ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ ᠥᠪᠡᠷᠲᠡᠭᠡᠨ  ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠬᠠᠶ ᠶᠢᠨ  ᠲᠠᠯᠠᠪᠤᠷ ᠤᠨ ᠦᠵᠡᠭᠦᠯᠦᠯᠭᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2020-07-27
      7 ᠰᠠᠷ᠎ᠠ ᠶᠢᠨ 23 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ  ᠪᠠᠶᠢᠴᠠᠭᠠᠬᠤ ᠵᠥᠪᠯᠡᠯ 2020 ᠣᠨ ᠤ ᠳᠣᠤᠷ᠎ᠠ ᠬᠠᠭᠠᠰ ᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ   ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠳᠠᠬᠢᠨ  ᠬᠢᠨᠡᠯᠳᠡ ᠲᠠᠯᠪᠢᠬᠤ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠶᠡᠭᠡ ᠪᠠᠷ ᠴᠡᠪᠡᠷᠯᠡᠨ ᠠᠷᠢᠯᠭᠠᠬᠤ ᠠᠵᠢᠯ ᠤᠨ  ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠵᠢᠴᠢ ᠭᠤᠤᠯᠳᠠᠯᠭ᠎ᠠ ᠲᠠᠢ ᠠᠵᠢᠯ ᠤᠨ ᠳᠤᠮᠳᠠ ᠬᠤᠭᠤᠴᠠᠭᠠᠨ ᠤ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠪᠣᠳᠠᠲᠠᠶ ᠠᠵᠢᠯ ᠤᠨ ᠨᠠᠶ ᠢᠳᠠᠪᠤᠷᠢᠵᠢᠭᠤᠯᠤᠯᠲᠠ ᠶᠢ ᠰᠤᠳᠤᠯᠤᠨ ᠪᠠᠶᠢᠷᠢᠯᠠᠭᠤᠯᠪᠠ᠃
          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ
᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠮᠠ ᠬᠤᠩ ᠢᠦᠶ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠯᠢᠦ ᠴᠢ ᠹᠠᠨ ᠤ ᠪᠥᠬᠦ ᠣᠷᠣᠨ ᠤ ︽ᠭᠤᠷᠪᠠᠨ ᠶᠠᠪᠤᠳᠠᠯ︾ ᠢ ᠢᠯᠡ  ᠪᠤᠯᠭᠠᠬᠤ ᠳᠠᠬᠢᠨ ᠬᠢᠨᠠᠯᠲᠠ ᠲᠠᠯᠪᠢᠬᠤ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠢ ᠴᠡᠪᠡᠷᠯᠡᠨ ᠠᠷᠢᠯᠭᠠᠬᠤ ᠠᠵᠢᠯ ᠤᠨ  ᠲᠤᠬᠠᠢ ᠶᠢᠨ ᠲᠠᠯᠠᠪᠤᠷ ᠤᠨ ᠦᠵᠡᠭᠦᠯᠦᠯᠭᠡ ᠶᠢᠨ ᠬᠤᠷᠠᠯ ᠵᠢᠴᠢ ᠭᠤᠤᠯᠳᠠᠯᠭ᠎ᠠ ᠲᠠᠢ ᠠᠵᠢᠯ ᠤᠨ ᠳᠤᠮᠳᠠ  ᠬᠤᠭᠤᠴᠠᠭᠠᠨ ᠤ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠦᠷᠦᠭᠦᠯᠡᠨ  ᠤᠯᠠᠮᠵᠢᠯᠡᠨ ᠰᠤᠷᠤᠯᠴᠠᠪᠠ᠃        ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠳᠠᠬᠢᠨ ᠬᠢᠨᠠᠯᠲᠠ ᠲᠠᠯᠪᠢᠬᠤ᠂ ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠶᠡᠭᠡ ᠴᠡᠪᠡᠷᠯᠡᠯᠲᠡ ᠶᠢᠨ ᠠᠵᠢᠯ ᠤᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ  ᠬᠤᠷᠡᠯ ᠵᠢᠴᠢ ᠭᠤᠤᠯᠳᠠᠯᠭ᠎ᠠ ᠲᠠᠢ ᠠᠵᠢᠯ ᠤᠨ ᠳᠤᠮᠳᠠ ᠬᠤᠭᠤᠴᠠᠭᠠᠨ ᠤ ᠬᠠᠷᠢᠭᠤ ᠮᠡᠳᠡᠭᠦᠯᠦᠯᠲᠡ ᠶᠢᠨ ᠬᠤᠷᠠᠯ ᠨᠢ  ᠲᠡᠷᠢᠬᠦᠨ ᠤ ᠭᠠᠵᠠᠷ ᠣᠷᠣᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠳᠠᠬᠢᠨ ᠬᠢᠨᠠᠯᠲᠠ ᠲᠠᠯᠪᠢᠬᠤ ᠪᠠ ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠶᠡᠭᠡ ᠱᠦᠭᠦᠷᠳᠡᠯᠲᠡ ᠶᠢᠨ ᠠᠵᠢᠯ ᠤᠨ ᠲᠤᠷᠰᠢᠯᠭ᠎ᠠ ᠪᠠ ᠠᠷᠭ᠎ᠠ ᠪᠠᠷᠢᠯ  ᠤᠨ ᠳ᠋ᠦᠩᠨᠡᠯᠲᠡ ᠪᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠢᠳᠡᠨ ᠤ ᠲᠤᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠨ  ᠦᠵᠡᠬᠦ ᠶᠢ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠴᠢᠭᠯᠡᠯ ᠢ ᠲᠣᠳᠣᠷᠬᠠᠶ  ᠵᠢᠭᠠᠵᠤ ᠥᠭᠭᠦᠨ᠎ᠡ᠃         ᠬᠤᠷᠠᠯ ᠠᠴᠠ ᠱᠠᠭᠠᠷᠳᠠᠭᠰᠠᠨ ᠨᠢ᠂ ᠲᠠᠷᠠᠭᠠᠴᠢ ᠶᠢᠨ ᠠᠯᠬᠤᠮ ᠳᠤ  ᠪᠠᠶᠢᠳᠡᠯ  ᠤᠨ  ᠬᠦᠭᠵᠢᠯᠳᠡ‌‍ᠶᠢ ᠣᠨᠣᠪᠴᠢᠲᠠᠶ  ᠮᠡᠳᠡᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠠᠷᠤ ᠲᠠᠯ᠎ᠠ ᠶᠢᠨ ᠪᠠᠲᠤᠯᠠᠭ᠎ᠠ ᠬᠠᠩᠭᠠᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠢᠨᠠᠯᠲᠠ ᠲᠠᠯᠪᠢᠬᠤ ᠪᠠ ᠲᠤᠰᠬᠠᠶ ᠬᠢᠨᠠᠯᠲᠠ ᠲᠠᠯᠪᠢᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠡᠷᠡᠭ ᠢᠶᠠᠷ ᠥᠭᠡᠷᠡᠴᠢᠯᠡᠯᠲᠡ ᠬᠢᠬᠦ ᠶᠢ ᠠᠬᠢᠭᠤᠯᠬᠤ ᠤᠬᠠᠮᠰᠠᠷ ᠢᠶᠠᠨ ᠴᠢᠩᠭᠠᠳᠬᠠᠵᠤ᠂ ︽ᠰᠡᠭᠦᠯᠴᠢ ᠶᠢᠨ ᠬᠠᠭᠠᠰ︾ ᠵᠣᠬᠢᠶᠠᠯ ᠢ ᠭᠦᠨᠵᠡᠭᠡᠶ ᠬᠢᠨᠠᠨ  ᠪᠠᠶᠢᠴᠠᠭᠠᠪᠠ︔ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠢᠭᠡᠳᠦᠯᠲᠡᠶ ᠲᠥᠯᠥᠪᠯᠡᠨ ᠪᠠᠶᠢᠴᠠᠭᠠᠨ ᠰᠢᠶ᠋ᠳᠪᠦᠷᠢᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ    ᠰᠡᠢᠳᠪᠤᠷᠢᠯᠡᠬᠦ ᠮᠥᠷᠲᠡᠭᠡᠨ ᠪᠠᠰᠠ ᠤᠯᠤᠰ ᠲᠦᠷᠦ ᠶᠢᠨ ᠬᠥᠲᠥᠯᠥᠨ ᠳᠠᠭᠠᠭᠤᠯᠬᠤ  ᠤᠶᠢᠯᠡᠳᠤᠯ ᠢ ᠪᠠᠳᠠᠷᠠᠭᠤᠯᠵᠤ᠂ ᠭᠦᠳᠬᠡᠨ  ᠵᠠᠭᠠᠯᠳᠤᠬᠤ ᠬᠤᠤᠷᠯᠠᠭᠰᠠᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ︔ ᠺᠠᠳ᠋ᠷ ᠤᠨ ᠬᠥᠮᠦᠵᠢᠯ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠯᠲᠠ ᠶᠢ ᠨᠢᠭᠡᠳᠦᠯᠲᠡᠶ ᠲᠥᠯᠥᠪᠯᠡᠵᠦ᠂ ︽ᠳ᠋ᠧᠩ ᠤᠨ ᠳᠣᠤᠷ᠎ᠠ ᠬᠠᠷᠠᠩᠭᠤᠶ ᠪᠠᠶᠢᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠶ᠃
                   ᠬᠤᠷᠠᠯ ᠠᠴᠠ᠂ ᠳᠣᠣᠷ᠎ᠠ ᠬᠠᠭᠠᠰ ᠵᠢᠯ ᠤᠨ ᠠᠵᠢᠯ ᠳᠤ ᠨᠢᠭᠡ ᠳᠤ᠂ ︽ᠤᠨᠢᠨ ᠳᠡᠭᠡᠷ᠎ᠡ ᠨᠢ
ᠬᠢᠨᠠᠯᠲᠠ ᠲᠠᠯᠪᠢᠬᠤ ᠣᠨ︾ ᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠬᠢᠨᠠᠯᠲᠠ ᠲᠠᠯᠪᠢᠬᠤ ᠠᠵᠢᠯ ᠢ ᠨᠠᠷᠢᠯᠢᠭ  ᠤᠨᠤᠪᠴᠢᠳᠡᠢ ᠪᠠᠷ ᠰᠠᠶᠢᠲᠤᠷ ᠬᠢᠵᠦ᠂ ᠠᠰᠠᠭᠤᠳᠠᠯ ᠤᠨ ᠰᠦᠪᠡᠭᠴᠢ ᠶᠢ ᠨᠠᠷᠢᠯᠢᠭ  ᠤᠨᠤᠪᠴᠢᠳᠡᠢ ᠪᠠᠷ ᠰᠢᠶ᠋ᠳᠪᠦᠷᠢᠯᠡᠵᠦ᠂ ︽ᠬᠤᠶᠠᠷ ᠰᠠᠨᠠᠭᠤᠯᠭ᠎ᠠ ᠶᠢᠨ ᠪᠢᠴᠢᠭ︾ ᠢ ᠰᠠᠶᠢᠲᠤᠷ ᠬᠡᠷᠡᠭᠯᠡᠵᠦ᠂ ᠲᠣᠭᠤᠷᠢᠨ ᠪᠠᠶᠢᠴᠠᠭᠠᠬᠤ ᠴᠠᠭᠳᠠᠨ  ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠨ᠎ᠠ︔ ᠬᠤᠶᠠᠷ ᠲᠤ ︽ᠭᠤᠷᠪᠠᠨ 100︾ ᠶᠢᠨ ᠰᠣᠳᠣᠨ ᠬᠡᠷᠡᠭ ᠤᠨ ᠵᠢᠱᠢᠶ᠎ᠡ ᠶᠢ ᠴᠢᠨᠠᠷ ᠰᠠᠶᠢᠲᠠᠶ ᠪᠤᠢ ᠪᠣᠯᠭᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢᠨ ᠪᠠᠬᠢᠯᠡᠯᠲᠡ ᠶᠢ ᠪᠠᠬᠢᠵᠢᠭᠦᠯᠦᠨ᠎ᠡ︔ ᠭᠤᠷᠪᠠ ᠳᠤ᠂ ᠳ᠋ᠦᠩᠨᠡᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠠᠭ ᠤᠨ ᠪᠦᠷᠢᠯᠳᠦᠬᠦᠨ ᠲᠦᠷᠦᠭᠦᠯᠡᠨ ᠪᠦᠬᠦ ᠶᠠᠪᠤᠴᠠ ᠳᠤ ᠣᠷᠣᠯᠴᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭ ᠤᠯᠵᠤ᠂ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠳᠥᠷᠪᠡ ᠳᠤ᠂ ᠡᠯ᠎ᠡ ᠲᠤᠰᠬᠠᠶ ᠵᠠᠰᠠᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ᠃ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠶ᠋ᠳᠪᠦᠷᠢᠯᠡᠬᠦ ᠠᠵᠢᠯ ᠢ  ᠬᠢᠨᠠᠮᠠᠭᠠᠢ ᠰᠠᠶᠢᠲᠤᠷ ᠬᠢᠵᠦ᠂ ᠰᠦᠪᠡᠭᠴᠢ ᠶᠢ ᠰᠢᠶ᠋ᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ  ᠬᠢᠨᠠᠨ ᠪᠠᠶᠢᠴᠠᠭᠠᠵᠤ᠂ ᠴᠠᠭ ᠲᠤᠬᠠᠶ ᠳᠤᠨᠢ ᠰᠢᠶ᠋ᠳᠪᠦᠷᠢᠯᠡᠵᠦ᠂ ᠳᠠᠷᠤᠭᠳᠠᠮᠠᠯ ᠬᠡᠷᠡᠭ᠂ ᠳᠠᠷᠤᠭᠳᠠᠮᠠᠯ ᠬᠡᠷᠡᠭ ᠢ ᠡᠷᠡᠰ ᠰᠡᠷᠭᠡᠶᠢᠯᠡᠵᠦ᠂ ᠪᠠᠶᠢᠴᠠᠭᠠᠨ ᠰᠢᠶ᠋ᠳᠪᠦᠷᠢᠯᠡᠭᠰᠡᠨ ᠨᠡᠶᠢ ᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠵᠠᠷᠯᠠᠨ ᠢᠯᠡᠴᠢᠯᠡᠨ᠎ᠡ︔ ᠲᠠᠪᠤ ᠳᠤ ᠰᠡᠷᠡᠮᠵᠢᠯᠡᠭᠦᠯᠬᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ ᠲᠤᠰ ᠭᠠᠵᠠᠷ ᠣᠷᠣᠨ ᠤ ᠪᠤᠷᠤᠭᠤ ᠲᠠᠯ᠎ᠠ ᠶᠢᠨ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠬᠠᠵᠠᠭᠤ ᠶᠢᠨ ᠶᠠᠪᠤᠳᠠᠯ ᠢᠶᠠᠷ ᠬᠠᠵᠠᠭᠤ ᠶᠢᠨ ᠬᠥᠮᠦᠰ ᠢᠶᠠᠨ ᠰᠤᠷᠭᠠᠨ ᠬᠥᠮᠦᠵᠢᠭᠦᠯᠵᠦ᠂ ᠣᠶᠢᠷ᠎ᠠ ᠶᠢᠨ ᠵᠢᠯ ᠤᠨ ᠲᠤᠷᠰᠢ ᠮᠠᠨ ᠤ ᠬᠤᠰᠢᠭᠤᠨ ᠤ ᠪᠠᠶᠢᠴᠠᠭᠠᠨ ᠰᠢᠶ᠋ᠳᠪᠦᠷᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ  ᠨᠠᠷᠢᠨ ᠡᠮᠬᠢᠯᠡᠵᠦ ᠲᠥᠷᠥᠯ ᠬᠤᠪᠢᠶᠠᠨ ᠰᠢᠯᠢᠨ ᠰᠣᠩᠭᠤᠵᠠᠶ᠃ ᠱᠠᠲᠤ ᠳᠠᠪᠬᠤᠷᠭ᠎ᠠ᠂ ᠲᠥᠷᠥᠯ ᠬᠤᠪᠢᠶᠠᠨ ᠰᠡᠷᠡᠮᠵᠢᠯᠡᠭᠦᠯᠬᠦ ᠬᠥᠮᠦᠵᠢᠯ ᠪᠠ ᠲᠣᠭᠤᠷᠢᠨ ᠤᠬᠠᠭᠤᠯᠤᠨ  ᠲᠠᠶᠢᠯᠪᠤᠷᠢᠯᠠᠬᠤ ᠶᠢ ᠥᠷᠨᠢᠭᠦᠯᠵᠦ᠂ ᠬᠡᠷᠡᠭ ᠢᠶᠠᠷ ᠰᠡᠷᠡᠮᠵᠢᠯᠡᠭᠦᠯᠵᠦ᠂ ᠬᠡᠷᠡᠭ ᠢᠶᠠᠷ ᠬᠠᠯᠠᠨ ᠰᠠᠶᠢᠵᠢᠷᠠᠭᠤᠯᠬᠤ ᠶᠢ  ᠠᠬᠢᠭᠤᠯᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠵᠢᠷᠭᠤᠭ᠎ᠠ ᠳᠤ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢᠨ ︽ᠬᠠᠮ ᠠᠷᠭ᠎ᠠ︾ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ︽ᠭᠤᠷᠪᠠᠨ ᠶᠠᠪᠤᠳᠠᠯ︾ ᠢ ᠢᠯᠡ ᠪᠣᠯᠭᠠᠬᠤ᠂ ︽ᠠᠷᠢᠭᠤᠨ ᠴᠢᠬᠡᠴᠢ ᠺᠠᠳ᠋ᠷ︾ ᠢ ᠰᠢᠯᠭᠠᠷᠠᠭᠤᠯᠬᠤ ᠠᠵᠢᠯ ᠢ  ᠬᠦᠴᠤᠯᠡᠨ ᠰᠠᠶᠢᠲᠤᠷ ᠬᠢᠵᠦ᠂ ︽ᠲᠣᠭᠲᠠᠭᠰᠠᠨ ᠬᠥᠳᠡᠯᠦᠯ ᠪᠠᠷᠢᠯ︾ ᠢ ᠨᠠᠷᠢᠨ ᠬᠢᠨᠠᠮᠠᠭᠠᠶ ᠪᠣᠳᠠᠲᠠᠶ ᠬᠢᠵᠦ᠂ ︽ᠥᠪᠡᠰᠦᠪᠡᠨ ᠰᠣᠩᠭᠤᠬᠤ ᠬᠥᠳᠡᠯᠭᠡᠭᠡᠨ︾ ᠢ ᠰᠢᠨᠡᠴᠢᠯᠡᠵᠦ᠂ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ  ᠠᠳᠬᠤᠵᠤ᠂ ᠦᠨᠳᠦᠰᠦᠨ ᠱᠠᠲᠤᠨ ᠤ ᠲᠥᠪ ᠰᠤᠷᠲᠠᠯ ᠢ ᠪᠠᠳᠠᠷᠠᠭᠤᠯᠤᠨ᠎ᠠ︔ ᠳᠣᠯᠤᠭ᠎ᠠ ᠳᠤ ᠦᠨᠳᠦᠰᠦᠨ ᠱᠠᠲᠤ ᠶᠢ ᠭᠦᠨᠵᠡᠭᠡᠶ ᠠᠬᠢᠭᠤᠯᠬᠤ ᠬᠡᠷᠡᠭᠲᠡᠶ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号