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ︽ᠬᠤᠩᠭᠤᠷ ᠶᠠᠫᠣᠨ ᠢ ᠡᠰᠡᠷᠭᠦᠴᠡᠬᠦ ᠳᠠᠶᠢᠨ︾ ᠭᠡᠬᠦ ᠺᠢᠨᠣ᠋ ᠲᠧᠯᠸᠢᠰ ᠵᠦᠴᠦᠭᠡ ᠶᠢ ᠡᠬᠢᠯᠡᠨ ᠰᠡᠭᠦᠳᠡᠷᠯᠡᠬᠦ ᠪᠠᠷ ᠴᠢᠷᠮᠠᠶᠢᠵᠤ᠂ ᠰᠣᠶᠣᠯ ᠤᠨ ᠪᠦᠲᠦᠭᠡᠭᠳᠡᠬᠦᠨ ᠤ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠤᠨ ᠦᠷᠳᠡᠭ ᠪᠠ ᠠᠵᠤ ᠠᠬᠤᠶ ᠶᠢᠨ ᠦᠷᠳᠡᠭ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠠᠵᠢᠯᠯᠠᠭ᠎ᠠ ᠶᠢᠨ ᠲᠥᠪ᠂ ᠰᠣᠶᠣᠯ ᠤᠨ ᠲᠠᠯᠠᠪᠠᠢ ᠵᠡᠷᠭᠡ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠬᠡ ᠶᠢᠨ ᠦᠷᠲᠡᠭᠡ ᠭᠠᠵᠠᠷ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠱᠠᠲᠤ ᠬᠤᠪᠢᠶᠠᠨ ᠤᠷᠢᠬᠤ ᠪᠠ ᠰᠠᠯᠭᠠᠨ ᠲᠣᠬᠢᠷᠠᠭᠤᠯᠬᠤ ᠠᠵᠢᠯ ᠢ ᠳᠠᠮᠵᠢᠵᠤ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠲᠦᠭ ᠲᠦᠮᠡᠨ ᠠᠶᠢᠯ ᠡᠷᠦᠬᠡ ᠳᠤ ᠲᠦᠯᠬᠢᠨ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠣᠶᠢᠯᠡᠰ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠵᠦ᠂ ᠰᠠᠶᠢᠨᠬᠤᠳᠳᠤᠭ ᠤᠨ ᠶᠢᠨ ᠵᠢᠶᠧ ᠬᠤᠤ᠂ ᠴᠠᠭᠠᠨ ᠪᠤᠯᠠᠭ ᠡᠷᠲᠡᠨ ᠤ ᠬᠤᠲᠠ ᠶᠢᠨ ᠠᠶᠤᠯ ᠠᠴᠠ ᠠᠪᠤᠷᠠᠵᠤ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃  ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠰᠢᠨ᠎ᠡ ᠲᠢᠲᠢᠮ ᠤᠨ ᠠᠭᠤᠰᠬᠢᠨ ᠦᠷᠪᠢᠰᠦᠯ ᠢ ᠠᠷᠭᠠᠴᠠᠬᠤ ᠪᠦᠲᠦᠮᠵᠢᠲᠡᠶ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ︽ᠲᠤᠤᠷᠴᠢᠯᠠᠭᠰᠠᠨ + ᠲᠣᠮᠣ ᠳ᠋ᠠᠶᠢᠲ᠋ᠠ︾ ᠶᠢᠨ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠭᠡᠨᠡᠳᠲᠡ ᠤᠨ ᠬᠡᠷᠡᠭ ᠢ ᠠᠷᠭᠠᠴᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠳᠡᠰ ᠳᠠᠪᠬᠤᠷᠭ᠎ᠠ ᠶᠢᠨ ᠤᠷᠢᠳᠴᠢᠯᠠᠨ ᠰᠡᠷᠭᠡᠶᠢᠯᠡᠬᠦ᠂ ᠣᠯᠠᠨ ᠡᠰᠢᠵᠢᠭᠰᠡᠨ ᠡᠶᠡᠳᠡᠭᠦᠯᠦᠨ  ᠰᠢᠢᠳᠪᠤᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ  ᠰᠢᠢᠳᠪᠤᠷᠢᠯᠡᠬᠦ︾ ᠶᠢᠨ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠬᠠᠷᠢᠶᠠᠯᠠᠭᠳᠠᠬᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠪᠦᠲᠦᠮᠵᠢᠲᠡᠶ ᠰᠢᠢᠳᠪᠤᠷᠢᠯᠡᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ  