ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢᠨ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠳᠤ ᠬᠦᠷᠴᠡᠢ | | 12 ᠰᠠᠷ᠎ᠠ ᠶᠢᠨ 28 ᠤ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠬᠤᠰᠢᠭᠤ ᠨᠠᠮ ᠤᠨ ᠬᠤᠷᠢᠶᠠᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠪᠠᠶᠠᠨᠴᠠᠭᠠᠨ ᠪᠠᠯᠭᠠᠰᠤᠨ ᠳᠤ ᠬᠦᠷᠴᠦ ᠮᠡᠳᠡᠭᠦᠯᠦᠯᠲᠡ ᠶᠢᠨ ᠬᠤᠷᠠᠯ ᠬᠢᠵᠦ᠂ ᠰᠢᠶᠠᠩ | ᠪᠠᠯᠭᠠᠰᠤ ᠵᠢᠴᠢ ᠨᠡᠶᠢᠭᠡᠮ ᠲᠣᠭᠤᠷᠢᠭ ᠤᠨ ᠠᠵᠢᠯᠲᠠᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | | ᠮᠡᠳᠡᠭᠦᠯᠦᠯᠲᠡ ᠶᠢᠨ ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠢ ᠹᠤᠩ | ᠴᠢᠨ ᠪᠠᠭᠰᠢ ᠶᠢ ᠤᠷᠢᠵᠤ ︽ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠶ᠎ᠡ︾ ᠭᠡᠬᠦ ᠭᠤᠤᠯ ᠰᠡᠳᠦᠪᠲᠦ ᠲᠤᠰᠬᠠᠶ ᠰᠡᠳᠦᠪᠲᠦ ᠮᠡᠳᠡᠭᠦᠯᠦᠯᠲᠡ | ᠬᠢᠯᠭᠡᠪᠡ᠂ ᠢ ᠪᠠᠭᠰᠢ ᠮᠠᠨ ᠤ ᠤᠯᠤᠰ ᠠᠴᠠ ᠰᠢᠨ᠎ᠡ ᠬᠥᠭᠵᠢᠯᠲᠡ ᠶᠢᠨ ᠱᠠᠲᠤᠨ ᠳᠤ ᠣᠷᠣᠭᠰᠠᠨ ᠤ ᠴᠢᠬᠤᠯᠠ ᠶᠡᠭᠡ | ᠠᠴᠢ ᠬᠤᠯᠪᠣᠭᠳᠠᠯ᠂ ᠠᠰᠢᠭᠲᠠᠶ ᠨᠥᠬᠦᠴᠡᠯ ᠪᠠ ᠴᠢᠬᠤᠯᠠ ᠣᠨᠴᠠᠯᠢᠭ᠂ 2035 ᠣᠨ ᠤ ᠠᠯᠤᠰ ᠤᠨ ᠬᠠᠷᠠᠯᠲᠠ ᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠮᠠᠨ ᠤ ᠤᠯᠤᠰ ᠤᠨ ᠬᠥᠭᠵᠢᠯᠲᠡ ᠶᠢᠨ ᠵᠢᠯᠣᠭᠤᠳᠬᠤ ᠴᠢᠭᠯᠡᠯᠲᠡ᠂ | ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠣᠳᠣᠯᠬᠢᠯᠠᠯ ᠪᠠ ᠴᠢᠬᠤᠯᠠ ᠬᠦᠴᠦᠯᠡᠬᠦ ᠴᠡᠭ᠂ ᠵᠡᠷᠭᠡ ᠲᠠᠯ᠎ᠠ ᠶᠢᠨ ᠠᠭᠤᠯᠭ᠎ᠠ᠂ ᠪᠣᠳᠠᠲᠤ ᠠᠵᠢᠯ ᠤᠨ | ᠤᠶᠢᠯᠡᠳᠤᠯᠬᠡ ᠪᠠ ᠲᠤᠷᠰᠢᠯᠭ᠎ᠠ ᠲᠠᠢ ᠤᠶᠠᠯᠳᠤᠭᠤᠯᠤᠨ᠎ᠠ᠂ ᠠᠮᠢᠳᠤᠯᠢᠭ ᠳᠦᠷᠰᠦᠯᠢᠭ ᠵᠢᠱᠢᠶ᠎ᠡ ᠪᠠᠷ ᠲᠣᠳᠣᠷᠬᠠᠶᠢᠯᠠᠬᠤ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ | ᠳᠠᠮᠵᠢᠭᠤᠯᠤᠭᠰᠠᠨ ᠵᠣᠷᠢᠭ ᠰᠠᠨᠠᠭ᠎ᠠ ᠶᠢ ᠨᠠᠷᠢᠨ ᠲᠣᠳᠣᠷᠬᠠᠶᠢᠯᠠᠨ ᠥᠭᠦᠯᠡᠪᠡ᠃ | | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠪᠣᠯ ᠮᠠᠨ ᠤ ᠤᠯᠤᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠶᠠᠭ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ | ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠨᠠᠮ ᠪᠣᠯᠤᠨ ᠤᠯᠤᠰ ᠤᠨ ᠬᠥᠭᠵᠢᠯᠲᠡ ᠶᠢᠨ ᠠᠬᠢᠴᠠ ᠳᠤ | ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠲᠥᠪ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ | ᠨᠢᠭᠡᠳᠬᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ᠂ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠡᠷᠡᠭᠲᠡᠶ᠃ | | ᠬᠤᠷᠠᠯ ᠳᠤ ᠣᠷᠣᠯᠴᠠᠭᠰᠠᠳ᠂ ᠲᠣᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠡᠮᠵᠢᠨ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠩ ᠭᠦᠨᠵᠡᠭᠡᠶ ᠣᠶᠢᠯᠠᠭᠠᠵᠤ᠂ ᠬᠤᠶᠢᠰᠢᠳᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ | ᠮᠥᠨ ᠴᠢᠨᠠᠷ ᠢ ᠨᠡᠪᠲᠡᠷᠬᠡᠶ ᠣᠶᠢᠯᠠᠭᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ | ᠦᠵᠡᠭᠦᠯᠦᠨ᠎ᠡ ᠭᠡᠵᠦ ᠢᠯᠡᠳᠬᠡᠵᠡᠭᠡᠪᠡ᠃ | ᠵᠣᠬᠢᠶᠠᠭᠴᠢ᠄ ᠰᠦᠨ ᠶᠢᠩ᠂ ᠰᠦᠯᠳᠡ | ᠣᠷᠴᠢᠭᠤᠯᠣᠭᠴᠢ᠄ ᠡᠷᠳᠡᠨᠢᠴᠢᠮᠡᠭ |