ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠤᠯᠠᠭᠠᠨᠬᠠᠳᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠬᠠᠮᠠᠭᠠᠯᠠᠬᠤ ᠪᠠ ᠬᠥᠭᠵᠢᠭᠦᠯᠬᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2020/9/3
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠤᠯᠠᠭᠠᠨᠬᠠᠳᠠ ᠭᠠᠯᠲᠤ ᠠᠭᠤᠯᠠ ᠶᠢᠨ       ᠭᠠᠵᠠᠷ ᠰᠢᠨᠵᠢᠯᠡᠭᠡᠨ ᠤ ᠴᠡᠴᠡᠷᠯᠢᠭ ᠢ ᠬᠠᠮᠠᠭᠠᠯᠠᠬᠤ ᠪᠠ ᠬᠥᠭᠵᠢᠭᠦᠯᠬᠦ ᠶᠠᠷᠢᠯᠴᠠᠬᠤ ᠬᠤᠷᠠᠯ ᠬᠢᠪᠡ        8 ᠰᠠᠷ᠎ᠠ ᠶᠢᠨ 27 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠭᠠᠯᠲᠤ ᠠᠭᠤᠯᠠ ᠶᠢᠨ ᠠᠯᠳᠠᠷᠲᠤ ᠭᠠᠵᠠᠷ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ‌‍ᠤ ᠶᠡᠭᠡ ᠰᠤᠷᠭᠠᠭᠤᠯᠢ ᠶᠢᠨ ᠪᠠᠢ ᡁᠢ ᠳ᠋ᠡ ᠫᠷᠤᠹᠧᠰᠰᠤᠷ ᠶᠢ ᠤᠷᠢᠵᠤ ᠤᠯᠠᠭᠠᠨᠬᠠᠳᠠ ᠳᠠᠬᠢ ᠭᠠᠯᠲᠤ ᠠᠭᠤᠯᠠ‌‍ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠬᠠᠮᠠᠭᠠᠯᠠᠬᠤ ᠪᠠ ᠬᠥᠭᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠤᠤ ᠶᠦᠩ ᠪᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤ ᠴᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠢ ᠢᠦ ᠬᠤᠷᠠᠯ ᠳᠤ ᠣᠷᠣᠯᠴᠠᠵᠤ᠂ ᠤᠯᠠᠭᠠᠨᠬᠠᠳᠠ ᠰᠤᠮᠤ᠂ ᠪᠠᠶᠠᠨᠴᠠᠭᠠᠨ ᠪᠠᠯᠭᠠᠰᠤ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠦᠭᠡᠷᠡᠴᠢᠯᠡᠯᠳᠠ ᠬᠥᠭᠵᠢᠭᠦᠯᠦᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠡ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠡ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠡ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠡ᠂ ᠰᠣᠶᠣᠯ ᠵᠤᠭᠠᠴᠠᠯ ᠤᠨ ᠲᠣᠪᠴᠢᠶ᠎ᠡ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠡ᠂ ᠶᠠᠳᠠᠭᠤ ᠶᠢ ᠲᠡᠳᠬᠦᠬᠦ ᠠᠯᠪᠠᠨ ᠭᠡᠷ᠂ ᠵᠤᠭᠠᠴᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠪᠠᠢ ᡁᠢ ᠳ᠋ᠡ ᠫᠷᠤᠹᠧᠰᠰᠤᠷ ᠵᠢᠭᠠᠵᠤ ᠭᠠᠷᠭᠠᠭᠰᠠᠨ ᠨᠢ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠰᠦᠷᠦᠭ ᠪᠣᠯ ᠳᠡᠯᠭᠡᠷᠡᠩᠭᠦᠢ ᠤᠳᠬ᠎ᠠ ᠶᠢᠨ ᠭᠠᠯᠲᠤ ᠠᠭᠤᠯᠠ ᠪᠥᠭᠡᠳ ᠦᠪᠡᠷᠮᠢᠴᠠ ᠣᠨᠴᠠᠯᠢᠭ ᠪᠦᠬᠦᠢ ᠭᠠᠵᠠᠷ ᠰᠢᠨᠵᠢᠯᠡᠭᠡᠨ ᠤ ᠬᠡᠪ ᠨᠠᠮᠪᠠ ᠲᠠᠢ ᠪᠥᠭᠡᠳ ᠪᠦᠷᠢᠨ ᠪᠦᠲᠦᠨ ᠬᠠᠳᠠᠭᠠᠯᠠᠭᠳᠠᠳᠠᠵᠦ᠃ ᠭᠠᠯᠲᠤ ᠠᠭᠤᠯᠠ ᠶᠢᠨ ᠱᠣᠪᠣᠭᠤᠷ᠂ ᠬᠠᠶᠢᠯᠤᠮᠠᠯ ᠴᠢᠯᠠᠭᠤᠯᠢᠭ ᠤᠨ ᠤᠷᠤᠰᠬᠠᠯ᠂ ᠬᠠᠰᠢᠭᠳᠠᠭᠰᠠᠨ ᠨᠠᠭᠤᠷ ᠨᠢ ᠬᠠᠮᠳᠣᠪᠡᠷ ᠤᠯᠠᠭᠠᠨᠬᠠᠳᠠ ᠶᠢᠨ ᠭᠠᠯᠲᠤ ᠠᠭᠤᠯᠠ ᠭᠤᠷᠪᠠᠨ ᠲᠣᠮᠣ ᠬᠡᠰᠡᠭ ᠤᠨ ᠭᠤᠤᠯ ᠦᠵᠡᠮᠵᠢ ᠵᠢᠴᠢ ᠥᠪᠡᠷᠮᠢᠴᠡ ᠣᠨᠴᠠᠯᠢᠭ ᠪᠥᠬᠦᠶ ᠭᠠᠯᠲᠤ ᠠᠭᠤᠯᠠ ᠶᠢᠨ ᠱᠣᠷᠣᠯᠵᠢᠨ ᠤ ᠣᠭᠲᠣᠯᠤᠭᠠᠰᠤ ᠪᠣᠯᠵᠣ ᠪᠦᠷᠢᠯᠳᠦᠵᠡᠶ᠃ ᠡᠨᠡ ᠨᠢ ᠤᠯᠤᠰ ᠤᠨ ᠳᠣᠲᠣᠭᠠᠳᠤ ᠳᠤ ᠴᠤᠷ ᠤᠨ ᠭᠠᠭᠴᠠ ᠪᠥᠭᠡᠳ ᠳᠡᠯᠡᠬᠡᠶ ᠳ᠋ᠠᠬᠢᠨ ᠳᠤ ᠴᠤ ᠬᠤᠪᠣᠷ ᠪᠠᠶᠢᠳᠠᠭ ᠶᠤᠮ᠃ ᠤᠯᠠᠭᠠᠨᠬᠠᠳᠠ ᠭᠠᠯᠲᠤ ᠠᠭᠤᠯᠠ ᠨᠢ ᠣᠷᠣᠨ ᠪᠠᠶᠢᠷᠢ ᠶᠢᠨ ᠳᠠᠪᠠᠭᠤᠯᠢᠭ ᠲᠠᠢ᠂ ᠵᠠᠮ ᠬᠠᠷᠢᠯᠴᠠᠭ᠎ᠠ ᠳᠥᠭᠦᠮ ᠪᠠᠶᠢᠳᠠᠭ᠃ ᠡᠳᠡᠭᠡᠷ ᠳᠠᠪᠠᠭᠤᠯᠢᠭ ᠲᠠᠯ᠎ᠠ ᠶᠢ ᠰᠠᠶᠢᠲᠤᠷ ᠠᠰᠢᠭᠯᠠᠵᠤ᠂ ᠴᠠᠬᠠᠷ ᠰᠣᠶᠣᠯ᠂ ᠲᠤᠬᠠᠢ ᠶᠢᠨ ᠭᠠᠵᠠᠷ ᠤᠨ ᠦᠨᠳᠦᠰᠦᠲᠡᠨ ᠤ ᠣᠨᠴᠠᠯᠢᠭᠲᠤ ᠠᠵᠤ ᠦᠢᠯᠡᠰ ᠵᠢᠴᠢ ᠨᠢᠭᠡᠳᠦᠭᠡᠷ᠂ ᠬᠤᠶᠠᠳᠤᠭᠠᠷ ᠠᠵᠤ ᠦᠢᠯᠡᠰ ᠲᠠᠢ ᠤᠶᠠᠯᠳᠤᠭᠤᠯᠤᠨ ᠵᠦᠢ ᠵᠣᠬᠢᠰᠳᠡᠢ ᠨᠡᠭᠡᠭᠡᠨ ᠠᠰᠢᠭᠯᠠᠬᠤ ᠬᠡᠷᠡᠭᠲᠡᠢ᠃ ᠬᠠᠮᠠᠭᠠᠯᠠᠬᠤ ᠳᠤᠮᠳᠠ ᠨᠡᠭᠡᠭᠡᠨ ᠬᠥᠭᠵᠢᠭᠦᠯᠵᠦ᠂ ᠨᠡᠭᠡᠭᠡᠬᠦ ᠳᠤᠮᠳᠠ ᠬᠠᠮᠠᠭᠠᠯᠠᠨ᠂ ᠬᠠᠮᠠᠭᠠᠯᠠᠬᠤ ᠪᠠ ᠨᠡᠭᠡᠭᠡᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠣᠷᠢᠯᠡᠵᠦ᠂ ᠪᠠᠶᠢᠭᠠᠯᠢ ᠶᠢᠨ ᠡᠬᠢ ᠪᠠᠶᠠᠯᠢᠭ ᠢ ᠣᠷᠣᠨ ᠨᠤᠲᠤᠭ ᠤᠨ ᠠᠮᠢᠳᠤᠷᠠᠯ᠂ ᠠᠵᠤ ᠠᠬᠤᠶ ᠳᠤ ᠴᠢᠬᠤᠯᠠ ᠦᠢᠯᠡᠳᠣᠯ ᠦᠵᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠷ᠎ᠡ ᠠᠯᠳᠠᠷ ᠢ ᠪᠤᠢ ᠪᠣᠯᠭᠠᠬᠤ ᠲᠠᠯ᠎ᠠ ᠪᠠᠷ ᠴᠢᠬᠤᠯᠠ ᠨᠦᠯᠣᠭᠡ ᠪᠠᠳᠠᠷᠠᠭᠤᠯᠪᠠ᠃ ᠣᠳᠣ ᠲᠣᠳᠣᠷᠬᠠᠶᠢᠯᠠᠭᠰᠠᠨ 7 ᠳ᠋ᠤᠭᠠᠷ ᠲᠣᠭᠠᠲᠤ᠂ 8 ᠳ᠋ᠤᠭᠠᠷ ᠲᠣᠭᠠᠲᠤ ᠠᠭᠤᠯᠠ ᠨᠢ ᠭᠠᠯᠲᠤ ᠠᠭᠤᠯᠠ ᠪᠢᠰᠢ ᠭᠡᠵᠦ ᠴᠢᠬᠤᠯᠠᠴᠢᠯᠠᠵᠡᠢ᠃ ᠭᠡᠪᠡᠴᠦ ᠴᠢᠬᠤᠯᠠ ᠭᠠᠵᠠᠷ ᠵᠦᠶ ᠶᠢᠨ ᠦᠯᠡᠳᠡᠭᠳᠡᠯ ᠨᠢ ᠮᠠᠰᠢ ᠴᠢᠩᠭ᠎ᠠ ᠰᠣᠨᠢᠷᠬᠠᠯ ᠤᠨ ᠦᠨ᠎ᠡ ᠥᠷᠲᠡᠭ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠥᠷᠲᠡᠭ ᠲᠠᠢ ᠶᠤᠮ᠃    ᠭᠤᠤ ᠶᠦᠩ ᠪᠢᠨ ᠵᠢᠭᠠᠵᠤ ᠭᠠᠷᠭᠠᠭᠰᠠᠨ ᠨᠢ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ᠪᠣᠰᠤᠭ᠎ᠠ ᠴᠣᠭᠴᠠᠵᠢᠭᠤᠯᠬᠤ᠂ ᠪᠦᠬᠦ ᠲᠠᠯ᠎ᠠ ᠪᠠᠷ ᠨᠡᠭᠡᠭᠡᠨ ᠠᠰᠢᠭᠯᠠᠬᠤ ᠳᠤ ᠰᠦᠷᠯᠢᠭ ᠰᠠᠶᠢᠬᠠᠨ ᠪᠠᠶᠢᠭᠠᠯᠢ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠪᠠᠰᠠ ᠣᠯᠠᠨ ᠡᠰᠢᠲᠦ ᠰᠣᠶᠣᠯ ᠤᠨ ᠡᠬᠢ ᠪᠠᠶᠠᠯᠢᠭ᠂ ᠬᠤᠪᠢᠰᠬᠠᠯ ᠤᠨ ᠭᠧᠨ᠂ ᠨᠡᠶᠢᠭᠡᠮ ᠤᠨ ᠡᠬᠢ ᠪᠠᠶᠠᠯᠢᠭ ᠵᠢᠴᠢ ᠣᠨᠴᠠᠯᠢᠭᠲᠤ ᠠᠵᠤ ᠦᠢᠯᠡᠰ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠬᠡᠷᠡᠭᠲᠡᠶ᠃ ᠲᠦᠯᠣᠪᠵᠢᠭᠦᠯᠭᠡ ᠠᠷᠭ᠎ᠠ ᠵᠠᠮ ᠢ ᠰᠠᠶᠢᠲᠤᠷ ᠬᠢᠵᠦ᠂ ᠬᠠᠷᠠᠭᠠᠰᠤ ᠰᠣᠯᠢᠬᠤ᠂ ᠰᠡᠳᠬᠢᠬᠦᠶ ᠶᠢ ᠰᠣᠯᠢᠬᠤ᠂ ᠰᠡᠳᠦᠪ ᠢ ᠡᠪᠳᠡᠵᠦ ᠰᠢᠨ᠎ᠡ ᠠᠷᠭ᠎ᠠ ᠵᠠᠮ‌ᠢ ᠡᠷᠢᠬᠦ ᠳᠤ ᠶᠡᠷᠣᠨᠨᠬᠡᠢ ᠳᠡᠭᠡᠨ ᠶᠡᠭᠡ ᠲᠥᠯᠥᠪᠵᠢᠭᠦᠯᠭᠡ ᠬᠢᠵᠦ᠂ ᠪᠣᠯᠭᠤᠮᠵᠢᠲᠠᠶ ᠪᠥᠲᠥᠭᠡᠨ ᠪᠠᠶᠢᠭᠤᠯᠬᠤ ᠬᠡᠷᠡᠭᠲᠡᠶ᠃ ᠲᠠᠷᠢᠶᠠᠴᠢᠨ ᠮᠠᠯᠴᠢᠳ ᠤᠨ ᠠᠵᠢᠯ ᠢ ᠰᠠᠶᠢᠲᠤᠷ ᠬᠢᠵᠦ᠂ ᠨᠠᠮ ᠤᠨ ᠭᠡᠰᠢᠭᠦᠨ ᠪᠣᠯᠤᠨ ᠺᠠᠳ᠋ᠷᠴᠤᠳ ᠣᠴᠢᠵᠦ᠂ ᠮᠠᠯᠴᠢᠨ ᠲᠠᠷᠢᠶᠠᠴᠢᠨ ᠤ ᠳᠤᠮᠳᠠ ᠬᠦᠷᠴᠦ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠣᠨᠣᠪᠴᠢᠲᠠᠶ ᠡᠷᠢᠬᠦ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠡᠷᠡᠭᠲᠡᠶ᠂ ᠤᠯᠠᠭᠠᠨᠬᠠᠳᠠ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠨᠢ ᠬᠠᠷᠢᠴᠠᠩᠭᠤᠶ ᠪᠢᠲᠡᠭᠦᠮᠵᠢᠯᠡᠭᠰᠡᠨ ᠣᠨᠴᠠᠯᠢᠭ ᠲᠠᠢ ᠪᠠᠶᠢᠵᠤ᠂ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠪᠠ ᠮᠠᠯᠴᠢᠨ ᠲᠠᠷᠢᠶᠠᠴᠢᠨ ᠤ ᠠᠮᠢᠳᠤᠷᠠᠯ ᠢ ᠬᠠᠷᠢᠯᠴᠠᠨ ᠤᠶᠠᠯᠳᠤᠭᠤᠯᠵᠤ᠂ ᠲᠠᠷᠢᠶᠠᠴᠢᠨ ᠮᠠᠯᠴᠢᠳ ᠲᠤ ᠠᠮᠢᠳᠤᠷᠠᠯ ᠤᠨ ᠵᠠᠮ ᠪᠣᠯᠤᠨ ᠠᠮᠢᠳᠤᠷᠠᠯ ᠤᠨ ᠪᠠᠶᠢᠳᠠᠯ ᠢ ᠰᠠᠶᠢᠲᠤᠷ ᠦᠯᠡᠳᠡᠭᠡᠵᠦ᠂ ᠠᠮᠢᠳᠣᠷᠡᠯ᠂ ᠦᠢᠯᠡᠳᠪᠣᠷᠢᠯᠡᠯ ᠪᠣᠯᠤᠨ ᠦᠵᠡᠮᠵᠢ ᠶᠢᠨ ᠣᠷᠣᠨ ᠤ ᠬᠥᠭᠵᠢᠯᠲᠡ ᠶᠢᠨ ᠬᠠᠷᠢᠴᠠᠭ᠎ᠠ ᠶᠢ ᠵᠦᠶ ᠵᠣᠬᠢᠰᠲᠠᠶ ᠰᠠᠶᠢᠲᠤᠷ ᠲᠥᠯᠥᠪᠵᠢᠭᠦᠯᠬᠦ ᠬᠡᠷᠡᠭᠲᠡᠶ᠃     ᠬᠠᠮᠤᠭ ᠰᠡᠭᠦᠯ ᠳᠤ᠂ ᠭᠤᠤ ᠶᠦᠩ ᠪᠢᠨ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠪᠠᠢ ᡁᠢ ᠳ᠋ᠡ ᠫᠷᠤᠹᠧᠰᠰᠤᠷ ᠲᠤ ᠤᠯᠠᠭᠠᠨᠬᠠᠳᠠ ᠳᠠᠬᠢ ᠭᠠᠯᠲᠤ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠣᠨᠴᠠ ᠤᠷᠢᠭᠰᠠᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠬᠦ ᠤᠷᠢᠯᠭ᠎ᠠ ᠶᠢ ᠳᠡᠪᠰᠢᠭᠦᠯᠪᠡ᠃     ᠬᠤᠷᠠᠯ ᠳᠤ ᠣᠷᠣᠯᠴᠠᠭᠰᠠᠳ ᠶᠠᠷᠢᠯᠴᠠᠵᠤ ᠰᠣᠯᠢᠯᠴᠠᠬᠤ ᠳᠤᠮᠳᠠ ᠲᠣᠰ ᠤᠳᠠᠭᠠᠨ ᠤ ᠶᠠᠷᠢᠯᠴᠠᠬᠤ ᠬᠤᠷᠠᠯ ᠤᠨ ᠠᠴᠢ ᠬᠤᠯᠪᠣᠭᠳᠠᠯ ᠨᠢ ᠭᠦᠨ ᠭᠦᠨᠵᠡᠭᠡᠶ ᠪᠠᠶᠢᠵᠤ᠂ ᠤᠯᠠᠭᠠᠨᠬᠠᠳᠠ ᠭᠠᠯᠲᠤ ᠠᠭᠤᠯᠠ ᠶᠢᠨ ᠲᠤᠬᠠᠶ ᠰᠢᠨ᠎ᠡ ᠲᠠᠨᠢᠯᠲᠠ ᠲᠠᠢ ᠪᠣᠯᠵᠡᠢ᠃                                            ᠵᠣᠬᠢᠶᠠᠭᠴᠢ᠄ ᠶᠢᠨ ᠢᠦᠢ ᠰᠢ                                            ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号