ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ | ᠡᠷᠭᠢᠯᠡᠨ ᠬᠤᠷᠠᠯᠳᠤᠭᠤᠯᠵᠤ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ | ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ | ᠵᠡᠷᠭᠡ ᠠᠵᠢᠯ ᠢ ᠪᠠᠶᠢᠷᠢᠯᠠᠭᠤᠯᠪᠠ | | ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ | ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠪᠠ | ᠬᠠᠤᠯᠢ ᠪᠠᠷ ᠲᠣᠭᠲᠠᠭᠠᠭᠰᠠᠨ ᠭᠠᠶᠢᠯᠢ ᠰᠦᠶ᠋ᠳᠬᠡᠯ ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ | ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ 1 ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ | ᠡᠷᠭᠢᠯᠡᠨ ᠬᠤᠷᠠᠯᠳᠤᠭᠤᠯᠵᠤ᠂ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ | ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ | ᠪᠠᠶᠢᠷᠢᠯᠠᠭᠤᠯᠵᠤ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠢ ᠡᠮᠬᠢ | ᠵᠢᠷᠤᠮ ᠲᠠᠢ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ | ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠥᠷᠭᠡᠨ ᠤᠯᠠᠨ ᠵᠠᠬ᠎ᠠ | ᠳᠡᠯᠭᠡᠭᠦᠷ ᠤᠨ ᠭᠤᠣᠯ ᠴᠣᠭᠴᠠ ᠪᠣᠯ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ | ᠬᠦᠴᠦᠨ ᠴᠢᠳᠠᠯ ᠤᠨ ᠡᠬᠢ ᠰᠤᠷᠪᠤᠯᠵᠢ ᠪᠠᠶᠢᠵᠤ᠂ ᠲᠦᠮᠡᠨ ᠤᠯᠠᠨ ᠤ ᠠᠰᠢᠭ ᠲᠤᠰᠠ ᠳᠤ ᠰᠢᠭᠤᠳ ᠬᠤᠯᠪᠣᠭᠳᠠᠵᠤ | ᠪᠠᠶᠢᠳᠠᠭ᠃ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ | ᠪᠠ ᠦᠢᠯᠡᠴᠢᠯᠡᠬᠦ ᠶᠢᠨ ᠲᠣᠭᠤᠷᠢᠨ ᠳᠤ᠂ ᠤᠯᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠲᠡᠳᠡᠨ ᠢ ᠬᠠᠪᠰᠤᠷᠤᠨ | ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠵᠤᠬᠢᠰ ᠦᠭᠡᠢ ᠳᠠᠷᠤᠭᠠᠰᠤ ᠶᠢ ᠨᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠣᠶᠢᠷ᠎ᠠ ᠶᠢᠨ | ᠵᠢᠯ ᠤᠳ ᠲᠤ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠶᠡᠭᠡ ᠪᠠᠷ ᠴᠡᠭᠴᠡᠯᠡᠨ ᠵᠢᠷᠤᠮᠵᠢᠭᠤᠯᠵᠤ᠂ ᠲᠥᠪ ᠠᠴᠠ | ᠲᠣᠬᠢᠷᠠᠭᠤᠯᠤᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠲᠤᠰ ᠲᠤᠰ 70% ᠪᠠ 30% ᠠᠴᠠ ᠳᠡᠭᠡᠭᠰᠢ ᠬᠡᠮᠵᠢᠶ᠎ᠡ ᠪᠠᠷ | ᠬᠠᠰᠤᠵᠤ᠂ ᠡᠯ᠎ᠡ ᠭᠠᠵᠠᠷ ᠤᠨ ᠬᠢᠨ ᠴᠦ ᠨᠢᠭᠡ ᠪᠦᠯᠦᠭ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠶ | ᠪᠣᠯᠭᠠᠪᠠ᠃ ᠢᠯᠠᠩᠭᠤᠶ᠎ᠠ ᠨᠢᠳᠤᠨᠤᠨ ᠤ ᠨᠡᠶᠢᠲᠡᠯᠡᠭᠰᠡᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ | ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠱᠠᠲᠤᠴᠢ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠵᠡᠷᠭᠡ ᠲᠥᠷᠥ ᠶᠢᠨ | ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠵᠤ ᠠᠬᠤᠶ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠦᠢᠯᠡᠳᠣᠯ ᠦᠵᠡᠭᠦᠯᠪᠡ ᠭᠡᠵᠡᠢ᠃ ᠬᠤᠷᠠᠯ ᠠᠴᠠ ᠵᠢᠭᠠᠬᠤ ᠳᠤ ᠪᠠᠨ᠂ | ᠣᠳᠣᠬᠠᠨ ᠳᠤ ᠬᠢᠵᠢᠭ ᠤᠨ ᠪᠠᠶᠢᠳᠠᠯ ᠪᠣᠯᠤᠨ ᠠᠵᠤ ᠠᠬᠤᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠠᠶᠢᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠮᠥᠨ ᠬᠦ ᠴᠥᠭᠡᠨ ᠪᠤᠰᠤ ᠬᠦᠴᠢᠷᠳᠡᠯ ᠲᠤᠯᠭᠠᠷᠠᠵᠤ᠂ ᠦᠩᠭᠡᠨ ᠲᠠᠯ᠎ᠠ ᠪᠠ | ᠦᠨᠳᠦᠰᠦ ᠠᠴᠠ ᠨᠢ ᠵᠡᠷᠭᠡ ᠳᠤ ᠨᠢ ᠵᠠᠰᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠦᠷᠭᠦᠯᠵᠢᠯᠡᠨ ᠵᠠᠰᠠᠵᠤ᠂ | ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠵᠤ᠂ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠨᠢᠭᠡ ᠳᠤ᠂ ᠪᠦᠬᠦ ᠤᠯᠤᠰ ᠲᠤ ᠠᠵᠤ ᠠᠬᠤᠶᠢᠯᠠᠯ ᠳᠤ ᠬᠤᠯᠪᠣᠭᠳᠠᠬᠤ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠭᠰᠠᠨ ᠪᠠᠶᠢᠳᠠᠯ ᠳᠤ ᠲᠤᠰᠬᠠᠶ ᠵᠦᠢᠯ ᠤᠨ ᠪᠠᠶᠢᠴᠠᠭᠠᠯᠲᠠ ᠬᠢᠬᠦ ᠶᠢ ᠥᠷᠨᠢᠭᠦᠯᠵᠦ᠂ | ᠰᠦᠢᠳᠬᠡᠯ ᠬᠤᠷᠢᠶᠠᠬᠤ ᠲᠥᠷᠥᠯ ᠵᠦᠢᠯ ᠢ ᠳᠤᠷ᠎ᠠ ᠪᠠᠷ ᠲᠣᠬᠢᠷᠠᠭᠤᠯᠬᠤ᠂ ᠲᠠᠲᠠᠪᠤᠷᠢᠯᠠᠬᠤ ᠪᠠᠷᠢᠮᠵᠢᠶ᠎ᠠ ᠪᠠᠨ | ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ ᠪᠠᠨ ᠥᠷᠭᠡᠳᠬᠡᠬᠦ᠂ ᠳᠤᠷ᠎ᠠ ᠪᠠᠷ ᠲᠡᠰᠬᠡᠬᠦ ᠵᠡᠷᠭᠡ ᠠᠰᠠᠭᠤᠳᠠᠯ ᠢ ᠴᠢᠩᠭ᠎ᠠ | ᠪᠠᠶᠢᠴᠠᠭᠠᠨ ᠰᠢᠢᠳᠪᠦᠷᠢᠯᠡᠵᠤ᠂ ᠠᠵᠤ ᠠᠬᠤᠶᠢᠯᠠᠯ ᠤᠨ ᠲᠤᠰᠬᠠᠯ ᠴᠢᠩᠭ᠎ᠠ᠂ ᠨᠡᠶᠢᠭᠡᠮ ᠳᠤ ᠮᠠᠭᠤ ᠨᠥᠯᠥᠭᠡ ᠪᠦᠬᠦᠢ | ᠳᠤᠷ᠎ᠠ ᠪᠠᠷ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠢᠯᠡᠴᠢᠯᠡᠬᠦ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ | ᠪᠠ ᠬᠤᠳᠠᠯᠳᠤᠭᠠᠴᠢᠨ ᠤ ᠡᠪᠯᠡᠯ ᠤᠨ ᠰᠦᠢᠳᠭᠡᠯ ᠬᠤᠷᠢᠶᠠᠬᠤ ᠠᠵᠢᠯᠯᠠᠭ᠎ᠠ ᠳᠤ ᠥᠪᠡᠰᠦᠪᠡᠨ ᠪᠠᠶᠢᠴᠠᠭᠠᠵᠤ | ᠰᠤᠭᠤᠴᠢᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠵᠠᠮ ᠬᠠᠷᠢᠯᠴᠠᠭ᠎ᠠ᠂ | ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠵᠤ᠂ ᠲᠠᠰᠤᠯᠤᠯᠲᠠ ᠬᠢᠬᠦ ᠰᠠᠭᠤᠷᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ | ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠬᠥᠩᠭᠡᠪᠲᠦᠷ ᠬᠡᠷᠡᠭ᠂ ᠵᠠᠮ ᠬᠠᠷᠢᠯᠴᠠᠭᠠᠨ ᠤ ᠬᠠᠤᠯᠢ ᠠᠴᠠ ᠠᠩᠬ᠎ᠠ | ᠤᠳᠠᠭ᠎ᠠ ᠵᠥᠷᠢᠴᠡᠭᠰᠡᠨ᠂ ᠰᠠᠨᠠᠮᠰᠠᠷ ᠦᠭᠡᠢ ᠵᠥᠷᠢᠴᠡᠭᠰᠡᠨ ᠵᠡᠷᠭᠡ ᠬᠡᠷᠡᠭ ᠲᠤ ᠴᠢᠳᠠᠬᠤ ᠳᠤ ᠪᠠᠨ ᠰᠡᠷᠡᠮᠵᠢᠯᠡᠭᠦᠯᠬᠦ | ᠠᠷᠭ᠎ᠠ ᠬᠡᠮᠵᠢᠶ᠎ᠡ ᠠᠪᠴᠤ᠂ ᠵᠣᠭᠤᠰ ᠢᠶᠠᠷ ᠲᠣᠷᠭᠠᠬᠤ ᠶᠢ ᠪᠣᠯᠭᠤᠮᠵᠢᠲᠠᠶ ᠬᠡᠷᠡᠭᠯᠡᠬᠦ ᠪᠤᠶᠤ ᠬᠡᠷᠡᠭᠯᠡᠬᠦ ᠥᠬᠡᠶ ᠪᠠᠶᠢᠵᠤ᠂ | ᠭᠠᠶᠢᠯᠢ ᠶᠢᠨ ᠶᠠᠪᠤᠳᠠᠯᠤᠨ ᠬᠠᠤᠯᠢ ᠬᠡᠷᠡᠭᠵᠢᠭᠦᠯᠬᠦ ᠬᠦᠷᠢᠶᠡᠨ ᠳᠤ ︽ᠠᠩᠬ᠎ᠠ ᠤᠳᠠᠭ᠎ᠠ ᠵᠥᠷᠢᠴᠡᠭᠰᠡᠨ ᠪᠣᠯ ᠲᠣᠷᠭᠠᠬᠤ | ᠥᠬᠡᠶ︾ ᠨᠠᠷᠢᠨ ᠬᠠᠭᠤᠳᠠᠰᠤ ᠶᠢᠨ ᠲᠦᠷᠢᠮ ᠢ ᠰᠤᠳᠤᠯᠤᠨ ᠳᠡᠯᠭᠡᠷᠡᠭᠦᠯᠬᠦ ᠬᠡᠷᠡᠭᠲᠡᠢ᠃ ᠲᠣᠷᠭᠠᠵᠤ ᠬᠤᠷᠢᠶᠠᠬᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠣᠷᠭᠠᠵᠤ ᠬᠤᠷᠢᠶᠠᠭᠰᠠᠨ ᠪᠦᠬᠦ | ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ᠂ ︽ᠣᠷᠣᠯᠭ᠎ᠠ ᠵᠠᠷᠤᠯᠭ᠎ᠠ ᠶᠢ ᠠᠰ ᠲᠤ ᠨᠢ ᠪᠠᠶᠢᠯᠭᠠᠬᠤ︾ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠬᠦᠷᠢᠶᠡᠨ ᠤ ᠰᠦᠶ᠋ᠳᠬᠡᠯ | ᠬᠤᠷᠢᠶᠠᠬᠤ ᠶᠢ ᠦᠷᠭᠦᠯᠵᠢᠯᠡᠨ ᠴᠡᠭᠴᠡᠯᠡᠨ ᠵᠢᠷᠤᠮᠵᠢᠭᠤᠯᠤᠨ᠎ᠠ᠃ ᠠᠵᠤ ᠠᠬᠤᠶᠢᠯᠠᠯᠡᠴᠠ ᠰᠦᠢᠳᠬᠡᠯ ᠬᠤᠷᠢᠶᠠᠬᠤ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢ ᠰᠢᠨ᠎ᠡ ᠪᠠᠷ ᠲᠣᠬᠢᠷᠠᠭᠤᠯᠬᠤ ᠳᠤ ᠡᠷᠬᠡᠪᠰᠢ ᠬᠠᠤᠯᠢ ᠪᠠᠷ | ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠵᠤ᠂ ᠬᠤᠭᠤᠴᠠᠭ᠎ᠠ ᠨᠢ ᠲᠤᠯᠤᠭᠰᠠᠨ ᠰᠠᠭᠤᠷᠢ ᠮᠥᠩᠭᠦ ᠶᠢ ᠬᠦᠴᠦᠨ | ᠦᠭᠡᠢ ᠪᠣᠯᠭᠠᠬᠤ ᠴᠢᠬᠤᠯᠠᠲᠠᠢ ᠶᠢ ᠨᠢ ᠴᠥᠮ ᠬᠦᠴᠦᠨ ᠦᠭᠡᠢ ᠪᠣᠯᠭᠠᠵᠤ᠂ ᠲᠦᠷ ᠴᠠᠭ ᠬᠦᠴᠦᠨ ᠦᠭᠡᠢ | ᠪᠣᠯᠭᠠᠬᠤ ᠳᠤ ᠪᠡᠷᠬᠡᠲᠡᠢ ᠶᠢ ᠨᠢ ᠲᠠᠲᠠᠪᠤᠷᠢᠯᠠᠬᠤ ᠪᠠᠷᠢᠮᠵᠢᠶ᠎ᠠ ᠶᠢ ᠨᠢ ᠪᠠᠭᠤᠷᠠᠭᠤᠯᠬᠤ ᠬᠡᠷᠡᠭᠲᠡᠢ᠃ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠰᠦᠢᠳᠬᠡᠯ ᠬᠤᠷᠢᠶᠠᠬᠤ ᠪᠠᠷᠢᠮᠵᠢᠶ᠎ᠠ ᠨᠢ ᠢᠯᠡᠷᠬᠡᠶ ᠥᠨᠳᠥᠷ ᠪᠠᠶᠢᠭ᠎ᠠ ᠳᠤ ᠨᠢ ᠪᠠᠷᠢᠮᠵᠢᠶ᠎ᠠ ᠶᠢ ᠪᠠᠭᠤᠷᠠᠭᠤᠯᠬᠤ ᠠᠷᠭ᠎ᠠ | ᠬᠡᠮᠵᠢᠶ᠎ᠡ ᠠᠪᠴᠤ᠂ ᠡᠩ ᠤᠨ ᠴᠢᠨᠠᠷᠲᠠᠶ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠠᠷᠠᠭᠤᠯᠤᠭᠰᠠᠨ ᠰᠦᠢᠳᠬᠡᠯ | ᠬᠤᠷᠢᠶᠠᠬᠤ ᠲᠥᠷᠥᠯ ᠵᠦᠢᠯ ᠢ ᠬᠦᠴᠦᠨ ᠦᠭᠡᠶ ᠪᠣᠯᠭᠠᠬᠤ ᠬᠡᠷᠡᠭᠲᠡᠶ᠃ ᠳᠥᠷᠪᠡ ᠳᠤ᠂ ᠳᠠᠯᠠᠢ ᠶᠢᠨ ᠲᠡᠭᠡᠭᠡᠪᠦᠷᠢ ᠪᠠ | ᠪᠣᠭᠤᠮᠲᠠ ᠶᠢᠨ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠭᠤᠮᠲᠠ ᠳᠤ ᠮᠡᠳᠡᠭᠦᠯᠬᠦ᠂ | ᠪᠠᠷᠠᠭ᠎ᠠ ᠶᠢᠨ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠪᠠᠷᠠᠭ᠎ᠠ ᠠᠴᠢᠶᠠᠯᠠᠵᠤ ᠪᠠᠭᠤᠯᠭᠠᠬᠤ ᠵᠡᠷᠭᠡ ᠭᠤᠭᠴᠤᠭ᠎ᠠ ᠶᠢᠨ | ᠠᠯᠪᠠᠳᠠᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠨ᠎ᠡ ᠬᠠᠩᠰᠢ ᠶᠢ ᠢᠯᠡ ᠬᠠᠳᠠᠭᠰᠠᠨ ᠨᠢ | ᠵᠢᠷᠤᠮᠵᠢᠯ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠵᠡᠷᠭᠡ ᠲᠠᠯ᠎ᠠ ᠶᠢᠨ ᠬᠠᠤᠯᠢ ᠲᠣᠭᠲᠠᠭᠠᠯ ᠳᠤ ᠵᠠᠰᠠᠪᠤᠷᠢ | ᠣᠷᠣᠭᠤᠯᠬᠤᠶᠢ ᠲᠦᠷᠭᠡᠳᠬᠡᠵᠦ᠂ ᠵᠦᠢ ᠵᠣᠬᠢᠰ ᠦᠭᠡᠶ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ | ᠵᠦᠢᠯᠡᠰ ᠲᠤ ᠴᠠᠭ ᠲᠤᠬᠠᠶ ᠳᠤ ᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭᠠᠵᠤ᠂ ᠠᠵᠤ ᠠᠬᠤᠶᠢᠯᠠᠯ ᠳᠤ | ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠳᠦᠷᠢᠮ ᠤᠨ ᠲᠠᠯ᠎ᠠ ᠠᠴᠠ ᠰᠡᠷᠭᠡᠶᠢᠯᠡᠨ ᠬᠤᠷᠢᠭᠯᠠᠬᠤ | ᠬᠡᠷᠡᠭᠲᠡᠶ ᠭᠡᠵᠡᠢ᠃ ᠬᠤᠷᠠᠯ ᠠᠴᠠ ᠱᠠᠭᠠᠷᠳᠠᠬᠤᠳᠤ ᠪᠠᠨ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠭᠡᠯ ᠢ | ᠬᠡᠪ ᠢᠶᠠᠷ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠲᠡᠦᠬᠡᠨ ᠠᠴᠠ ᠥᠷᠢᠲᠦᠵᠦ ᠪᠠᠶᠢᠭᠰᠠᠨ | ᠰᠦᠢᠳᠭᠡᠯ ᠢ ᠥᠪᠡᠰᠦᠪᠡᠨ ᠲᠥᠪᠯᠡᠷᠡᠭᠦᠯᠵᠦ ᠪᠠᠶᠢᠭᠠᠳ ᠢᠯᠭᠠᠨ ᠲᠤᠰᠢᠶᠠᠵᠤ ᠪᠣᠯᠬᠤ ᠥᠬᠡᠶ᠂ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠬᠤ ᠡᠭᠦᠷᠭᠡ ᠲᠤᠰᠢᠶᠠᠯ ᠢ ᠬᠤᠪᠢᠶᠠᠷᠢᠯᠠᠨ ᠰᠢᠯᠵᠢᠭᠦᠯᠦᠭᠰᠡᠨ ᠠᠴᠠ ᠪᠣᠯᠵᠤ | ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠰᠦᠢᠳᠭᠡᠯ ᠲᠤᠰᠢᠶᠠᠬᠤ | ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠡᠨᠡ ᠵᠢᠯ ᠪᠤᠢ ᠪᠦᠬᠦᠢ ᠮᠤᠵᠢ ᠣᠷᠣᠨ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ | ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ | ᠳᠠᠭᠠᠳᠬᠠᠯ ᠤᠨ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ︽ᠥᠯᠥ | ᠬᠦᠷᠦᠯᠴᠡᠬᠦ ᠬᠡᠯᠪᠡᠷᠢ︾ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ 7 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠳᠤ | ᠦᠨᠳᠦᠰᠦᠨ ᠳᠤ ᠪᠠᠨ ᠰᠦᠯᠵᠢᠶᠡᠨ ᠳᠡᠭᠡᠷ᠎ᠡ ᠭᠦᠢᠴᠡᠳᠬᠡᠵᠦ ᠴᠢᠳᠠᠬᠤ ᠶᠢ ᠪᠡᠶᠡᠯᠡᠭᠦᠯᠵᠦ᠂ ᠵᠢᠯ ᠤᠨ ᠰᠡᠭᠦᠯᠴᠢ ᠠᠴᠠ | ᠡᠮᠦᠨ᠎ᠡ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠦᠨᠳᠦᠰᠦᠨ ᠳᠤ ᠪᠠᠨ ︽ᠭᠠᠷ ᠤᠲᠠᠰᠤᠨ ᠳᠡᠭᠡᠷ᠎ᠡ | ᠭᠦᠶ᠋ᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠨᠠᠰᠤᠲᠠᠶᠢᠴᠤᠳ᠂ ᠬᠦᠨᠳᠦ | ᠵᠡᠮᠳᠡᠭᠴᠦᠳ ᠵᠡᠷᠭᠡ ᠣᠨᠴᠠᠭᠠᠢ ᠬᠥᠮᠦᠰ ᠤᠨ ᠰᠦᠢᠳᠭᠡᠯ ᠲᠤᠰᠢᠶᠠᠬᠤ ᠳᠤ ᠰᠠᠭᠠᠳ ᠥᠬᠡᠶ ᠪᠥᠭᠡᠳ ᠳᠥᠭᠦᠮ | ᠳᠥᠲᠡ ᠪᠠᠶᠢᠯᠭᠠᠬᠤ ᠶᠢ ᠭᠦᠢᠴᠡᠳ ᠪᠠᠲᠤᠯᠠᠬᠤ ᠬᠡᠷᠡᠭᠲᠡᠢ᠃ ᠨᠡᠶᠢᠭᠡᠮ ᠤᠨ ᠳᠠᠭᠠᠳᠬᠠᠯ ᠤᠨ ᠰᠦᠢᠳᠭᠡᠯ ᠢ | ᠲᠠᠲᠠᠪᠤᠷᠢᠯᠠᠭᠰᠠᠨ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠠᠰᠠᠭᠤᠳᠠᠯ ᠢ ᠰᠡᠷᠡᠵᠦ | ᠮᠡᠳᠡᠪᠡᠯ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠬᠢᠨᠠᠯᠲᠠ ᠪᠠᠶᠢᠴᠠᠭᠠᠯᠲᠠ ᠪᠠᠨ ᠴᠢᠩᠭᠠᠷᠠᠭᠤᠯᠵᠤ᠂ ᠲᠦᠷᠢᠮ | ᠲᠣᠭᠲᠠᠭᠠᠯ ᠢ ᠵᠥᠷᠢᠴᠡᠭᠰᠡᠨ ᠠᠵᠢᠯᠯᠠᠭᠠᠳᠤ ᠰᠠᠬᠢᠯᠭ᠎ᠠ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ ᠭᠡᠵᠡᠢ᠃ | | |