ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠡᠮᠬᠢ | ᠵᠢᠷᠤᠮ ᠲᠠᠢ ᠶᠠᠪᠤᠭᠳᠠᠪᠠ | | 1 ᠰᠠᠷ᠎ᠠ ᠶᠢᠨ 14 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠤ | ᠬᠤᠨᠢᠨ ᠲᠡᠯᠡᠶ ᠨᠡᠶᠢᠭᠡᠮ ᠲᠣᠭᠤᠷᠢᠭ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠶᠡᠭᠡ ᠬᠤᠷᠠᠯ ᠬᠢᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ | ᠠᠵᠢᠯ ᠤᠨ ᠱᠠᠭᠠᠷᠳᠠᠯᠭ᠎ᠠ ᠶᠣᠰᠣᠭᠠᠷ᠂ ᠬᠤᠷᠠᠯ ᠤᠨ ᠤᠷᠤᠭᠰᠢᠲᠠᠶ ᠶᠠᠪᠤᠭᠳᠠᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠶ᠃ ᠶᠡᠭᠡ ᠬᠤᠷᠠᠯ ᠡᠬᠢᠯᠡᠬᠦ ᠠᠴᠠ ᠡᠮᠦᠨ᠎ᠡ᠂ ᠠᠵᠢᠯᠲᠠᠳ ᠬᠦᠷᠦᠯᠴᠡᠨ ᠢᠷᠡᠭᠰᠡᠨ ᠨᠠᠮ ᠤᠨ ᠭᠡᠰᠢᠭᠦᠨ᠂ | ᠰᠤᠯᠠ ᠣᠷᠣᠯᠴᠠᠭᠰᠠᠳ ᠢ ᠪᠦᠷᠢᠳᠬᠡᠵᠦ᠂ ᠪᠡᠶ᠎ᠡ ᠶᠢᠨ ᠬᠠᠯᠠᠭᠤᠨ ᠢ ᠨᠢ ᠬᠡᠮᠵᠢᠵᠦ᠂ ᠠᠮᠠᠪᠴᠢ ᠬᠤᠪᠢᠶᠠᠨ ᠥᠭᠭᠦᠭᠰᠡᠨ | ᠪᠥᠭᠡᠳ ᠠᠵᠢᠯᠲᠠᠳ ᠠᠴᠠ ᠡᠮᠬᠢ ᠵᠢᠷᠤᠮ ᠲᠠᠢ ᠪᠠᠷ ᠲᠠᠯᠠᠪᠠᠶ ᠳᠤ ᠣᠷᠣᠵᠤ ᠢᠷᠡᠪᠡ᠃ | ᠬᠤᠷᠠᠯ ᠳᠡᠭᠡᠷ᠎ᠡ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠵᠢᠴᠢ ᠪᠢᠯᠧᠲ ᠬᠢᠨᠠᠭᠴᠢ᠂ ᠪᠢᠯᠧᠲ | ᠪᠦᠷᠢᠳᠬᠡᠭᠴᠢ᠂ ᠪᠢᠯᠧᠲ ᠤᠩᠰᠢᠭᠴᠢ ᠶᠢᠨ ᠨᠡᠷᠡᠰ ᠢ ᠪᠠᠲᠤᠯᠠᠵᠤ᠂ ᠨᠠᠮ ᠤᠨ ᠡᠭᠦᠷ ᠤᠨ ᠭᠡᠰᠢᠭᠦᠳ ᠤᠨ | ᠵᠢᠱᠢᠭᠳᠡᠭᠰᠡᠳ ᠤᠨ ᠨᠡᠷᠡᠰ ᠢ ᠨᠡᠶᠢᠲᠡᠯᠡᠭᠰᠡᠨ ᠪᠥᠭᠡᠳ ᠲᠣᠪᠴᠢ ᠲᠠᠨᠢᠯᠴᠠᠭᠤᠯᠭ᠎ᠠ ᠬᠢᠪᠡ᠃ ᠨᠢᠭᠤᠴᠠ | ᠰᠣᠩᠭᠤᠭᠤᠯᠢ ᠶᠢᠨ ᠬᠡᠯᠪᠡᠷᠢ ᠪᠠᠷ ᠰᠢᠨ᠎ᠡ ᠨᠢᠭᠡ ᠬᠤᠭᠤᠴᠠᠭᠠᠨ ᠤ ᠡᠭᠦᠷ ᠤᠨ ᠭᠡᠰᠢᠭᠦᠳ ᠤᠨ ᠬᠤᠷᠠᠯ ᠢ ᠰᠣᠩᠭᠤᠨ | ᠭᠠᠷᠭᠠᠭᠰᠠᠨ ᠪᠥᠭᠡᠳ ᠠᠩᠬᠠᠳᠤᠭᠠᠷ ᠤᠳᠠᠭᠠᠨ ᠤ ᠡᠭᠦᠷ ᠤᠨ ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠡᠭᠦᠷ ᠤᠨ | ᠱᠦᠵᠢ᠂ ᠡᠭᠦᠷ ᠤᠨ ᠳᠡᠳ᠋ ᠱᠦᠵᠢ ᠶᠢ ᠰᠣᠩᠭᠤᠨ ᠭᠠᠷᠭᠠᠪᠠ᠃ | | ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ | ᠥᠷᠨᠢᠭᠦᠯᠦᠭᠰᠡᠨ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠦᠳᠲᠡᠷ ᠲᠦᠷᠭᠡᠨ ᠬᠥᠳᠡᠯᠦᠯᠴᠡᠪᠡ᠃ 2020 ᠣᠨ ᠤ 12 ᠰᠠᠷ᠎ᠠ ᠶᠢᠨ 11 ᠤ ᠡᠳᠦᠷ᠂ ᠪᠥᠬᠦ | ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠥᠬᠦ ᠬᠤᠰᠢᠭᠤᠨ ᠤ ᠬᠤᠭᠤᠴᠠᠭ᠎ᠠ ᠰᠣᠯᠢᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠲᠥᠰᠦᠯ ᠢ ᠲᠣᠭᠲᠠᠭᠠᠨ᠂ ᠬᠤᠭᠤᠴᠠᠭ᠎ᠠ | ᠰᠣᠯᠢᠬᠤ ᠠᠵᠢᠯ ᠤᠨ ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠲᠠᠰ ᠤᠨ ᠤᠳᠤᠷᠢᠳᠤᠯᠭ᠎ᠠ ᠶᠢᠨ | ᠬᠤᠭᠤᠴᠠᠭ᠎ᠠ ᠰᠣᠯᠢᠬᠤ ᠠᠵᠢᠯ ᠤᠨ ᠬᠠᠷᠢᠯᠴᠠᠬᠤ ᠴᠡᠭ ᠤᠨ ᠲᠦᠷᠢᠮ ᠢ ᠪᠠᠶᠢᠭᠤᠯᠪᠠ᠃ 12 ᠳ᠋ᠤᠭᠠᠷ ᠰᠠᠷ᠎ᠠ ᠶᠢᠨ | 18 ᠤ ᠡᠳᠦᠷ᠂ ᠪᠥᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢ ᠪᠦᠬᠦᠨ ᠢ ᠳᠠᠶᠢᠴᠢᠯᠠᠨ ᠪᠠᠶᠢᠷᠢᠯᠠᠭᠤᠯᠵᠤ | ᠳᠠᠭᠤᠰᠬᠠᠪᠠ᠃ 12 ᠳ᠋ᠤᠭᠠᠷ ᠰᠠᠷ᠎ᠠ ᠶᠢᠨ 24 ᠤ ᠡᠳᠦᠷ᠂ ᠪᠥᠬᠦ ᠬᠤᠰᠢᠭᠤᠨ ᠤ 87 ᠭᠠᠴᠠᠭ᠎ᠠ ᠲᠣᠰᠬᠤᠨ᠂ 14 | ᠨᠡᠶᠢᠭᠡᠮ ᠲᠣᠭᠤᠷᠢᠭ ᠳᠠᠶᠢᠴᠢᠯᠠᠨ ᠪᠠᠶᠢᠷᠢᠯᠠᠭᠤᠯᠬᠤ ᠬᠤᠷᠠᠯ ᠢ ᠪᠡᠶᠡᠯᠡᠭᠦᠯᠦᠭᠰᠡᠨ ᠪᠥᠭᠡᠳ ᠠᠵᠢᠯ ᠤᠨ ᠲᠥᠰᠦᠯ | ᠲᠣᠭᠲᠠᠭᠠᠵᠤ᠂ ᠲᠣᠰ ᠲᠣᠰ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠪᠠ ᠠᠵᠢᠯ ᠤᠨ | ᠵᠢᠯᠣᠭᠤᠳᠬᠤ ᠳᠤᠭᠤᠶᠢᠯᠠᠩ ᠢ ᠪᠠᠶᠢᠭᠤᠯᠵᠤ᠂ ᠭᠠᠴᠠᠭ᠎ᠠ ᠲᠣᠰᠬᠤᠨ ᠤ ᠠᠷᠠᠳ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠵᠥᠪᠯᠡᠯ ᠢ ᠪᠠᠶᠢᠭᠤᠯᠪᠠ᠃ ᠣᠳᠣᠬᠠᠨ ᠳᠤ᠂ ᠪᠥᠬᠦ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠬᠤᠭᠤᠴᠠᠭ᠎ᠠ ᠰᠣᠯᠢᠬᠤ ᠲᠠᠰ | ᠳᠠᠷᠠᠭᠠᠯᠠᠯ ᠢ ᠴᠢᠩᠭ᠎ᠠ ᠵᠢᠷᠤᠮᠯᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠭᠰᠠᠨ ᠤᠷᠢᠲᠠᠯ | ᠳᠣᠤᠷ᠎ᠠ᠂ ᠡᠯ᠎ᠡ ᠲᠥᠷᠥᠯ ᠤᠨ ᠠᠵᠢᠯ ᠢᠶᠠᠨ ᠡᠮᠬᠢ ᠴᠡᠭᠴᠡ ᠲᠠᠢ ᠠᠬᠢᠭᠤᠯᠪᠠ᠃ | | ᠵᠢᠱᠢᠯᠲᠡ ᠪᠠᠷ ᠪᠥᠬᠦ ᠬᠤᠰᠢᠭᠤᠨ ᠤ 2 ᠰᠠᠷ᠎ᠠ ᠶᠢᠨ ᠰᠡᠭᠦᠯᠴᠢ ᠠᠴᠠ ᠡᠮᠦᠨ᠎ᠡ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ |