ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ ᠳ᠋ᠠ ᠵᠢᠩ | ᠲᠣᠰᠬᠤᠨ᠄ ᠲᠣᠰᠬᠤᠨ ᠳᠤ ᠰᠠᠭᠤᠵᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ | ᠢᠯᠡᠷᠬᠡᠶ ᠪᠠᠶᠢᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ | ᠰᠠᠶᠢᠨ ᠪᠠᠶᠢᠨ᠎ᠠ | | ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠠᠨᠴᠠᠭᠠᠨ ᠪᠠᠯᠭᠠᠰᠤᠨ ᠤ | ᠳ᠋ᠠ ᠵᠢᠩ ᠲᠣᠰᠬᠤᠨ ᠲᠠᠢ ᠬᠤᠤᠰᠯᠠᠯ ᠪᠣᠯᠵᠣ ᠬᠠᠪᠰᠤᠷᠤᠨ ᠲᠡᠳᠬᠦᠵᠦ᠂ ᠬᠤᠰᠢᠭᠤᠨ ᠤ ᠲᠠᠰ ᠤᠨ ᠤᠳᠤᠷᠢᠳᠤᠯᠭ᠎ᠠ᠂ | ᠲᠣᠰᠬᠤᠨ ᠳᠤ ᠰᠠᠭᠤᠭ᠎ᠠ ᠺᠠᠳ᠋ᠷ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠤ᠂ | ᠲᠣᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠨᠠᠮᠤᠨ ᠪᠠᠶᠢᠭᠤᠯᠤᠯᠲᠠ ᠶᠢ ᠠᠳᠬᠤᠨ ᠶᠠᠳᠠᠭᠤ ᠠᠴᠠ | ᠠᠩᠭᠢᠵᠢᠷᠠᠭᠤᠯᠬᠤ ᠶᠢ ᠠᠬᠢᠭᠤᠯᠵᠤ᠂ ᠲᠥᠪ ᠤᠨ ᠨᠢᠭᠡᠴᠢ ᠶᠢᠨ ︽ᠴᠡᠭ ᠲᠣᠭᠲᠠᠭᠠᠨ ᠬᠠᠪᠰᠤᠷᠬᠤ︾᠂ ᠳᠠᠭᠠᠭᠠᠴᠢᠯᠠᠨ | ᠬᠠᠷᠢᠯᠴᠠᠬᠤ ᠨᠢᠭᠡᠴᠢ ᠶᠢᠨ ︽ᠭᠤᠣᠯᠳᠠᠯᠭ᠎ᠠ ᠲᠠᠢ ᠬᠠᠪᠰᠤᠷᠬᠤ︾᠂ ᠬᠤᠰᠢᠭᠤᠨ ᠤ ᠲᠠᠰ ᠤᠨ ᠤᠳᠤᠷᠢᠳᠤᠯᠭ᠎ᠠ ︽ | ᠴᠡᠭ ᠲᠤ ᠰᠠᠭᠤᠵᠤ ᠬᠠᠪᠰᠤᠷᠬᠤ︾᠂ ᠲᠣᠰᠬᠤᠨ ᠳᠤ ᠰᠠᠭᠤᠭ᠎ᠠ ᠺᠠᠳ᠋ᠷ ︽ᠪᠥᠬᠦ ᠲᠠᠯ᠎ᠠ ᠪᠠᠷ ᠬᠠᠪᠰᠤᠷᠬᠤ︾ ᠪᠠᠷ | ᠳᠠᠮᠵᠢᠭᠤᠯᠤᠨ᠂ ᠳ᠋ᠠ ᠵᠢᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠬᠠᠮ ᠠᠷᠭ᠎ᠠ︾ | ᠶᠢ ᠭᠠᠷᠭᠠᠪᠠ᠃ 2019 ᠣᠨ ᠤ ᠡᠴᠦᠰ ᠲᠤ᠂ ᠪᠥᠬᠦ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠠᠴᠠ ᠠᠩᠭᠢᠵᠢᠷᠠᠭᠤᠯᠪᠠ᠃ | | ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠠᠪᠰᠤᠷᠤᠨ | ᠲᠡᠳᠬᠦᠬᠦ ᠺᠠᠳ᠋ᠷ ᠲᠣᠮᠢᠯᠠᠵᠤ ᠵᠠᠩ ᠢ ᠹᠧᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨᠡᠴᠠ ᠨᠠᠰᠢ᠂ | ᠲᠣᠰᠬᠤᠨ ᠤ ᠪᠠᠶᠢᠳᠠᠯ ᠢ ᠭᠦᠨᠵᠡᠭᠡᠶ ᠣᠢᠯᠠᠭᠠᠬᠤ ᠪᠠᠷ ᠳᠠᠮᠵᠢᠨ᠂ ᠭᠠᠴᠠᠭᠠᠨ ᠤ ᠬᠠᠮᠲᠤ ᠶᠢᠨ ᠠᠵᠤ ᠠᠬᠤᠶ᠂ | ᠭᠠᠴᠠᠭᠠᠨ ᠤ ᠠᠷᠠᠳ ᠤᠨ ᠦᠢᠯᠡᠳᠪᠦᠷᠢᠯᠡᠯ᠂ ᠠᠮᠢᠳᠤᠷᠠᠯ ᠤᠨ ᠪᠠᠶᠢᠳᠠᠯ ᠪᠠ ᠣᠯᠠᠨ ᠲᠦᠮᠡᠨ ᠤ ᠪᠣᠳᠣᠯ ᠰᠠᠨᠠᠭ᠎ᠠ᠂ | ᠲᠣᠰᠬᠤᠨ ᠤ ᠺᠠᠳ᠋ᠷ ᠲᠠᠢ ᠣᠯᠠᠨ ᠤᠳᠠᠭ᠎ᠠ ᠠᠷᠭ᠎ᠠ ᠰᠦᠪᠡᠭᠴᠢᠯᠡᠨ ᠰᠤᠳᠤᠯᠪᠠ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠲᠣᠰᠬᠤᠨ ᠤ ᠱᠠᠲᠤᠨ ᠤ ᠠᠵᠤ ᠦᠢᠯᠡᠰ ᠤᠨ ᠬᠥᠭᠵᠢᠯᠲᠡᠶᠢ ᠲᠦᠯᠬᠢᠨ ᠠᠬᠢᠭᠤᠯᠬᠤ ᠬᠡᠷᠡᠭᠲᠡᠶ᠂ ︽ | ᠡᠯᠧᠺᠲᠷᠣᠨ ᠬᠤᠳᠠᠯᠳᠤᠭᠠᠨ ᠤ ᠲᠠᠪᠴᠠᠩ + ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ︾ ᠰᠦᠯᠵᠢᠶᠡᠨ ᠤ | ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠬᠡᠷᠡᠭᠯᠡᠭᠡᠪᠠᠷ ᠶᠠᠳᠠᠭᠤ ᠶᠢ ᠲᠡᠳᠬᠦᠬᠦ ᠪᠠᠷ ᠠᠵᠤ ᠤᠶᠢᠯᠡᠰ ᠢᠶᠠᠷ | ᠶᠠᠳᠠᠭᠤ ᠶᠢ ᠲᠡᠳᠬᠦᠬᠦ ᠶᠢ ᠳᠠᠶᠢᠴᠢᠯᠠᠨ᠎ᠠ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠᠷ ᠲᠣᠰᠬᠤᠨ ᠤ ᠱᠠᠲᠤᠨ ᠤ ᠠᠵᠤ | ᠤᠶᠢᠯᠡᠰ ᠤᠨ ᠰᠢᠰᠲ᠋ᠧᠮ ᠢ ᠪᠤᠶᠢᠵᠢᠭᠤᠯᠤᠨ᠎ᠠ᠂ 2020 ᠣᠨ ᠳᠤ ᠲᠠᠷᠢᠶᠠᠯᠠᠩ ᠮᠠᠯ ᠠᠵᠤ ᠠᠬᠤᠶ ᠶᠢᠨ | ᠪᠦᠲᠦᠭᠡᠭᠳᠡᠬᠦᠨ ᠢ 120 ᠲᠦᠮᠡᠨ ᠲᠥᠭᠦᠷᠢᠭ ᠪᠣᠷᠣᠯᠠᠭᠤᠯᠤᠨ᠎ᠠ᠂ ᠲᠣᠰᠬᠤᠨ ᠤ ᠯᠠᠩᠭᠤᠸᠠ᠂ ᠥᠨᠳᠡᠭᠡ᠂ ᠦᠬᠡᠷ | ᠬᠤᠨᠢᠨ ᠮᠢᠬ᠎ᠠ ᠶᠢ ᠨᠢᠭᠡᠨᠲᠡ ᠬᠥᠬᠡ ᠮᠥᠷᠡᠨ ᠤ ᠡᠮᠦᠨ᠎ᠡ ᠬᠤᠶᠢᠨ᠎ᠠ ᠪᠣᠷᠣᠯᠠᠭᠤᠯᠪᠠ᠂ ᠳ᠋ᠠ ᠵᠢᠩ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠨᠥᠬᠦᠴᠡᠯ ᠠᠨᠠᠶ᠂ ᠠᠵᠤ ᠣᠶᠢᠯᠠᠰ ᠤᠨ ᠬᠥᠨᠳᠡᠶ ᠲᠣᠰᠬᠤᠨ ︽ᠭᠤᠤ᠎ᠠ ᠳ᠋ᠠᠨ ᠦᠬᠡᠷ | ᠤᠨ ᠮᠢᠬ᠎ᠠ︾ ᠶᠢᠨ ᠦᠨᠳᠦᠰᠦᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ ᠨᠠᠭᠠᠰᠢ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠳ᠋ᠠ ᠵᠢᠩ ᠲᠣᠰᠬᠤᠨ ᠢ | ᠬᠠᠪᠰᠤᠷᠤᠯᠴᠠᠭ᠎ᠠ ᠪᠠᠶᠢᠭᠤᠯᠤᠨ ᠶᠠᠳᠠᠭᠤ ᠬᠦᠴᠢᠷᠳᠡᠯᠲᠡᠢ ᠲᠣᠰᠬᠤᠨ ᠪᠣᠯᠭᠠᠵᠤ᠂ ᠲᠤᠬᠠᠢ ᠶᠢᠨ ᠭᠠᠵᠠᠷᠤᠨ ᠡᠬᠢ | ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠠᠮ ᠤᠨ ᠡᠭᠦᠷ ᠬᠠᠮᠲᠤᠷᠠᠨ ᠪᠠᠶᠢᠭᠤᠯᠬᠤ ᠪᠠᠷ ᠳᠠᠮᠵᠢᠨ᠂ ᠺᠠᠳ᠋ᠷ | ᠤᠯᠠᠨ ᠲᠦᠮᠡᠨ ᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠦᠷᠦ ᠶᠢᠨ ᠪᠤᠳᠤᠯᠭ᠎ᠠ᠂ ᠪᠡᠯᠡ ᠮᠥᠩᠭᠦ ᠶᠢ ᠢᠳᠡᠪᠬᠢᠲᠡᠢ | ᠬᠠᠪᠰᠤᠷᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠳᠠᠭᠠᠭᠤᠯᠤᠨ ᠠᠵᠤ ᠦᠢᠯᠡᠰ ᠢ ᠬᠥᠭᠵᠢᠭᠦᠯᠵᠦ᠂ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ︽ᠴᠢᠰᠤ ᠪᠦᠲᠦᠭᠡᠬᠦ | ︾ ᠴᠢᠳᠠᠮᠵᠢ ᠶᠢ ᠪᠤᠶᠢᠵᠢᠭᠤᠯᠵᠠᠢ᠃ ᠲᠣᠰᠬᠤᠨ ᠳᠤ ᠰᠠᠭᠤᠵᠤ ᠳᠠᠭᠠᠭᠠᠴᠢᠯᠠᠨ ᠲᠡᠳᠬᠦᠬᠦ ᠠᠵᠢᠯᠯᠠᠬᠤ ᠠᠩᠭᠢ ᠪᠠ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠪᠠᠶᠢᠳᠠᠯ ᠠᠷᠠᠳ ᠤᠨ ᠰᠠᠨᠠᠭᠠᠨ ᠳᠤ ᠰᠠᠭᠤᠷᠢᠯᠠᠵᠤ᠂ | ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠢᠯᠠᠵᠤ ᠠᠷᠭ᠎ᠠ ᠵᠠᠮ ᠡᠷᠢᠬᠦ᠂ ᠲᠠᠷᠢᠶᠠᠴᠢᠨ ᠠᠶᠢᠯ ᠤᠨ ᠪᠢᠳᠠᠭᠤ ᠥᠨᠳᠡᠭᠡ ᠶᠢᠨ | ᠠᠷᠠᠯᠵᠢᠶᠠᠨ ᠤ ᠨᠣᠮ ᠢ ᠤᠩᠰᠢᠪᠠ᠂ ︽ᠠᠪᠠᠭ᠎ᠠ ᠡᠵᠢ ᠶᠢᠨ ᠪᠢᠳᠠᠭᠤ ᠥᠨᠳᠡᠭᠡ︾ ︽ᠪᠣᠬᠢᠷᠲᠤᠯ ᠥᠬᠡᠶ + | ᠣᠨᠴᠠᠯᠢᠭᠲᠤ︾ ᠨᠠᠷᠠᠲᠤ ᠲᠡᠮᠳᠡᠭ ᠢ ᠭᠤᠤᠯᠯᠠᠨ ᠡᠭᠦᠳᠦᠨ᠎ᠡ᠂ ᠳᠠᠭᠠᠭᠠᠴᠢᠯᠠᠨ ᠬᠠᠷᠢᠯᠴᠠᠬᠤ ᠨᠢᠭᠡᠴᠡ 3 ᠲᠦᠮᠡᠨ | ᠲᠥᠭᠦᠷᠢᠭ ᠭᠠᠷᠭᠠᠵᠤ ᠡᠬᠢᠯᠡᠭᠦᠯᠬᠦ ᠪᠡᠯᠡ ᠮᠥᠩᠭᠦ ᠪᠣᠯᠭᠠᠨ᠎ᠠ᠂ ᠪᠠᠶᠠᠵᠢᠯ ᠤᠨ ᠳᠠᠭᠠᠭᠤᠯᠤᠭᠴᠢ ᠲᠦᠷᠦᠭᠦᠯᠡᠨ | ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶᠢᠯᠠᠯ ᠠᠪᠠᠭ᠎ᠠ ᠡᠵᠢ ᠶᠢᠨ ᠲᠠᠷᠢᠶᠠᠯᠠᠩ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ ᠪᠠᠶᠢᠭᠤᠯᠤᠨ᠎ᠠ᠂ ︽ᠨᠠᠮ ᠤᠨ ᠡᠭᠦᠷ + ᠺᠣᠮᠫᠠᠨᠢ + | ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠨ᠂ ᠳᠠᠭᠠᠯᠲᠠ ᠲᠠᠬᠢᠶᠠᠨ ᠴᠢᠬᠢ ᠪᠠᠶᠢᠭᠤᠯᠬᠤ᠂ | ᠥᠨᠳᠡᠭᠡᠯᠡᠬᠦ᠂ ᠪᠣᠷᠳᠤᠭ᠎ᠠ᠂ ᠬᠢᠵᠢᠭ ᠠᠴᠠ ᠬᠤᠷᠢᠶᠠᠬᠤ᠂ ᠬᠡᠯᠬᠢᠶ᠎ᠡ ᠦᠢᠯᠡᠴᠢᠯᠡᠭᠡᠨ ᠤ ᠪᠦᠬᠦ ᠶᠠᠪᠤᠴᠠ ᠶᠢᠨ ᠠᠰᠢᠭ | ᠲᠤᠰᠠ ᠶᠢ ᠬᠤᠯᠪᠣᠬᠤ ᠲᠣᠭᠲᠠᠴᠠ᠂ ᠶᠠᠳᠠᠭᠤ ᠬᠦᠴᠢᠷᠳᠡᠯᠲᠡᠶ ᠡᠷᠦᠬᠡ ᠪᠣᠯᠤᠨ ᠲᠣᠰᠬᠤᠨ ᠤ ᠬᠠᠮᠲᠤ ᠶᠢᠨ ᠠᠰᠢᠭ | ᠲᠤᠰᠠ ᠶᠢ ᠬᠠᠮᠲᠤ ᠪᠠᠷ ᠡᠳ᠋ᠯᠡᠭᠦᠯᠦᠨ᠎ᠡ᠃ | | ᠳ᠋ᠠ ᠵᠢᠩ ᠲᠣᠰᠬᠤᠨ ︽ᠥᠨᠳᠡᠭᠡᠨ ᠳᠠᠬᠢᠶ᠎ᠠ + ᠦᠬᠡᠷ ᠬᠤᠨᠢ︾ ᠬᠤᠶᠠᠷ ᠲᠠᠯ᠎ᠠ ᠪᠠᠷ ᠠᠳᠬᠤᠬᠤ ᠶᠢ | ᠪᠠᠷᠢᠮᠲᠠᠯᠠᠪᠠ᠂ ᠨᠠᠰᠤ ᠠᠬᠢᠵᠤ ᠪᠡᠶ᠎ᠡ ᠮᠠᠭᠤᠳᠠᠭᠰᠠᠨ ᠣᠯᠠᠨ ᠲᠦᠮᠡᠨ ᠳᠤ᠂ ᠨᠣᠭᠤᠭᠠᠨ ᠬᠠᠯᠢᠰᠤᠲᠤ ᠥᠨᠳᠡᠭᠡᠨ | ᠲᠠᠬᠢᠶᠠᠨ ᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠂ ᠥᠨᠥ ᠵᠢᠯ ᠬᠠᠪᠰᠤᠷᠤᠨ ᠲᠡᠳᠬᠦᠬᠦ ᠪᠡᠯᠡ | ᠮᠥᠩᠭᠦ 20 ᠲᠦᠮᠡᠨ ᠲᠥᠭᠦᠷᠢᠭ ᠣᠯᠵᠤ 5 ᠮᠢᠩᠭᠠᠨ ᠳᠠᠬᠢᠶᠠᠨ ᠴᠢᠬᠢ ᠬᠤᠳᠠᠯᠳᠤᠨ ᠠᠪᠤᠨ᠎ᠠ᠂ ᠢᠵᠢ | ᠪᠦᠷᠢᠳᠦᠭᠦᠯᠦᠨ ᠬᠠᠩᠭᠠᠬᠤ ᠪᠣᠷᠳᠤᠭ᠎ᠠ 38 ᠲᠣᠨ᠂ ᠬᠦᠷᠢᠶᠡᠨ ᠤ ᠠᠵᠤ ᠠᠬᠤᠢ ᠶᠢᠨ ᠬᠡᠪᠴᠢᠶ᠎ᠡ ᠶᠢ ᠥᠷᠭᠡᠳᠬᠡᠪᠡ᠂ | ᠲᠡᠭᠡᠬᠦ ᠮᠥᠷᠲᠡᠭᠡᠨ ᠲᠣᠰᠬᠤᠨ ᠤ ᠬᠠᠮᠲᠤ ᠶᠢᠨ ᠺᠣᠮᠫᠠᠨᠢ ᠳᠤ ᠲᠦᠰᠢᠭᠯᠡᠨ ᠡᠷᠦᠬᠡ ᠳᠠᠷᠠᠭᠠᠯᠠᠨ ᠥᠨᠳᠡᠭᠡ ᠪᠠ ᠰᠤᠯᠠ | ᠲᠡᠵᠢᠭᠡᠭᠰᠡᠨ ᠳᠠᠬᠢᠶ᠎ᠠ ᠬᠤᠳᠠᠯᠳᠤᠨ ᠠᠪᠤᠨ᠎ᠠ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠂ | ᠣᠳᠣᠬᠠᠨ ᠳᠤ᠂ ᠨᠣᠭᠤᠭᠠᠨ ᠬᠠᠯᠢᠰᠤᠲᠤ ᠥᠨᠳᠡᠭᠡ ᠶᠢᠨ ᠦᠨ᠎ᠡ ᠨᠢ ᠡᠩ ᠤᠨ ᠥᠨᠳᠡᠭᠡ ᠶᠢᠨ ᠦᠨ᠎ᠡ ᠠᠴᠠ ᠬᠤᠶᠠᠷ | ᠳᠠᠬᠢᠨ ᠬᠡᠲᠦᠷᠡᠵᠡᠶ᠂ ᠮᠥᠷᠲᠡᠭᠡᠨ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠦᠵᠡᠭᠳᠡᠯ ᠪᠠᠶᠢᠨ ᠳᠠᠬᠢᠨ | ᠭᠠᠷᠴᠤ ᠪᠠᠶᠢᠨ᠎ᠠ᠂ ᠪᠦᠬᠦ ᠲᠣᠰᠬᠤᠨ ᠤ ᠲᠠᠬᠢᠶᠠᠨ ᠠᠵᠤ ᠤᠶᠢᠯᠡᠰ ᠤᠨ ᠵᠢᠯ ᠤᠨ ᠤᠶᠢᠯᠡᠳᠬᠦᠨ ᠤ ᠥᠷᠲᠡᠭ ᠨᠢ 50 | ᠭᠠᠷᠤᠶ ᠲᠦᠮᠡᠨ ᠲᠥᠭᠦᠷᠢᠭ ᠲᠤ ᠬᠦᠷᠦᠨ᠎ᠡ᠂ ᠶᠠᠳᠠᠭᠤ ᠬᠦᠴᠢᠷᠳᠡᠯᠲᠡᠶ ᠡᠷᠦᠬᠡ ᠶᠢᠨ ᠵᠢᠯ ᠤᠨ ᠳᠤᠮᠳᠠᠴᠢ ᠣᠷᠣᠯᠭ᠎ᠠ 4 | ᠮᠢᠩᠭᠠᠨ ᠲᠥᠭᠦᠷᠢᠭ ᠰᠢᠬᠠᠮ ᠨᠡᠮᠡᠭᠳᠡᠪᠡ᠂ ᠳ᠋ᠠ ᠵᠢᠩ ᠲᠣᠰᠬᠤᠨ ᠨᠢ ᠨᠡᠷ᠎ᠡ ᠨᠢᠳᠡᠷ ᠲᠡᠭᠡᠨ ᠳᠣᠭᠢᠷᠬᠠᠰᠠᠨ ᠪᠣᠬᠢᠷᠲᠤᠯ | ᠦᠭᠡᠶ ᠥᠨᠳᠡᠭᠡᠨ ᠲᠠᠬᠢᠶ᠎ᠠ ᠲᠡᠵᠢᠭᠡᠬᠦ ᠵᠢᠱᠢᠶ᠎ᠡ ᠦᠵᠡᠭᠦᠯᠬᠦ ᠲᠣᠰᠬᠤᠨ ᠪᠣᠯᠵᠠᠶ᠃ | ᠳ᠋ᠠ ᠵᠢᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠬᠢᠴᠠ ᠳᠤᠮᠳᠠ᠂ | ᠲᠣᠰᠬᠤᠨ ᠳᠤ ᠰᠠᠭᠤᠭ᠎ᠠ ᠺᠠᠳ᠋ᠷ ᠪᠣᠯ ᠢᠮᠠᠭᠲᠠ ᠬᠠᠮᠤᠭ ᠤᠨ ᠬᠥᠭᠵᠢᠶᠡᠨᠲᠡᠢ ᠪᠠᠶᠢᠭ᠎ᠠ ᠲᠡᠳᠡᠭᠡᠷ ᠪᠠᠷ᠎ᠠ ᠰᠡᠭᠦᠳᠡᠷ | ᠪᠣᠯᠤᠨ᠎ᠠ᠂ ᠲᠡᠳᠡ ᠥᠪᠡᠷ ᠢ ᠪᠠᠨ ᠤᠮᠠᠷᠲᠠᠨ ᠠᠵᠢᠯᠯᠠᠵᠤ᠂ ᠲᠣᠰᠬᠤᠨ ᠤ ᠺᠠᠳ᠋ᠷ ᠢ ᠬᠠᠪᠰᠤᠷᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠴᠢᠨᠠᠷᠲᠠᠢ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ | ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠬᠦ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ | ᠳᠠᠭᠠᠭᠤᠯᠤᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ | ᠵᠢᠯᠣᠭᠤᠳᠴᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠬᠦᠷᠢᠶᠡᠨ ᠳᠤ ᠣᠷᠣᠰᠢᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠪᠡ᠃ ᠲᠡᠳᠡ ᠲᠣᠭᠲᠠᠭᠰᠠᠨ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠦᠨᠳᠦᠰᠦᠨ | ᠪᠠᠶᠢᠳᠠᠯ ᠢ ᠪᠠᠶᠢᠴᠠᠭᠠᠨ ᠦᠵᠡᠵᠦ᠂ ᠰᠠᠭᠤᠨ ᠶᠠᠳᠠᠭᠤ ᠬᠦᠴᠢᠷᠳᠡᠯᠲᠡᠶ ᠡᠷᠦᠬᠡ ᠲᠠᠢ ︽ᠬᠤᠪᠢᠷᠠᠯᠲᠠ ᠶᠢᠨ ᠲᠠᠩᠰᠠ︾ | ᠪᠤᠳᠤᠵᠤ᠂ ︽ᠢᠯᠡ ᠺᠠᠷᠲ︾ ᠢᠶᠠᠨ ᠬᠠᠷᠭᠤᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠦᠨᠡᠨ ᠪᠣᠳᠠᠲᠠᠶ | ᠬᠦᠰᠡᠯ ᠱᠠᠭᠠᠷᠳᠠᠯᠭ᠎ᠠ ᠶᠢ ᠰᠣᠨᠣᠰᠴᠤ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠠᠪᠰᠤᠷᠤᠨ | ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠠᠯᠠᠭᠤᠨ ᠰᠡᠳᠬᠢᠯᠭᠡ ᠶᠢ ᠨᠢ ᠬᠥᠭᠵᠢᠭᠡᠪᠡ᠃ | ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ᠂ ᠲᠠᠳᠠ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ | ᠶᠠᠳᠠᠭᠤ ᠠᠴᠠ ᠠᠩᠭᠢᠵᠢᠷᠠᠭᠰᠠᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠨᠢᠭᠡᠳ ᠨᠢᠭᠡ ᠪᠠᠷ ᠪᠡᠶᠡᠯᠡᠭᠦᠯᠵᠦ᠂ ᠪᠠᠭ᠎ᠠ | ᠪᠠᠶᠢᠭᠰᠠᠨ ᠠᠴᠠ ᠪᠠᠨ ᠶᠡᠭᠡ ᠪᠣᠯᠤᠭᠰᠠᠨ ᠬᠠᠯᠠᠭᠤᠨ ᠳᠤᠯᠠᠭᠠᠨ ᠲᠤᠭ᠎ᠠ ᠨᠤᠭᠤᠳ ᠢ ᠴᠤ ᠭᠡᠷᠡᠴᠢᠯᠡᠪᠡ᠃ ᠪᠥᠬᠦ | ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠳᠤᠮᠳᠠᠴᠢ ᠶᠢᠨ ᠣᠷᠣᠯᠭ᠎ᠠ 2016 ᠣᠨ ᠳᠤ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠡᠬᠢᠯᠡᠭᠦᠯᠬᠦ ᠦᠶ᠎ᠡ ᠳᠤ 3000 ᠭᠠᠷᠤᠶ ᠲᠥᠭᠦᠷᠢᠭ | ᠪᠠᠶᠢᠭᠰᠠᠨ ᠠᠴᠠ ᠪᠠᠨ 8000 ᠭᠠᠷᠤᠶ ᠲᠥᠭᠦᠷᠢᠭ ᠪᠣᠯᠵᠣ ᠨᠡᠮᠡᠭᠳᠡᠪᠡ︔ ᠲᠥᠪᠯᠡᠷᠡᠭᠦᠯᠦᠨ ᠲᠥᠪᠬᠢᠨᠡᠭᠦᠯᠬᠦ ᠴᠡᠭ | 6 ᠶᠢ ᠰᠢᠨ᠎ᠡ ᠪᠠᠷ ᠪᠠᠶᠢᠭᠤᠯᠵᠤ᠂ 206 ᠶᠠᠳᠠᠭᠤ ᠬᠦᠴᠢᠷᠳᠡᠯᠲᠡᠢ ᠬᠥᠮᠦᠨ ᠠᠮᠠ ᠶᠢ ᠨᠡᠭᠦᠯᠭᠡᠨ ᠰᠢᠯᠵᠢᠭᠦᠯᠵᠦ᠂ ᠡᠷᠦᠬᠡ | ᠪᠣᠯᠭᠠᠨ ᠡᠮᠬᠢ ᠵᠠᠮᠪᠠᠷᠠᠭ᠎ᠠ ᠦᠭᠡᠢ ᠰᠢᠷᠣᠢ ᠶᠢᠨ ᠪᠠᠶᠢᠰᠢᠩ ᠠᠴᠠ ᠵᠢᠭᠳᠡ ᠰᠢᠨ᠎ᠡ ᠲᠣᠭᠤᠰᠬᠠᠨ ᠪᠠᠶᠢᠰᠢᠩ ᠬᠦᠷᠲᠡᠯ᠎ᠡ᠂ | ᠲᠣᠰᠬᠤᠨ ᠳᠤ ᠱᠦᠢᠨᠢ ᠵᠠᠮ ᠳᠡᠪᠢᠰᠴᠦ᠂ ᠠᠶᠢᠯ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠪᠠ︔ ᠠᠵᠤ | ᠤᠶᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠥᠬᠦ ᠲᠣᠰᠬᠤᠨ 800 ᠭᠠᠷᠤᠶ ᠲᠠᠬᠢᠶ᠎ᠠ ᠲᠠᠢ ᠪᠠᠶᠢᠭᠰᠠᠨ ᠠᠴᠠ ᠪᠠᠨ | ᠣᠲᠣ 1 ᠲᠦᠮᠡ ᠭᠠᠷᠤᠶ ᠪᠣᠯᠵᠣ᠂ 89 ᠦᠬᠡᠷ ᠲᠠᠢ ᠪᠠᠶᠢᠭᠰᠠᠨ ᠠᠴᠠ ᠪᠠᠨ ᠣᠲᠣ 490 ᠭᠠᠷᠤᠶ ᠦᠬᠡᠷ ᠲᠠᠢ | ᠪᠣᠯᠵᠣ᠂ 4 ᠮᠢᠩᠭ᠎ᠠ ᠭᠠᠷᠤᠶ ᠬᠤᠨᠢ ᠲᠠᠢ ᠪᠠᠶᠢᠭᠰᠠᠨ ᠠᠴᠠ ᠪᠠᠨ ᠣᠲᠣ ᠪᠣᠯᠲᠠᠯ᠎ᠠ 1 . 4 ᠲᠦᠮᠡ ᠭᠠᠷᠤᠶ | ᠲᠠᠬᠢᠶ᠎ᠠ ᠲᠠᠢ ᠪᠣᠯᠵᠣ᠂ ᠶᠠᠨ ᠶᠦᠩ ᠭᠠᠩ᠂ ᠰᠦᠨ ᠶᠠᠨ ᠵᠢᠶᠠᠩ ᠵᠡᠷᠭᠡ ᠨᠢᠭᠡ ᠪᠦᠯᠦᠭ ᠪᠠᠶᠠᠵᠢᠯ ᠤᠨ ᠳᠠᠭᠠᠭᠤᠯᠤᠭᠴᠢ | ᠴᠣᠯᠭᠤᠷᠠᠨ ᠭᠠᠷᠴᠠᠶ᠃ | ᠵᠣᠬᠢᠶᠠᠭᠴᠢ᠄ ᠨᠠᠨᠳᠢᠨ | ᠣᠷᠴᠢᠭᠤᠯᠣᠭᠴᠢ᠄ ᠡᠷᠳᠡᠨᠢᠴᠢᠮᠡᠭ |