ᠨᠠᠶᠢᠳᠠᠪᠤᠷᠢᠵᠢᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠬᠡᠷᠡᠴᠢᠯᠡᠯᠲᠡ ᠳᠤ ᠬᠤᠭᠤᠰᠣᠨ ᠳᠠᠩᠰᠠ ᠦᠯᠡᠳᠡᠭᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯ ᠦᠭᠡᠢ ᠦᠢᠯᠡᠳᠪᠦᠷᠢᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠶᠢᠯᠡᠳᠪᠤᠷᠢ ᠠᠭᠤᠷᠬᠠᠶ ᠬᠤᠳᠠᠯᠳᠤᠭ᠎ᠠ ᠠᠷᠠᠯᠵᠢᠶ᠎ᠠ᠂ ᠠᠶᠤᠯᠲᠠᠶ ᠬᠢᠮᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ᠂ ᠢᠳᠡᠭᠡᠨ ᠤ ᠵᠣᠶᠢᠯ ᠡᠮ ᠤᠨ ᠵᠣᠶᠢᠯ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ  ᠠᠰᠠᠭᠤᠳᠠᠯ ᠢ ᠲᠤᠰᠬᠠᠶ ᠵᠣᠶᠢᠯ ᠢᠶᠠᠷ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠦᠴᠦᠷᠬᠡᠭ ᠶᠡᠭᠡ ᠳᠠᠭᠠᠷᠢᠯᠲᠠ ᠶᠢ ᠪᠠᠲᠤᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠪᠠ ᠮᠣᠩᠭᠤᠯ ᠬᠢᠲᠠᠳ ᠬᠡᠯᠡ ᠶᠢ ᠵᠡᠷᠭᠡ ᠪᠠᠷ ᠬᠡᠷᠡᠭᠯᠡᠬᠦ ᠶᠢ ᠵᠢᠷᠤᠮᠵᠢᠭᠤᠯᠵᠤ᠂ ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠴᠡᠷᠢᠭ ᠠᠩᠭᠢ ᠪᠠ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠪᠦᠬᠦ  ᠤᠷᠤᠨ ᠤ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠤᠯᠪᠣᠭ᠎ᠠ᠂ ᠠᠵᠤ ᠤᠶᠢᠯᠡᠳᠪᠤᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠳᠡᠮᠵᠢᠨ᠎ᠡ᠃ ᠭᠠᠳᠠᠭᠠᠳᠤ ᠶᠠᠪᠤᠳᠠᠯ᠂ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠡᠯ᠎ᠡ ᠵᠣᠶᠢᠯ ᠤᠨ ᠠᠵᠢᠯ ᠢ  ᠨᠢᠬᠡᠳᠤᠯᠲᠠᠢ ᠲᠥᠯᠥᠪᠯᠡᠨ ᠲᠦᠯᠬᠢᠨ ᠠᠬᠢᠭᠤᠯᠤᠨ᠎ᠠ᠃  ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠨ᠎ᠡ᠃ ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ᠂ ᠵᠠᠰᠠᠭ ᠤᠨ ᠠᠵᠢᠯ ᠤᠨ ᠬᠠᠨᠳᠤᠰᠢ ᠮᠥᠨ᠃ ᠦᠨᠳᠦᠰᠦᠨ ᠵᠣᠶᠢᠯ ᠢ ᠪᠠᠲᠤᠯᠠᠬᠤ᠂ ᠠᠳᠠᠯᠢ ᠲᠡᠭᠰᠢ ᠪᠣᠯᠭᠠᠬᠤ᠂ ᠲᠦᠭᠡᠮᠡᠯ ᠬᠠᠷᠠᠭᠠᠯᠵᠠᠯ ᠦᠵᠡᠭᠦᠯᠬᠦ ᠵᠠᠷᠴᠢᠮ ᠶᠤᠰᠤᠭᠠᠷ᠂ ᠡᠨᠡ ᠵᠢᠯ ᠬᠤᠰᠢᠭᠤᠨ ᠵᠠᠰᠠᠭ ᠤᠨ ᠣᠷᠳᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠤᠤᠭᠤᠬᠤ ᠤᠰᠤᠨ ᠤ ᠠᠮᠤᠷ ᠲᠦᠪᠰᠢᠨ᠂ ᠬᠤᠲᠠ ᠶᠢᠨ ᠶᠠᠪᠤᠳᠠᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠠᠷᠠᠳ ᠤᠨ ᠠᠮᠢᠳᠤᠷᠠᠯ ᠤᠨ 10 ᠵᠣᠶᠢᠯ ᠤᠨ ᠪᠣᠳᠠᠲᠤ ᠶᠠᠪᠤᠳᠠᠯ ᠢ ᠬᠡᠷᠡᠭᠵᠢᠬᠦᠯᠬᠦ ᠪᠠᠷ ᠲᠥᠯᠥᠪᠯᠡᠵᠦ ᠪᠣᠶ᠃ ᠶᠡᠭᠡ ᠬᠤᠷᠠᠯ ᠳᠤ ᠳᠡᠪᠰᠢᠭᠦᠯᠵᠦ ᠪᠢᠯᠧᠲ ᠥᠭᠴᠦ ᠰᠣᠩᠭᠤᠨ ᠲᠣᠭᠲᠠᠭᠠᠯᠭᠠᠨ᠎ᠠ᠃ ᠪᠢᠳᠡ ᠬᠢᠵᠠᠭᠠᠷ ᠲᠠᠢ ᠡᠳ᠋ ᠤᠨ ᠬᠦᠴᠦᠨ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠰᠠᠨᠠᠭᠠᠰᠢᠷᠠᠯ ᠢ ᠢᠯᠡᠬᠦᠬᠡᠨ ᠰᠢᠢᠳᠪᠤᠷᠢᠯᠡᠵᠤ᠂ ᠡᠲᠡᠭᠡᠷ ᠠᠷᠠᠳ ᠲᠤ ᠠᠰᠢᠭ ᠬᠦᠷᠲᠡᠭᠡᠬᠦ᠂ ᠠᠵᠠ ᠵᠢᠷᠭᠠᠯ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠨ᠎ᠠ᠃    ᠭᠤᠷᠪᠠ᠂ ᠠᠷᠠᠳ ᠲᠦᠮᠡᠨ ᠳᠤ ᠲᠠᠭᠠᠰᠢᠶᠠᠭᠳᠠᠭᠰᠠᠨ  ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡ ᠲᠬᠡᠨ ᠪᠠᠶᠢᠭᠤᠯᠤᠨ᠎ᠠ    ᠰᠢᠨ᠎ᠡ ᠪᠠᠢᠳᠠᠯ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠪᠢᠳᠡ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ︽ᠡᠷᠬᠡ ᠬᠠᠷᠢᠭ ᠤᠴᠠᠯᠭ᠎ᠠ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ︾ ᠰᠢᠨ᠎ᠡ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠠᠷᠠᠳ ᠲᠦᠮᠡᠨ ᠳᠤ ᠬᠠᠨᠤᠮᠵᠢᠲ ᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠤᠨ᠎ᠠ᠃    ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠲᠥᠷᠥᠯ ᠤᠨ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤ ᠨᠠᠮ ᠤᠨ ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃  ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠤᠨ ᠰᠠᠨᠠᠯ ᠵᠥᠪᠯᠡᠯᠭᠡ ᠪᠠ ᠠᠷᠠᠳ ᠤᠯᠠᠨ ᠤ ᠵᠠᠬᠢᠳᠠᠯ ᠰᠤᠷᠪᠤᠯᠵᠢᠯᠠᠭ᠎ᠠ ᠶᠢ ᠨᠠᠷᠢᠨ ᠬᠢᠨᠠᠮᠠᠭᠠᠢ ᠰᠢᠢᠳᠪᠤᠷᠢᠯᠡᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠳᠤ ᠪᠣᠳᠣᠯᠭ᠎ᠠ ᠲᠣᠭᠲᠠᠭᠠᠬᠤ ᠳᠦᠷᠢᠮ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠬᠡᠷᠡᠭᠵᠢᠬᠦᠯᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠤᠷᠢᠳᠤ ᠪᠣᠳᠣᠯᠭ᠎ᠠ ᠲᠣᠭᠲᠠᠭᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠪᠣᠳᠠᠲᠤ ᠠᠮᠵᠢᠯᠲᠠ ᠶᠢ ᠡᠷᠬᠢᠮᠯᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠠᠵᠢᠯ ᠤᠨ ᠲᠥᠷᠥᠯ ᠵᠤᠶᠢᠯᠴᠢᠯᠡᠬᠦ᠂ ᠨᠠᠷᠢᠨ ᠳᠠᠩᠰᠠ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠬᠦᠯᠵᠤ᠂ ᠵᠠᠰᠠᠭ ᠤᠨ ᠣᠷᠳᠣᠨ ᠤ ᠠᠵᠢᠯ ᠢ ᠲᠥᠯᠥᠪᠯᠡᠭᠡ ᠲᠠᠢ᠂ ᠰᠢᠪᠠᠳᠠᠨ ᠪᠠᠶᠢᠴᠠᠭᠠᠯᠲᠠ ᠲᠠᠢ᠂ ᠬᠢᠨᠠᠨ ᠰᠢᠯᠭᠠᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠨᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠡᠳᠬᠢᠮᠵᠢ᠂ ᠬᠠᠷᠠᠯᠲᠠ᠂ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠪᠦᠬᠦ ᠬᠤᠰᠢᠭᠤᠨ ᠤ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠢ ᠲᠥᠰᠦᠪᠯᠡᠵᠦ ᠪᠦᠲᠦᠭᠡᠬᠦ ᠶᠢ ᠪᠠᠲᠤᠯᠠᠨ᠎ᠠ᠃ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠴᠢᠩᠭᠠᠳᠬᠠᠵᠤ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠪᠡᠷᠮᠡᠲᠡᠭᠡᠶ ᠦᠵᠡᠯ ᠢ ᠢᠯᠠᠨ ᠳᠠᠪᠠᠵᠤ᠂ ᠬᠠᠷᠢᠯᠴᠠᠨ ᠲᠦᠯᠬᠢᠯᠴᠡᠬᠦ ᠶᠢ ᠡᠷᠡᠰ ᠬᠤᠷᠢᠭᠯᠠᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃    ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠠᠯ ᠤᠨ ᠪᠢᠴᠢᠭ ᠮᠠᠲ᠋ᠧᠷᠢᠶᠠᠯ ᠢ ᠴᠣᠮᠬᠠᠳᠬᠠᠨ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠺᠠᠳ᠋ᠷᠴᠤᠳ ᠤᠨ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠪᠠᠭᠤᠷᠠᠭᠤᠯᠤᠨ᠎ᠠ᠃ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠤᠬᠠᠮᠰᠠᠷ ᠠᠴᠠ ᠪᠠᠨ ᠭᠦᠢᠴᠡᠳᠬᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠪᠠ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠬᠦᠨᠵᠡᠬᠡᠶᠢᠷᠡᠬᠦᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠵᠠᠰᠠᠭ ᠤᠨ ᠣᠷᠳᠣᠨ ᠤ ᠰᠢᠰᠲ᠋ᠧᠮ ᠤᠨ ᠺᠠᠳ᠋ᠷ ᠤᠨ ᠲᠦᠷᠢᠮ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ᠂ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃    ᠲᠥᠯᠥᠭᠡᠯᠡᠭᠴᠢᠳ ᠡ︕ ᠭᠠᠭᠴᠠ ᠬᠦ ᠥᠷᠯᠥᠭᠡ ᠦᠳᠡᠰᠢ ᠶᠢ ᠲᠡᠮᠡᠴᠡᠵᠦ᠂ ᠦᠷᠭᠦᠯᠵᠢᠯᠡᠨ ᠲᠡᠮᠡᠴᠡᠪᠡᠯ ᠰᠠᠶ᠋ᠢ ᠵᠠᠯᠠᠭᠤ ᠨᠠᠰᠤ ᠪᠠᠨ ᠬᠦᠰᠡᠷᠳᠡᠬᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠵᠤ ᠴᠢᠳᠠᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕                                               ᠣᠷᠴᠢᠭᠤᠯᠣᠭᠴᠢ᠄ ᠰᠡᠴᠡᠩᠭᠤᠸ᠎ᠠ                                                                 ᠡᠷᠳᠡᠨᠢᠴᠢᠮᠡᠭ                                      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号