ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠢᠯᠢ ᠶᠢᠨ ᠳᠣᠲᠣᠷᠠᠬᠢ ᠡᠯ᠎ᠡ ᠵᠠᠮ ᠬᠠᠷᠢᠯᠴᠠᠭᠠᠨ ᠤ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠴᠡᠭ ᠭᠠᠷᠭᠠᠪᠠ
ᠨᠡᠶᠢᠲᠡᠯᠡᠭᠰᠡᠨ ᠴᠠᠭ᠄
2021/1/20
       ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠢᠯᠢ ᠶᠢᠨ ᠳᠣᠲᠣᠷᠠᠬᠢ ᠡᠯ᠎ᠡ ᠵᠠᠮ        ᠬᠠᠷᠢᠯᠴᠠᠭᠠᠨ ᠤ ᠪᠣᠭᠤᠮᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ        ᠪᠠᠶᠢᠴᠠᠭᠠᠬᠤ ᠴᠡᠭ ᠭᠠᠷᠭᠠᠪᠠ      ︽ᠰᠠᠶᠢᠨ ᠪᠠᠶᠢᠨ᠎ᠠ ᠤᠤ᠂ ᠵᠠᠮ ᠤᠨ ᠬᠠᠵᠠᠭᠤ ᠳᠤ ᠲᠡᠷᠭᠡ ᠪᠠᠨ ᠵᠣᠭᠰᠣᠭᠠᠵᠤ᠂ ᠺᠣᠳ᠋ ᠰᠢᠷᠪᠢᠵᠦ ᠬᠤᠪᠢ ᠬᠥᠮᠦᠨ ᠤ ᠠᠶᠠᠯᠠᠯ ᠤᠨ ᠮᠡᠳᠡᠭᠡ ᠵᠠᠩᠭᠢ ᠪᠠᠨ ᠪᠦᠷᠢᠳᠬᠡᠭᠦᠯᠦᠭᠡᠷᠡᠶ᠃ 1 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ G 55 ᠲᠦᠷᠭᠡᠨ ᠳᠠᠪᠬᠢᠬᠤ ᠵᠠᠰᠠᠮᠠᠯ ᠵᠠᠮ ᠤᠨ ᠰᠤᠶᠢᠳᠬᠡᠯ ᠬᠤᠷᠢᠶᠠᠬᠤ ᠥᠷᠲᠡᠭᠡ ᠠᠴᠠ ᠣᠯᠵᠤ ᠦᠵᠡᠭᠰᠡᠨ ᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠵᠡᠷᠭᠡ ᠨᠢᠭᠡᠴᠡ ᠪᠠᠷ ᠪᠦᠷᠢᠯᠳᠦᠭᠰᠡᠨ ᠪᠠᠶᠢᠴᠠᠭᠠᠬᠤ ᠠᠩᠭᠢ ᠶᠢᠨ ᠠᠵᠢᠯᠲᠠᠳ ᠨᠡᠪᠲᠡᠷᠡᠬᠦ ᠲᠡᠷᠭᠡ ᠬᠥᠰᠬᠡ ᠶᠢ ᠵᠢᠭᠠᠨ ᠲᠣᠭᠲᠠᠭᠠᠭᠰᠠᠨ ᠭᠠᠵᠠᠷ ᠲᠤ ᠵᠢᠯᠣᠭᠤᠳᠴᠤ᠂ ᠲᠡᠷᠭᠡᠨ ᠳᠤ ᠰᠠᠭᠤᠬᠤ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠮᠡᠳᠡᠭᠡ ᠵᠠᠩᠭᠢ ᠶᠢ ᠳᠡᠩᠰᠡᠯᠡᠨ᠎ᠡ᠃
   ᠣᠶᠢᠷ᠎ᠠ ᠳᠤ᠂ ᠣᠯᠠᠨ ᠭᠠᠵᠠᠷ ᠲᠤ ᠬᠡᠰᠡᠭ ᠪᠤᠰᠠᠭ ᠢᠶᠠᠷ ᠳᠡᠯᠭᠡᠷᠡᠭᠰᠡᠨ ᠪᠠ ᠬᠡᠰᠡᠭ ᠭᠠᠵᠠᠷ ᠲᠤ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠭᠰᠠᠨ ᠠᠴᠠ ᠪᠣᠯᠵᠣ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠳᠠᠷᠤᠶ ᠲᠦᠷᠭᠡᠨ ᠬᠥᠳᠡᠯᠦᠯᠴᠡᠨ᠂ ᠨᠠᠷᠢᠨ ᠨᠢᠭᠲᠠ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠷᠣᠵᠤ ᠭᠠᠷᠬᠤ ᠭᠠᠵᠠᠷ ᠤᠨ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠪᠣᠭᠤᠮᠲᠠ ᠶᠢ ᠦᠨᠡᠨ ᠬᠦ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠣᠷᠣᠵᠤ ᠢᠷᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃
   1 ᠰᠠᠷ᠎ᠠ ᠶᠢᠨ 7 ᠤ ᠡᠳᠦᠷ ᠠᠴᠠ ᠡᠬᠢᠯᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ G 55 ᠲᠦᠷᠭᠡᠨ ᠤ ᠵᠠᠮ ᠤᠨ ᠠᠮᠠᠰᠠᠷ᠂ ᠳ᠋ᠠ ᠯᠢᠤ ᠬᠤᠤ᠂ ᠲᠦᠮᠡᠳ ᠥᠷᠲᠡᠭᠡ᠂ ᠤᠯᠠᠭᠠᠨᠬᠠᠳᠠ ᠵᠡᠷᠭᠡ ᠰᠤᠶᠢᠳᠬᠡᠯ ᠬᠤᠷᠢᠶᠠᠬᠤ ᠥᠷᠲᠡᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠴᠡᠭ ᠭᠠᠷᠭᠠᠵᠤ᠂ ᠢᠷᠡᠵᠦ ᠣᠴᠢᠬᠤ ᠲᠡᠷᠭᠡ ᠬᠥᠰᠬᠡ ᠵᠢᠴᠢ ᠬᠥᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠳᠡᠩᠰᠡᠯᠡᠨ ᠲᠡᠮᠳᠡᠭᠯᠡᠬᠦ᠂ ᠺᠣᠳ᠋ ᠰᠢᠷᠪᠢᠬᠦ ᠠᠵᠢᠯ ᠢ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃
   ᠨᠢᠭᠡᠳᠦᠭᠡᠷ ᠰᠠᠷ᠎ᠠ ᠶᠢᠨ 12 ᠤᠨ ᠡᠳᠦᠷ ᠪᠣᠯᠲᠠᠯ᠎ᠠ᠂ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 439 ᠤᠳᠠᠭ᠎ᠠ ᠴᠠᠭᠳᠠᠭᠠᠨ ᠤ ᠬᠦᠴᠦᠨ᠂ 29 ᠴᠠᠭᠳᠠᠭᠠᠨ ᠤ ᠲᠡᠷᠭᠡ ᠬᠥᠳᠡᠯᠭᠡᠵᠦ᠂ 5447 ᠲᠡᠷᠭᠡ᠂ 1199 ᠬᠥᠮᠦᠨ ᠢ ᠪᠠᠶᠢᠴᠠᠭᠠᠵᠤ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ 4 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ 44 ᠲᠡᠷᠭᠡ 87 ᠬᠥᠮᠦᠨ ᠢ ᠢᠳᠬᠠᠨ ᠪᠤᠴᠠᠭᠠᠵᠠᠶ᠃                                              ᠵᠣᠬᠢᠶᠠᠭᠴᠢ᠄ ᠭᠥᠸᠧ ᠵᠢᠶᠠ ᠴᠢ                                              ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶᠠᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号