ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ | ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ | ᠬᠠᠮᠢᠶ᠎ᠠ ᠪᠥᠬᠦᠶ ᠨᠢᠭᠡᠴᠡ ᠳᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠪᠡ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ | ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 1 ᠰᠠᠷ᠎ᠠ ᠶᠢᠨ 20 | | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠪᠥᠬᠦ ᠠᠷᠠᠳ ᠤᠨ ᠡᠷᠡᠭᠦᠯ ᠮᠡᠨᠳᠦ ᠯᠦᠭᠡ ᠭᠦᠨᠵᠡᠭᠡᠶ | ᠠᠭᠤᠰᠤᠯᠴᠠᠭᠤᠯᠬᠤ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠮᠢᠳᠤᠷᠠᠯ ᠢ ᠠᠬᠢᠭᠤᠯᠬᠤ ᠪᠥᠬᠦ | ᠬᠤᠰᠢᠭᠤᠨ ᠤ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ︽ᠡᠷᠡᠭᠦᠯ ᠡᠩᠬᠡ ᠬᠤᠶᠢᠲᠤ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ︽ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠲᠦᠷᠢᠮ︾᠂ ︽︿ᠡᠷᠡᠭᠦᠯ ᠡᠩᠬᠡ ᠳᠤᠮᠳᠠᠳᠤ ᠤᠯᠤᠰ 2030﹀ ᠶᠢᠨ | ᠲᠥᠯᠥᠪᠵᠢᠭᠦᠯᠭᠡ ᠶᠢᠨ ᠬᠥᠲᠥᠯᠪᠦᠷᠢ︾᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ | ᠬᠥᠲᠥᠯᠪᠦᠷᠢ︾᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠬᠤ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹ 2019 ︺ 32 ᠳ᠋ᠤᠭᠠᠷ ᠲᠣᠭᠠᠲᠤ︶ ᠪᠠ ︽ᠤᠯᠠᠭᠠᠨᠴᠠᠪ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠯᠪᠠᠨ ᠬᠡᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ | ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠬᠤ ᠲᠤᠬᠠᠶ ᠲᠥᠰᠦᠯ︾ ︵ᠤᠯᠠᠭᠠᠨᠴᠠᠪ ᠵᠠᠰᠠᠭ ᠠᠯᠪᠠᠨ | ᠲᠠᠷᠬᠠᠭᠠᠭᠰᠠᠨ︹ 2020 ︺ 21 ᠳ᠋ᠦᠭᠡᠷ ᠲᠣᠭᠠᠲᠤ︶ ᠤᠨ ᠱᠠᠭᠠᠷᠳᠠᠯᠭ᠎ᠠ ᠪᠠᠷ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ | ᠴᠢᠷᠮᠠᠶᠢᠬᠤ ᠴᠢᠭᠯᠡᠯ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠪᠦᠬᠦ ᠠᠷᠠᠳ ᠤᠨ ᠡᠷᠡᠭᠦᠯ ᠮᠡᠨᠳᠦ | ᠪᠠᠶᠢᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠶᠡᠬᠡᠪᠡᠷ ᠠᠬᠢᠭᠤᠯᠵᠤ᠂ ᠪᠣᠰᠤᠭ᠎ᠠ ᠴᠣᠭᠴᠠᠲᠤ | ᠪᠠᠶᠢᠭᠤᠯᠤᠯᠲᠠ᠂ ᠠᠭᠤᠰᠤᠯᠴᠠᠭᠤᠯᠤᠨ ᠠᠬᠢᠭᠤᠯᠬᠤ᠂ ᠵᠢᠱᠢᠶ᠎ᠡ ᠦᠵᠡᠭᠦᠯᠦᠨ ᠳᠠᠭᠠᠭᠤᠯᠬᠤ᠂ ᠬᠥᠳᠡᠯᠦᠩᠭᠦᠶ ᠪᠠᠷ | ᠬᠡᠷᠡᠭᠵᠢᠭᠦᠯᠬᠦ ᠪᠠᠷ ᠳᠡᠮᠵᠢᠨ᠂ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠪᠦᠬᠦ ᠠᠷᠠᠳ ᠤᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢ ᠠᠬᠢᠭᠤᠯᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ | ᠡᠷᠡᠭᠦᠯᠵᠢᠭᠦᠯᠬᠦ ᠵᠡᠷᠭᠡ ᠲᠠᠯ᠎ᠠ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠴᠤᠭ | ᠰᠦᠯᠳᠡ ᠪᠠᠨ ᠪᠠᠳᠠᠷᠠᠭᠤᠯᠬᠤ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠣᠯᠠᠨ ᠡᠰᠢᠲᠦ ᠴᠢᠳᠠᠮᠵᠢ ᠶᠢ ᠪᠠᠳᠠᠷᠠᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠪᠥᠬᠦ ᠠᠷᠠᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ | ᠡᠪᠡᠳᠴᠢᠨ ᠵᠠᠰᠠᠬᠤ ᠪᠠᠷ ᠭᠤᠤᠯᠳᠠᠯᠭ᠎ᠠ ᠪᠠᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯᠳᠠᠯᠭ᠎ᠠ ᠪᠠᠨ ᠪᠣᠯᠭᠠᠬᠤ | ᠳᠠᠰᠢ ᠬᠤᠪᠢᠷᠠᠭᠤᠯᠬᠤ ᠶᠢ ᠪᠡᠶᠡᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ︽ᠡᠷᠡᠭᠦᠯ ᠮᠡᠨᠳᠦ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤ︾ ᠶᠢ ᠪᠥᠲᠥᠭᠡᠨ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | ᠬᠤᠶᠠᠷ᠂ ᠭᠤᠣᠯ ᠬᠠᠷᠠᠯᠲᠠ | 2030 ᠣᠨ ᠪᠣᠯᠬᠤ ᠳᠤ᠂ ᠪᠥᠬᠦ ᠬᠤᠰᠢᠭᠤᠨ ᠳᠤ ᠪᠥᠬᠦ ᠭᠠᠵᠠᠷ ᠣᠷᠣᠨ ᠢ ᠬᠠᠮᠤᠷᠤᠭᠰᠠᠨ᠂ ᠪᠥᠬᠦ | ᠦᠶᠡᠯᠡᠯ ᠤᠨ ᠬᠤᠭᠤᠴᠠᠭᠠᠨ ᠳᠤ ᠦᠢᠯᠡᠴᠢᠯᠡᠭᠰᠡᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ | ᠬᠥᠮᠦᠰ ᠢᠶᠠᠷ ᠢᠶᠠᠨ ᠬᠠᠮᠲᠤ ᠪᠠᠷ ᠡᠳ᠋ᠯᠡᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ︽ | ᠶᠡᠭᠡ ᠡᠷᠡᠭᠦᠯ ᠮᠡᠨᠳᠦ︾ ᠶᠢᠨ ᠳᠤᠮᠳᠠᠬᠢ ᠦᠢᠯᠡᠳᠣᠯ ᠢ ᠨᠠᠩ ᠲᠣᠪᠤᠶᠢᠮ᠎ᠠ ᠪᠣᠯᠭᠠᠵᠤ᠂ ᠠᠷᠠᠳ ᠣᠯᠠᠨ ᠤ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠵᠥᠪᠬᠡᠨ ᠡᠮᠴᠢᠯᠡᠭᠡ ᠡᠷᠡᠭᠦᠯ ᠬᠠᠮᠠᠭᠠᠯᠠᠯ ᠤᠨ ︽ᠰᠠᠨᠠᠭᠠᠴᠢᠯᠠᠭᠠᠲᠤ | ᠪᠤᠰᠤ᠂ ᠠᠷᠤ ᠲᠠᠯ᠎ᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠲᠦᠰᠢᠭᠯᠡᠵᠦ︾ ᠪᠠᠶᠢᠭᠰᠠᠨ ᠠᠴᠠ ᠪᠠᠨ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠤᠯᠲᠠ ᠶᠢᠨ ︽ᠰᠠᠨᠠᠭᠠᠴᠢᠯᠠᠭ᠎ᠠ ᠲᠠᠢ᠂ ᠡᠮᠦᠨ᠎ᠡ ᠲᠠᠯ᠎ᠠ ᠶᠢᠨ ᠡᠷᠡᠭᠦᠯ ᠮᠡᠨᠳᠦ ᠶᠢᠨ | ᠬᠠᠮᠢᠶᠠᠷᠤᠯᠲᠠ ᠳᠤ ᠲᠦᠰᠢᠭᠯᠡᠬᠦ︾ ᠬᠥᠭᠵᠢᠯᠲᠡ ᠶᠢ ᠪᠡᠶᠡᠯᠡᠭᠦᠯᠦᠨ᠎ᠡ᠃ | — ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠨᠠᠩ ᠪᠦᠷᠢᠨᠰᠢᠭᠦᠯᠦᠨ᠎ᠡ᠃ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠳᠡᠩᠰᠡᠯᠡᠨ ᠲᠡᠮᠳᠡᠭᠯᠡᠬᠦ ᠶᠢ | ᠢᠳᠡᠪᠬᠢᠲᠡᠶ ᠳᠡᠮᠵᠢᠵᠦ᠂ ᠬᠤᠲᠠ ᠬᠥᠳᠡᠭᠡ ᠳᠤ ᠨᠡᠶᠢᠳᠡᠮ ᠲᠠᠷᠬᠠᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠤᠷ | ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠪᠦᠷᠬᠦᠴᠡ ᠶᠢᠨ ᠭᠠᠭᠴᠠ ᠵᠣᠶᠢᠯ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠢ 15 ᠠᠴᠠ ᠳᠡᠭᠡᠭᠰᠢ ᠳᠤ ᠬᠦᠷᠦᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠪᠦᠷᠬᠦᠴᠡ ᠶᠢᠨ ᠨᠣᠷᠮ᠎ᠠ ᠶᠢ 100% ᠳᠤ | ᠬᠦᠷᠦᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠨᠡᠮᠡᠭᠳᠡᠭᠦᠯᠣᠨ᠎ᠡ᠃ | — ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠬᠥᠮᠦᠨ ᠤ ᠲᠤᠭ᠎ᠠ ᠶᠢ ᠮᠡᠳᠡᠭᠳᠡᠬᠦ᠋ᠢᠴᠡ ᠨᠡᠮᠡᠭᠳᠡᠭᠦᠯᠦᠨ᠎ᠡ᠃ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 45% ᠠᠴᠠ | ᠳᠡᠭᠡᠭᠰᠢ ᠳᠤ ᠬᠦᠷᠦᠭᠦᠯᠵᠦ᠂ ᠭᠠᠷᠠᠭ ᠪᠦᠷᠢ ᠨᠢᠭᠡ ᠤᠳᠠᠭ᠎ᠠ ᠵᠢᠴᠢ ᠲᠡᠭᠦᠨ ᠠᠴᠠ ᠳᠡᠭᠡᠭᠰᠢ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 55% ᠠᠴᠠ ᠳᠡᠭᠡᠭᠰᠢ ᠳᠤ ᠰᠤᠷᠤᠭᠴᠢᠳ | ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠬᠤ ᠬᠡᠷᠡᠭᠲᠡᠶ᠃ | — ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠲᠡᠩᠴᠡᠭᠦᠷᠢᠲᠡᠶ ᠬᠥᠭᠵᠢᠭᠦᠯᠦᠨ᠎ᠡ᠃ ᠬᠤᠰᠢᠭᠤ᠂ | ᠰᠤᠮᠤ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢᠨ ᠲᠣᠤᠷ ᠰᠦᠯᠵᠢᠶ᠎ᠡ ᠶᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠬᠥᠮᠦᠨ ᠪᠦᠷᠢ ᠶᠢᠨ | ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠶᠢ 3.5 ᠲᠡᠭᠰᠢ ᠳᠥᠷᠪᠡᠯᠵᠢᠨ ᠮᠧᠲᠷ ᠲᠤ ᠬᠤᠰᠢᠭᠤᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ᠂ ᠰᠤᠮᠤ ᠰᠢᠶᠠᠩ ᠪᠠᠯᠭᠠᠰᠤᠨ ᠤ ᠣᠯᠠᠨ | ᠴᠢᠳᠠᠮᠵᠢᠳᠣ ᠪᠡᠶ᠎ᠡ ᠴᠢᠭᠢᠷᠠᠭᠵᠢᠭᠤᠯᠬᠤ ᠣᠷᠳᠣᠨ᠂ ᠲᠣᠰᠬᠤᠨ ᠢ ᠪᠠᠶᠢᠴᠠᠭᠠᠬᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ | ᠪᠦᠷᠢᠨ ᠪᠦᠷᠬᠦᠭᠦᠯᠦᠨ᠎ᠡ᠃ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠤ ︽10 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ︾ ᠢ ᠪᠣᠶ ᠪᠣᠯᠭᠠᠪᠠ᠃ ᠬᠤᠲᠠ ᠪᠠᠯᠭᠠᠰᠤᠨ ᠤ ᠤᠳᠠᠭᠠᠨ ᠭᠦᠶᠦᠯᠲᠡ ᠶᠢᠨ ᠵᠠᠮ ᠤᠨ | ᠨᠣᠭᠤᠭᠠᠨ ᠵᠠᠮ ᠤᠨ ᠬᠥᠮᠦᠨ ᠳᠤᠮᠳᠠᠴᠢ ᠶᠢᠨ ᠤᠷᠲᠤ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ | — ᠠᠷᠠᠳ ᠨᠡᠶᠢᠲᠡ ᠶᠢᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠪᠡ᠃ ᠬᠤᠶᠠᠷ ᠵᠢᠯ ᠪᠦᠷᠢ 5 ᠲᠥᠷᠥᠯ ᠵᠣᠶᠢᠯ ᠠᠴᠠ ᠳᠤᠲᠠᠭᠤ ᠥᠬᠡᠶ ᠲᠣᠰ ᠵᠠᠰᠠᠭ ᠵᠠᠬᠢᠷᠭᠠᠨ ᠤ | ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ 1 ᠤᠳᠠᠭ᠎ᠠ ᠡᠷᠭᠢᠯᠡᠵᠦ | ᠂ ᠵᠢᠯ ᠪᠦᠷᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 12 ᠤᠳᠠᠭ᠎ᠠ ᠠᠴᠠ ᠳᠤᠲᠠᠭᠤ ᠥᠬᠡᠶ | ᠥᠷᠨᠢᠭᠦᠯᠵᠦ᠂ ᠣᠯᠠᠨ ᠨᠡᠶᠢᠲᠡ ᠪᠠᠷ ᠢᠶᠠᠨ ᠣᠶᠢᠷ᠎ᠠ ᠬᠠᠪᠢ ᠳᠠᠭᠠᠨ ᠳᠠᠷᠤᠶ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ | ᠣᠷᠣᠯᠴᠠᠬᠤ ᠶᠢ ᠪᠡᠶᠡᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠲᠦᠷᠦᠯ ᠵᠦᠢᠯ ᠢ ᠠᠭᠤᠳᠠᠯᠬᠤ ᠪᠠ ᠲᠡᠳᠬᠦᠬᠦ ᠶᠢ ᠦᠨᠡᠨᠬᠦ ᠴᠢᠩᠭᠠᠳᠬᠠᠵᠤ᠂ ᠮᠠᠨ ᠤ ᠬᠤᠰᠢᠭᠤᠨ ᠤ ᠣᠨᠴᠠᠯᠢᠭ ᠲᠠᠢ | ᠨᠠᠭᠠᠳᠤᠮ ᠤᠨ ᠬᠤᠷᠠᠯ ᠪᠠ ︽ᠡᠷᠡᠭᠲᠡᠶ ᠶᠢᠨ ᠭᠤᠷᠪᠠᠨ ᠤᠷ᠎ᠠ ᠮᠡᠷᠭᠡᠵᠢᠯ︾᠂ ᠮᠣᠷᠢ ᠤᠷᠤᠯᠳᠤᠬᠤ᠂ ᠲᠡᠮᠡᠭᠡ | ᠤᠷᠤᠯᠳᠤᠬᠤ ᠠᠵᠢᠯ ᠢ ᠶᠡᠬᠡᠪᠡᠷ ᠥᠷᠨᠢᠭᠦᠯᠦᠨ᠎ᠡ᠃ ᠮᠣᠩᠭᠤᠯ ᠰᠢᠲᠠᠷ᠎ᠠ ᠵᠡᠷᠭᠡ ᠬᠡᠯᠪᠡᠷᠢ ᠶᠢᠨ ᠣᠯᠠᠨ ᠲᠦᠮᠡᠨ ᠤ | ᠠᠵᠢᠯᠯᠠᠭ᠎ᠠ ᠨᠢ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠡᠷᠡᠭᠦᠯ ᠴᠢᠭᠢᠷᠠᠭ ᠢ | ᠴᠢᠩᠭᠠᠳᠬᠠᠵᠤ᠂ ᠮᠠᠨ ᠤ ᠬᠤᠰᠢᠭᠤᠨ ᠤ ᠠᠷᠠᠳ ᠨᠡᠶᠢᠲᠡ ᠶᠢᠨ ᠡᠷᠡᠭᠦᠯ ᠬᠥᠭᠵᠢᠯᠲᠡ ᠶᠢᠨ ᠲᠦᠪᠰᠢᠨ ᠢ | ᠠᠬᠢᠭᠤᠯᠤᠨ᠎ᠠ᠃ | — ᠵᠢᠯᠣᠭᠤᠳᠬᠤ ᠪᠠ ᠦᠢᠯᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠢ 1 ᠪᠠᠶᠢᠭᠤᠯᠵᠤ᠂ | ᠪᠡᠶ᠎ᠡ ᠶᠢᠨ ᠲᠠᠮᠢᠷ ᠪᠠ ᠡᠮᠴᠢᠯᠡᠭᠡ ᠶᠢ ᠤᠶᠠᠯᠳᠤᠭᠤᠯᠤᠭᠰᠠᠨ ᠵᠡᠷᠭᠡ ᠲᠥᠷᠥᠯ ᠬᠡᠯᠪᠡᠷᠢ ᠶᠢᠨ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠣᠭᠴᠢ ᠶᠢᠨ ᠬᠥᠮᠦᠨ ᠤ ᠲᠤᠭ᠎ᠠ ᠶᠢ 0.1 ᠲᠦᠮᠡ ᠳᠤ ᠬᠦᠷᠦᠭᠦᠯᠦᠨ᠎ᠡ᠃ ᠰᠤᠮᠤ | ᠰᠢᠶᠠᠩ ᠪᠠᠯᠭᠠᠰᠤ ᠨᠢᠭᠡᠪᠦᠷᠢ ᠳᠤ 1 — 2 ᠨᠡᠷᠡᠰ ᠰᠣᠶᠣᠯ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ | ᠠᠵᠢᠯᠲᠠᠨ ᠲᠠᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ 1 ᠨᠡᠷᠡᠰ ᠲᠤᠰᠬᠠᠶ ᠲᠤᠰᠢᠶᠠᠯ | ᠬᠠᠪᠰᠤᠷᠭᠠᠭᠰᠠᠨ ᠰᠣᠶᠣᠯ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠠᠵᠢᠯᠲᠠᠨ ᠲᠠᠢ᠃ ᠤᠯᠤᠰ ᠠᠷᠠᠳ ᠤᠨ ᠪᠡᠶ᠎ᠡ | ᠮᠠᠬᠠᠪᠣᠳ ᠢ ᠬᠢᠨᠠᠨ ᠬᠡᠮᠵᠢᠬᠦ ᠥᠷᠲᠡᠭᠡ ᠬᠢᠭᠡᠳ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ | ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠪᠡᠶ᠎ᠡ ᠶᠢᠨ ᠲᠠᠮᠢᠷ | ᠡᠮᠴᠢᠯᠡᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠴᠢᠯᠡᠭᠡᠨ ᠤ ᠲᠥᠪ ︵ᠥᠷᠲᠡᠭᠡ︶ ᠢ ᠪᠠᠶᠢᠭᠤᠯᠤᠨ᠎ᠠ᠃ | | — ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠨᠡᠶᠢᠳᠡᠮ ᠳᠡᠭᠡᠨ ᠴᠢᠩᠭᠠᠷᠠᠪᠠ᠃ ︽ | ᠤᠯᠤᠰ ᠠᠷᠠᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠶᠢᠨ ᠬᠢᠷᠢ ᠲᠡᠩᠴᠡᠭᠰᠡᠨ ᠠᠴᠠ | ᠳᠡᠭᠡᠭᠰᠢᠬᠢ ᠬᠤᠲᠠ ᠬᠥᠳᠡᠭᠡ ᠶᠢᠨ ᠬᠥᠮᠦᠨ ᠤ ᠲᠤᠭ᠎ᠠ ᠶᠢᠨ ᠬᠠᠷᠢᠴᠠᠯ ᠢ 92% ᠠᠴᠠ ᠳᠡᠭᠡᠭᠰᠢ ᠳᠤ ᠬᠦᠷᠦᠭᠦᠯᠵᠦ᠂ | ᠬᠤᠲᠠ ᠬᠥᠳᠡᠭᠡ ᠶᠢᠨ ᠤᠳᠠᠭᠠᠨ ᠴᠢᠨᠠᠷᠲᠠᠶ ᠡᠪᠡᠳᠴᠢᠨ ᠡᠭᠦᠰᠬᠦ ᠨᠣᠷᠮ᠎ᠠ ᠶᠢ ᠢᠯᠡᠳᠲᠡ ᠪᠠᠭᠤᠷᠠᠭᠤᠯᠵᠤ᠂ | ᠡᠮᠴᠢᠯᠡᠭᠡᠨ ᠤ ᠵᠠᠷᠤᠯᠭ᠎ᠠ ᠶᠢᠨ ᠵᠠᠷᠤᠳᠠᠯ ᠢ ᠢᠯᠡᠳᠲᠡ ᠪᠠᠭᠤᠷᠠᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢᠨ ᠡᠷᠡᠭᠦᠯ ᠮᠡᠨᠳᠦ ᠶᠢ ᠠᠬᠢᠭᠤᠯᠬᠤ ᠳᠤᠮᠳᠠᠬᠢ ᠦᠢᠯᠡᠳᠣᠯ ᠨᠢ ᠨᠠᠩ ᠲᠣᠪᠤᠶᠢᠮ᠎ᠠ ᠪᠣᠯᠵᠣ᠂ | ᠡᠷᠡᠭᠦᠯ ᠮᠡᠨᠳᠦ ᠶᠢ ᠨᠥᠯᠥᠭᠡᠯᠡᠬᠦ ᠴᠢᠬᠤᠯᠠ ᠠᠷᠭ᠎ᠠ ᠪᠠᠷᠢᠯ ᠪᠣᠯᠤᠭᠰᠠᠨ ᠪᠠᠶᠢᠨ᠎ᠠ᠃ | — ᠡᠯ᠎ᠡ ᠲᠦᠷᠦᠯ ᠤᠨ ᠬᠥᠮᠦᠰ ᠤᠨ ᠪᠡᠶ᠎ᠡ ᠮᠠᠬᠠᠪᠣᠳ ᠤᠨ ᠬᠡᠪ ᠴᠢᠨᠠᠷ ᠢᠯᠡᠳᠲᠡ ᠰᠠᠶᠢᠵᠢᠷᠠᠪᠠ᠃ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠦᠷᠭᠦᠯᠵᠢᠯᠡᠨ ᠭᠠᠷ ᠲᠦᠷᠦᠭᠦ᠂ ᠠᠭᠤᠰᠤᠯᠴᠠᠭᠤᠯᠤᠨ | ᠠᠬᠢᠭᠤᠯᠬᠤ ᠪᠠᠷ ᠳᠡᠮᠵᠢᠨ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠵᠢᠵᠢᠭ ᠨᠢᠳᠦᠨ ᠰᠢᠯ︾ ︽ᠵᠢᠵᠢᠭ | ᠪᠡᠶ᠎ᠡ ᠶᠢᠨ ᠳᠣᠪᠤ︾ ᠢᠳᠡᠭ ᠢᠳᠡᠭ ᠢᠶᠠᠷ ᠪᠠᠭᠠᠰᠴᠤ᠂ ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢᠨ ᠪᠠᠷᠢᠮᠵᠢᠶ᠎ᠠ︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠳᠡᠮ ᠳᠡᠭᠡᠨ ᠭᠦᠷᠦᠭᠰᠡᠨ ᠪᠠᠶᠢᠨ᠎ᠠ᠃ | ᠵᠠᠯᠠᠭᠤ ᠪᠠᠭᠠᠴᠤᠳ ᠤᠨ ᠪᠡᠶ᠎ᠡ ᠮᠠᠬᠠᠪᠣᠳ ᠤᠨ ᠨᠡᠮᠡᠭᠳᠡᠯ ᠤᠨ ᠬᠦᠴᠦ ᠠᠵᠢᠯ ᠮᠡᠷᠭᠡᠵᠢᠯ ᠤᠨ ᠬᠠᠮᠲᠤᠯᠢᠭ ᠤᠨ ︽ᠳᠡᠳ᠋ | ᠡᠷᠡᠭᠦᠯ ᠮᠡᠨᠳᠦ︾ ︽ᠤᠳᠠᠭᠠᠨ ᠴᠢᠨᠠᠷᠲᠠᠶ ᠡᠪᠡᠳᠴᠢᠨ︾ ᠤ ᠪᠠᠶᠢᠳᠠᠯ ᠢᠯᠡᠳᠲᠡ ᠰᠠᠶᠢᠵᠢᠷᠠᠵᠤ᠂ ᠠᠵᠢᠯ ᠤᠨ ᠦᠷ᠎ᠡ | ᠪᠦᠲᠦᠮᠵᠢ ᠢᠯᠡᠳᠲᠡ ᠳᠡᠭᠡᠭᠰᠢᠯᠡᠪᠡ᠃ ᠨᠠᠰᠤᠲᠠᠶᠢᠴᠤᠳ ᠪᠠ ᠵᠡᠮᠳᠡᠭᠴᠦᠳ ᠤᠨ ᠠᠮᠢ ᠨᠠᠰᠤᠨ ᠤ ᠴᠢᠨᠠᠷ ᠴᠢᠨᠰᠠᠭ᠎ᠠ | ᠪᠠ ᠪᠡᠶ᠎ᠡ ᠪᠠᠨ ᠳᠠᠭᠠᠭᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠡᠳᠦᠭᠡ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ ᠠᠷᠠᠳ ᠤᠨ ᠡᠷᠡᠭᠦᠯ ᠮᠡᠨᠳᠦ ᠲᠠᠢ | ᠭᠦᠨᠵᠡᠭᠡᠶ ᠠᠭᠤᠰᠤᠯᠴᠠᠭᠤᠯᠬᠤ ᠠᠵᠢᠯ ᠤᠨ ᠵᠥᠪᠯᠡᠯ ᠢ ᠪᠠᠶᠢᠭᠤᠯᠵᠤ᠂ ᠪᠦᠷᠢᠯᠳᠦᠬᠦᠨ ᠨᠡᠷ ᠨᠢ ᠳᠣᠤᠷᠠᠬᠢ ᠮᠡᠲᠦ᠄ | ᠡᠷᠬᠢᠯᠡᠭᠴᠢ᠄ ᠾᠧ ᠶᠢᠩ ᠽᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠡᠷᠬᠢᠯᠡᠭᠴᠢ᠄ ᠴᠢᠶᠣᠤ ᡁᠢ ᠳ᠋ᠦᠩ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠰᠢᠶᠠ ᠫᠧᠶ ᠬᠤᠩ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠯᠢᠦᠶ ᠵᠢᠶᠦ᠋ᠨ ᠲᠢᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠡᠤ ᠵᠢᠶᠦ᠋ᠨ ᠱᠧᠩ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠵᠠᠩ ᠳ᠋ᠧᠩ ᠹᠧᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠸᠠᠩ ᠬᠤᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠳᠠᠷᠤᠭ᠎ᠠ | ᠴᠢᠨ ᠳ᠋ᠦᠩ ᠼᠠᠢ ᠬᠤᠰᠢᠭᠤᠨ ᠤ ᠰᠣᠶᠣᠯ ᠵᠢᠭᠤᠯᠴᠢᠯᠡᠯ ᠶᠢᠨ ᠲᠣᠪᠴᠢᠶᠠᠨ ᠤ ᠳᠠᠷᠤᠭ᠎ᠠ | ᠵᠢᠶ ᠶᠠᠨ ᠫᠢᠩ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠴᠢ ᠯᠢ ᠬᠤᠸᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠱᠢ ᠸᠧᠶ ᠷᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠰᠢᠤᠢ ᠵᠢᠶᠠᠨ ᠬᠤᠸᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠲᠡᠳ᠋ ᠡᠷᠬᠢᠯᠡᠭᠴᠢ | ᠫᠠᠨ ᠰᠢᠨ ᠭᠠᠩ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ | ᠹᠠᠨ ᠼᠠᠢ ᠰᠢᠶᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ | ᠵᠤᠤ ᠢ ᠬᠤᠰᠢᠭᠤᠨ ᠤ ᠵᠡᠮᠳᠡᠭᠴᠦᠳ ᠤᠨ ᠬᠤᠯᠪᠣᠭᠠᠨ ᠤ ᠲᠡᠷᠢᠭᠦᠯᠡᠭᠴᠢ | ᠬᠤ᠋ ᠿᠢ ᠴᠧᠩ ᠪᠠᠶᠠᠨᠴᠠᠭᠠᠨ ᠪᠠᠯᠭᠠᠰᠤᠨ ᠤ ᠳᠠᠷᠤᠭ᠎ᠠ | ᠴᠧᠨ ᡁᠢ ᠭᠥᠸᠧ ᠲᠡᠮᠣᠷᠳᠡᠢ ᠪᠠᠯᠭᠠᠰᠤᠨ ᠤ ᠳᠠᠷᠤᠭ᠎ᠠ | ᠵᠠᠩ ᠢᠦᠢ ᠱᠧᠩ ᠬᠤᠨᠩᠬᠢᠯᠳᠦ ᠪᠠᠯᠭᠠᠰᠤᠨ ᠤ ᠳᠠᠷᠤᠭ᠎ᠠ | ᠯᠢ ᠰᠢᠶᠠ ᠪᠣᠩᠬᠠᠣᠨ ᠪᠠᠯᠭᠠᠰᠤᠨ ᠤ ᠳᠠᠷᠤᠭ᠎ᠠ | ᠷᠧᠨ ᠯᠢ ᠳ᠋ᠡ ᠯᠢᠦ ᠬᠤᠣ ᠪᠠᠯᠭᠠᠰᠤᠨ ᠤ ᠳᠠᠷᠤᠭ᠎ᠠ | ᠶᠦᠨ ᠱᠧᠩ ᠤᠯᠠᠭᠠᠨᠬᠠᠳᠠ ᠰᠤᠮᠤ ᠶᠢᠨ ᠰᠤᠮᠤᠨ ᠳᠠᠷᠤᠭ᠎ᠠ | ᠸᠠᠩ ᠰᠢᠶᠤᠤ ᠰᠢᠶᠠ ᠲᠣᠯᠣᠭᠠᠨ ᠬᠤᠳᠳᠤᠭ ᠰᠤᠮᠤ ᠶᠢᠨ ᠰᠤᠮᠤᠨ ᠳᠠᠷᠤᠭ᠎ᠠ | ᠸᠴᠢᠷᠬᠤᠶᠠᠭ ᠰᠢᠯᠢ ᠰᠢᠶᠠᠩ ᠤᠨ ᠳᠠᠷᠤᠭ᠎ᠠ | ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ ᠮᠡᠨᠳᠦ ᠶᠢᠨ | ᠭᠦᠨᠵᠡᠭᠡᠶ ᠠᠭᠤᠰᠤᠯᠴᠠᠯ ᠢ ᠠᠬᠢᠭᠤᠯᠬᠤ ᠠᠵᠢᠯ ᠤᠨ ᠵᠥᠪᠯᠡᠯ ᠤᠨ ᠠᠯᠪᠠᠨ ᠬᠡᠷ ᠢ ᠬᠤᠰᠢᠭᠤᠨ ᠤ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠷᠢᠯᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠪᠣᠳᠠᠲᠠᠶ | ᠬᠠᠷᠢᠭᠤᠴᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠ ᠫᠧᠶ ᠬᠤᠩ ᠬᠠᠪᠰᠤᠷᠭᠠᠨ | ᠬᠠᠷᠢᠭᠤᠴᠠᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠣᠨᠣᠯᠵᠢᠬᠤᠨ ᠤ ᠠᠭᠤᠰᠤᠯᠴᠠᠯ ᠢ ᠴᠢᠩᠭᠠᠳᠬᠠᠨ᠎ᠠ᠃ | ︽ᠪᠡᠶ᠎ᠡ ᠶᠢᠨ ᠲᠠᠮᠢᠷ ᠢᠶᠠᠷ ︿ᠡᠪᠡᠳᠴᠢᠨ ᠡᠮᠭᠡᠭ ᠢ ᠵᠠᠰᠠᠬᠤ﹀︾ ︽ᠪᠡᠶ᠎ᠡ ᠶᠢᠨ ᠲᠠᠮᠢᠷ ᠪᠣᠯ ᠰᠠᠶᠢᠨ ᠡᠮᠴᠢ ᠮᠥᠨ︾ | ᠭᠡᠬᠦ ᠵᠡᠷᠭᠡ ᠣᠨᠣᠯᠵᠢᠬᠤᠨ ᠢ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ᠡᠷᠡᠭᠦᠯ | ᠮᠡᠨᠳᠦ ᠶᠢᠨ ᠬᠥᠮᠦᠵᠢᠯ ᠤᠨ ᠰᠢᠰᠲ᠋ᠧᠮᠵᠢ ᠳᠤ ᠣᠷᠣᠭᠤᠯᠤᠨ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ | ᠪᠠᠶᠢᠭᠠᠳ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠦᠵᠡᠯᠲᠡ ᠶᠢ ᠪᠣᠶ ᠪᠣᠯᠭᠠᠵᠤ᠂ ᠣᠯᠠᠨ ᠨᠡᠶᠢᠲᠡ ᠶᠢᠨ ᠡᠷᠡᠭᠦᠯ | ᠮᠡᠨᠳᠦ ᠶᠢᠨ ᠦᠵᠡᠯ ᠤᠬᠠᠮᠰᠠᠷ ᠪᠠ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ | ᠰᠠᠶᠢᠵᠢᠷᠠᠭᠤᠯᠵᠤ᠂ ᠡᠷᠡᠭᠦᠯ ᠮᠡᠨᠳᠦ ᠶᠢᠨ ᠲᠠᠩ ᠭᠠᠭᠴᠠ ᠠᠷᠤ ᠲᠠᠯ᠎ᠠ ᠶᠢᠨ ᠬᠠᠮᠢᠶᠠᠷᠤᠯᠲᠠ ᠠᠴᠠ | ᠰᠠᠨᠠᠭᠠᠴᠢᠯᠠᠭ᠎ᠠ ᠠᠴᠠ ᠪᠠᠨ ᠪᠡᠶ᠎ᠡ ᠴᠢᠭᠢᠷᠠᠭᠵᠢᠭᠤᠯᠬᠤ ᠶᠢᠨ ᠡᠮᠦᠨ᠎ᠡ ᠦᠵᠦᠭᠦᠷ ᠤᠨ ᠡᠷᠡᠭᠦᠯ ᠮᠡᠨᠳᠦ ᠶᠢᠨ | ᠰᠡᠷᠭᠡᠶᠢᠯᠡᠯᠲᠡ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ ᠲᠥᠷᠥᠯ ᠤᠨ ᠰᠣᠨᠢᠨ ᠮᠡᠳᠡᠭᠡᠨ ᠤ | ᠵᠠᠭᠤᠴᠢᠯᠠᠭᠤᠷ ᠤᠨ ᠰᠢᠯᠢᠳᠡᠭ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠫᠷᠤᠭ᠍ᠷᠠᠮ ᠡᠷᠭᠢᠯᠡᠬᠦ ᠶᠢ | ᠵᠣᠷᠢᠭᠵᠢᠭᠤᠯᠤᠨ᠎ᠠ᠃ ᠲᠧᠯᠸᠢᠰ᠂ ᠷᠠᠳᠢᠣ᠋᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠢ ᠭᠦᠢᠴᠡᠳ ᠠᠰᠢᠭᠯᠠᠵᠤ᠂ ︽ᠢᠨᠲ᠋ᠤᠷ ᠰᠦᠯᠵᠢᠶ᠎ᠡ + ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ︾ ︽ᠢᠨᠲ᠋ᠤᠷ ᠰᠦᠯᠵᠢᠶ᠎ᠡ + ᠪᠦᠬᠦ ᠠᠷᠠᠳ ᠤᠨ ᠡᠷᠡᠭᠦᠯ ᠮᠡᠨᠳᠦ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ︽ᠪᠦᠬᠦ ᠠᠷᠠᠳ ᠤᠨ ᠡᠷᠡᠭᠦᠯ ᠮᠡᠨᠳᠦ | ᠠᠮᠢᠳᠤᠷᠠᠯ ᠤᠨ ᠠᠷᠭ᠎ᠠ ᠮᠠᠶ᠋ᠢᠭ ᠤᠨ ᠡᠳᠦᠷ︾ ᠵᠡᠷᠭᠡ ᠪᠡᠶ᠎ᠡ ᠴᠢᠭᠢᠷᠠᠭᠵᠢᠭᠤᠯᠬᠤ ᠭᠤᠣᠯ ᠰᠡᠳᠦᠪᠲᠦ ᠡᠳᠦᠷ ᠤᠨ | ᠠᠵᠢᠯᠯᠠᠭ᠎ᠠ ᠲᠠᠢ ᠤᠶᠠᠯᠳᠤᠭᠤᠯᠤᠨ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ | ᠶᠡᠬᠡᠪᠡᠷ ᠪᠠᠳᠠᠷᠠᠭᠤᠯᠵᠤ᠂ ᠪᠡᠶ᠎ᠡ ᠪᠠᠨ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ | ᠪᠡᠶ᠎ᠡ ᠪᠠᠨ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠷᠭ᠎ᠠ ᠶᠢ ᠳᠡᠯᠭᠡᠷᠡᠭᠦᠯᠦᠨ᠂ ᠪᠡᠶ᠎ᠡ ᠪᠠᠨ ᠴᠢᠭᠢᠷᠠᠭᠵᠢᠭᠤᠯᠬᠤ | ᠡᠷᠡᠭᠦᠯ ᠮᠡᠨᠳᠦ ᠶᠢᠨ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠪᠡᠶ᠎ᠡ ᠪᠠᠨ ᠴᠢᠭᠢᠷᠠᠭᠵᠢᠭᠤᠯᠬᠤ ᠡᠷᠡᠭᠦᠯ ᠮᠡᠨᠳᠦ ᠶᠢᠨ | ᠥᠯᠢᠭᠡᠷ ᠢ ᠰᠠᠶᠢᠲᠤᠷ ᠶᠠᠷᠢᠵᠤ᠂ ᠣᠯᠠᠨ ᠨᠡᠶᠢᠲᠡ ᠶᠢᠨ ᠪᠡᠶ᠎ᠡ ᠪᠠᠨ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠲᠤᠬᠠᠶ | ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠨ᠂ ᠪᠥᠬᠦ ᠨᠡᠶᠢᠭᠡᠮ ᠳᠤ ᠪᠥᠬᠦ ᠠᠷᠠᠳ ᠤᠨ | ᠪᠡᠶ᠎ᠡ ᠪᠠᠨ ᠴᠢᠭᠢᠷᠠᠭᠵᠢᠭᠤᠯᠬᠤ ᠪᠣᠯ ᠪᠥᠬᠦ ᠠᠷᠠᠳ ᠤᠨ ᠡᠷᠡᠭᠦᠯ ᠮᠡᠨᠳᠦ ᠶᠢ ᠪᠡᠶᠡᠯᠡᠭᠦᠯᠬᠦ ᠬᠠᠮᠤᠭ ᠤᠨ ᠢᠳᠡᠪᠬᠢᠲᠡᠶ᠂ | ᠬᠠᠮᠤᠭ ᠤᠨ ᠪᠦᠲᠦᠮᠵᠢᠲᠡᠶ᠂ ᠬᠠᠮᠤᠭ ᠤᠨ ᠠᠷᠪᠢᠲᠠᠶ ᠠᠷᠭ᠎ᠠ ᠪᠠᠷᠢᠯ ᠤᠨ ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ | ᠪᠥᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠶᠢᠨ ᠠᠮᠢᠳᠤᠷᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ ︵ᠲᠦᠷᠦᠭᠦᠯᠡᠬᠦ ᠨᠢᠭᠡᠴᠡ᠄ ᠬᠤᠰᠢᠭᠤᠨ ᠨᠡᠶᠢᠯᠡᠯ ᠵᠠᠭᠤᠴᠢᠯᠠᠭᠤᠷ ᠤᠨ ᠲᠥᠪ᠂ ᠬᠠᠷᠢᠭᠤᠴᠠᠯᠭᠠᠲᠤ | ᠨᠢᠭᠡᠴᠡ᠄ ᠬᠤᠰᠢᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠯ᠎ᠡ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠵᠣᠬᠢᠶᠠᠨ ᠪᠠᠶᠢᠭᠤᠯᠤᠯᠲᠠ ᠶᠢᠨ ᠠᠭᠤᠰᠤᠯᠴᠠᠯ ᠢ | ᠴᠢᠩᠭᠠᠳᠬᠠᠨ᠎ᠠ᠃ ︽ᠲᠣᠮᠣ ᠪᠡᠶ᠎ᠡ ᠶᠢᠨ ᠲᠠᠮᠢᠷ︾ ︽ᠲᠣᠮᠣ ᠡᠷᠡᠭᠦᠯ ᠮᠡᠨᠳᠦ︾ ᠶᠢᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠯ᠎ᠡ ᠲᠥᠷᠥᠯ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ᠂ ᠰᠣᠶᠣᠯ᠂ ᠰᠤᠷᠭᠠᠨ ᠬᠥᠮᠦᠵᠢᠯ᠂ | ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ | ᠢᠳᠡᠪᠬᠢᠲᠡᠶ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢ ᠠᠬᠢᠭᠤᠯᠤᠨ᠎ᠠ᠂ ᠡᠷᠡᠭᠦᠯ ᠮᠡᠨᠳᠦ ᠶᠢᠨ | ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠦᠨ᠎ᠡ᠃ ᠬᠤᠰᠢᠭᠤᠨᠤ ᠡᠮᠨᠡᠯᠭᠡ ᠶᠢᠨ ᠬᠤᠷᠢᠶ᠎ᠠ ᠶᠢᠨ | ᠠᠭᠤᠰᠤᠯᠴᠠᠬᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ | ᠲᠠᠮᠢᠷ ᠤᠨ ᠡᠷᠡᠭᠦᠯᠵᠢᠯ ᠤᠨ ᠲᠤᠰᠬᠠᠶ ᠰᠠᠯᠠᠭᠠᠨ ᠤ ᠡᠭᠦᠳᠡᠨ ᠡᠮᠨᠡᠯᠭᠡ ᠳᠣᠭᠢᠷᠠᠭᠤᠯᠬᠤ ᠶᠢ ᠵᠣᠷᠢᠭᠵᠢᠭᠤᠯᠤᠨ᠂ ᠪᠥᠬᠦ | ᠠᠷᠠᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠪᠡᠶ᠎ᠡ ᠶᠢᠨ ᠲᠠᠮᠢᠷ ᠡᠮᠴᠢᠯᠡᠭᠡ ᠶᠢ | ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ | ᠪᠡᠶ᠎ᠡ ᠮᠠᠬᠠᠪᠣᠳ ᠤᠨ ᠪᠠᠶᠢᠴᠠᠭᠠᠨ ᠬᠡᠮᠵᠢᠯᠲᠡ ᠶᠢ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠣᠶᠢᠯ ᠳᠤ ᠣᠷᠣᠭᠤᠯᠤᠨ᠂ ᠪᠡᠶ᠎ᠡ ᠮᠠᠬᠠᠪᠣᠳ ᠤᠨ ᠬᠢᠨᠠᠨ | ᠬᠡᠮᠵᠢᠯᠲᠡ ᠶᠢᠨ ᠲᠥᠪ ᠲᠤ ᠬᠤᠲᠠ ᠬᠥᠳᠡᠭᠡᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ | ᠬᠡᠮᠵᠢᠨ ᠲᠣᠭᠲᠠᠭᠠᠬᠤ᠂ ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠬᠡᠪ | ᠴᠢᠨᠠᠷ ᠢ ᠦᠨᠡᠯᠡᠨ ᠵᠢᠱᠢᠬᠦ ᠶᠢ ᠥᠷᠨᠢᠭᠦᠯᠵᠦ᠂ ᠡᠷᠡᠭᠦᠯ ᠮᠡᠨᠳᠦ ᠶᠢᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ | ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠡᠮᠴᠢᠯᠡᠭᠡᠨ ᠤ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠤᠨ ︽ᠲᠣᠮᠣ ᠡᠮᠨᠡᠯᠭᠡ ᠶᠢᠨ ᠬᠤᠷᠢᠶ᠎ᠠ︾ ᠠᠴᠠ ᠭᠠᠷᠭᠠᠬᠤ ᠶᠢ ᠰᠦᠪᠡᠭᠴᠢᠯᠡᠵᠦ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶᠠᠳᠤ ᠦᠨᠳᠦᠰᠦᠨ ᠱᠠᠲᠤᠨ ᠳᠤ ︽ᠲᠠᠯ᠎ᠠ ᠨᠤᠲᠤᠭ ᠤᠨ ᠡᠷᠡᠭᠦᠯ ᠮᠡᠨᠳᠦ ᠶᠢᠨ ᠵᠢᠵᠢᠭ ᠭᠡᠷ ᠪᠠᠶᠢᠰᠢᠩ︾ ᠢ | ᠡᠭᠦᠳᠦᠨ ᠪᠠᠶᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠳᠤ ᠡᠷᠡᠭᠦᠯ ᠮᠡᠨᠳᠦ ᠶᠢᠨ ᠬᠥᠮᠦᠵᠢᠯ ᠤᠨ ᠴᠢᠨᠠᠷ | ᠰᠠᠶᠢᠲᠠᠶ ᠯᠠᠪᠯᠠᠭ᠎ᠠ᠂ ᠡᠷᠡᠭᠦᠯ ᠮᠡᠨᠳᠦ ᠳᠤ ᠭᠠᠷ ᠲᠦᠷᠦᠭᠦ ᠪᠠ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ | ᠡᠵᠡᠮᠳᠡᠬᠦ ᠵᠡᠷᠭᠡ ᠦᠢᠯᠡᠴᠢᠯᠡᠭᠡᠨ ᠢ ᠬᠠᠩᠭᠠᠵᠤ᠂ ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ᠂ ᠨᠡᠶᠢᠭᠡᠮ ᠤᠨ ᠬᠦᠴᠦᠨ ᠤ ᠣᠨᠴᠠ | ᠵᠥᠪᠰᠢᠶᠡᠷᠡᠯ ᠢᠶᠠᠷ ᠡᠵᠡᠩᠨᠡᠬᠦ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ | ᠠᠯᠪᠠᠨ ᠠᠴᠠ ᠲᠤᠰᠠᠯᠠᠬᠤ ᠵᠡᠷᠭᠡ ᠵᠠᠭᠪᠤᠷ ᠠᠪᠴᠤ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠡᠶ᠎ᠡ | ᠴᠢᠭᠢᠷᠠᠭᠵᠢᠭᠤᠯᠬᠤ᠂ ᠡᠷᠡᠭᠦᠯ ᠮᠡᠨᠳᠦ ᠶᠢ ᠬᠡᠮᠵᠢᠨ ᠲᠣᠭᠲᠠᠭᠠᠬᠤ ᠪᠠ ᠪᠡᠶ᠎ᠡ ᠶᠢᠨ ᠲᠠᠮᠢᠷ ᠤᠨ ᠡᠷᠡᠭᠦᠯᠵᠢᠯ ᠵᠡᠷᠭᠡ ᠪᠡᠶ᠎ᠡ | ᠴᠢᠭᠢᠷᠠᠭᠵᠢᠭᠤᠯᠬᠤ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠬᠦ ᠶᠢ ᠳᠡᠮᠵᠢᠨ᠎ᠡ᠃ ︵ | ᠲᠦᠷᠦᠭᠦᠯᠡᠬᠦ ᠨᠢᠭᠡᠴᠡ᠄ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠷᠢᠭᠤᠴᠠᠯᠭᠠᠲᠤ ᠨᠢᠭᠡᠴᠡ | ᠄ ᠬᠤᠰᠢᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠠᠭᠤᠰᠤᠯᠴᠠᠯ ᠢ ᠴᠢᠩᠭᠠᠳᠬᠠᠨ᠎ᠠ᠃ | ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠲᠠᠯᠠᠪᠤᠷ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠪᠦᠲᠦᠴᠡ ᠨᠢ ᠵᠦᠶ ᠵᠣᠬᠢᠰᠲᠠᠶ᠂ ᠲᠥᠷᠥᠯ ᠵᠣᠶᠢᠯ ᠨᠢ ᠪᠦᠷᠢᠨ ᠭᠦᠢᠴᠡᠳ᠂ | ᠴᠢᠳᠠᠮᠵᠢ ᠨᠢ ᠪᠦᠷᠢᠨ ᠲᠡᠭᠦᠯᠳᠡᠷ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠪᠡᠯᠡᠳᠬᠡᠮᠵᠢ ᠶᠢᠨ ᠬᠠᠩᠭᠠᠯᠭ᠎ᠠ ᠶᠢᠨ | ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠡᠷ | ᠳᠣᠲᠣᠷᠠᠬᠢ ᠣᠯᠠᠨ ᠴᠢᠳᠠᠪᠤᠷᠢᠲᠤ ᠪᠡᠶ᠎ᠡ ᠴᠢᠭᠢᠷᠠᠭᠵᠢᠭᠤᠯᠬᠤ ᠣᠷᠳᠣᠨ᠂ ᠬᠤᠲᠠ ᠪᠠᠯᠭᠠᠰᠤ ᠶᠢᠨ ᠪᠡᠶ᠎ᠡ | ᠴᠢᠭᠢᠷᠠᠭᠵᠢᠭᠤᠯᠬᠤ ᠶᠠᠪᠠᠭᠠᠨ ᠵᠠᠮ᠂ ᠳᠤᠭᠤᠶ ᠲᠡᠷᠭᠡᠨ ᠤ ᠨᠣᠭᠤᠭᠠᠨ ᠵᠠᠮ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃ ᠬᠤᠲᠠ | ᠪᠠᠯᠭᠠᠰᠤ ᠶᠢᠨ ᠨᠡᠶᠢᠭᠡᠮ ᠲᠣᠭᠤᠷᠢᠭ᠂ ᠰᠣᠶᠣᠯ ᠤᠨ ᠠᠭᠤᠳᠠᠮ ᠲᠠᠯᠠᠪᠠᠶ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ | ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠺᠯᠦ᠋ᠪ᠂ ᠨᠠᠰᠤᠲᠠᠶᠢᠴᠤᠳ ᠤᠨ ᠬᠥᠳᠡᠯᠭᠡᠭᠡᠨ ᠤ ᠲᠥᠪ ᠵᠡᠷᠭᠡ ᠲᠠᠯᠠᠪᠤᠷ ᠭᠠᠵᠠᠷ ᠲᠤ ᠬᠥᠮᠦᠨ ᠠᠮᠠ ᠶᠢᠨ | ᠬᠡᠪᠴᠢᠶ᠎ᠡ ᠪᠠ ᠦᠢᠯᠡᠴᠢᠯᠡᠭᠡᠨ ᠤ ᠷᠠᠳᠢᠦ᠋ᠰ ᠶᠣᠰᠣᠭᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ | ᠣᠶᠢᠷᠠᠲᠤᠭᠰᠠᠨ᠂ ᠤᠶᠤᠨᠴᠢᠯᠠᠭᠰᠠᠨ᠂ ᠴᠢᠨᠠᠷ ᠰᠠᠶᠢᠲᠠᠶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ | ᠪᠡᠯᠡᠳᠬᠡᠮᠵᠢ ᠶᠢ ᠨᠡᠮᠡᠵᠦ ᠪᠠᠶᠢᠭᠤᠯᠬᠤ ᠶᠢ ᠵᠣᠷᠢᠭᠵᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠪᠡᠶ᠎ᠡ ᠴᠢᠭᠢᠷᠠᠭᠵᠢᠭᠤᠯᠬᠤ | ᠲᠥᠪ ᠵᠡᠷᠭᠡ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠠᠰᠢᠭᠯᠠᠯᠲᠠ ᠶᠢᠨ ᠨᠣᠷᠮ᠎ᠠ᠂ ᠠᠯᠪᠠᠨ ᠪᠠᠶᠢᠭᠤᠯᠤᠯᠭ᠎ᠠ | ᠠᠵᠢᠯ ᠦᠢᠯᠡᠰ ᠤᠨ ᠨᠢᠭᠡᠴᠡ ᠶᠢᠨ ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ | ᠪᠡᠯᠡᠳᠬᠡᠮᠵᠢ ᠶᠢ ᠰᠦᠢᠳᠭᠡᠯ ᠬᠤᠷᠢᠶᠠᠬᠤ ᠥᠬᠡᠶ ᠪᠠᠷ ᠪᠤᠶᠤ ᠰᠦᠢᠳᠭᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠶᠢ | ᠵᠣᠷᠢᠭᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ ᠶᠢ ᠴᠢᠯᠥᠭᠡᠲᠡᠶ ᠨᠡᠭᠡᠭᠡᠬᠦ | ᠡᠷᠴᠢᠮ ᠢ ᠴᠢᠩᠭᠠᠷᠠᠭᠤᠯᠤᠨ᠂ ᠴᠢᠯᠥᠭᠡᠲᠡᠶ ᠨᠡᠭᠡᠭᠡᠬᠦ ᠨᠣᠷᠮ᠎ᠠ ᠶᠢ 90% ᠠᠴᠠ ᠳᠡᠭᠡᠭᠰᠢ ᠶᠢ ᠳᠠᠪᠠᠭᠤᠯᠵᠤ᠂ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠠᠭᠤᠴᠢᠨ ᠪᠠ ᠬᠠᠭᠤᠴᠢᠨ ᠵᠢᠵᠢᠭ | ᠲᠣᠭᠤᠷᠢᠭ ᠲᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠡᠶ᠎ᠡ ᠶᠢᠨ ᠲᠠᠮᠢᠷ ᠤᠨ ᠡᠯ᠎ᠡ | ᠱᠠᠲᠤᠨ ᠤ ᠡᠯ᠎ᠡ ᠲᠥᠷᠥᠯ ᠤᠨ ᠰᠣᠶᠣᠯ ᠤᠨ ᠲᠠᠰᠤᠭ᠂ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠢᠨᠵᠧᠨᠧᠷᠢᠩ ᠵᠡᠷᠭᠡ ᠣᠲᠣ ᠶᠢᠨ ᠪᠠᠶᠢᠭ᠎ᠠ ᠲᠠᠯᠠᠪᠤᠷ ᠪᠡᠯᠡᠳᠬᠡᠮᠵᠢ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠦᠨᠳᠦᠰᠦᠨ ᠱᠠᠲᠤᠨ ᠤ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ | ᠬᠡᠷᠡᠭᠯᠡᠬᠦ ︵ᠲᠦᠷᠦᠭᠦᠯᠡᠬᠦ ᠨᠢᠭᠡᠴᠡ᠄ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠰᠢᠭᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠯᠠᠭ᠎ᠠ ᠶᠢᠨ ᠠᠭᠤᠰᠤᠯᠴᠠᠯ ᠢ ᠴᠢᠩᠭᠠᠳᠬᠠᠨ᠎ᠠ᠃ | ︽231︾ ᠪᠡᠶ᠎ᠡ ᠶᠢᠨ ᠲᠠᠮᠢᠷ ᠤᠨ ᠠᠮᠢᠳᠤᠷᠠᠯ ᠤᠨ ᠬᠦᠭ ᠠᠶᠠᠰ ᠢ ᠦᠷᠭᠦᠯᠵᠢᠯᠡᠨ ᠴᠢᠪᠬᠠᠳᠠᠵᠤ᠂ ︽ᠭᠤᠷᠪᠠᠨ | ᠨᠢᠭᠡ︾ ᠶᠢᠨ ᠢᠨᠵᠧᠨᠧᠷᠢᠩ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠲᠠᠯᠠᠪᠠᠶ ᠶᠢᠨ ᠪᠥᠵᠢᠭ᠂ ᠪᠡᠶ᠎ᠡ | ᠴᠢᠭᠢᠷᠠᠭᠵᠢᠭᠤᠯᠬᠤ ᠲᠠᠮᠢᠷ᠂ ᠢᠳᠡᠷᠡᠭᠦᠨ ᠠᠯᠬᠤᠬᠤ᠂ ᠳᠤᠭᠤᠶ ᠤᠨᠤᠬᠤ᠂ ᠪᠥᠮᠪᠥᠭᠡᠨ ᠤ ᠲᠥᠷᠥᠯ᠂ ᠪᠡᠶ᠎ᠡ | ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠣᠯᠠᠨ ᠲᠦᠮᠡᠨ ᠤ ᠲᠦᠭᠡᠮᠡᠯᠵᠢᠯᠲᠡ ᠶᠢᠨ ᠬᠢᠷᠢ ᠬᠡᠮᠵᠢᠶ᠎ᠡ ᠪᠠᠷ | ᠨᠡᠯᠢᠶᠡᠳ ᠥᠨᠳᠥᠷ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠥᠷᠭᠡᠨ ᠢᠶᠠᠷ ᠥᠷᠨᠢᠭᠦᠯᠵᠦ᠂ ᠮᠣᠷᠢᠨ ᠮᠡᠷᠭᠡᠵᠢᠯ᠂ | ᠪᠥᠬᠡ᠂ ᠰᠤᠷ ᠬᠠᠷᠪᠤᠯᠲᠠ᠂ ᠠᠨᠳᠠ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠥᠷᠥᠯ ᠵᠣᠶᠢᠯ ᠢ ᠢᠳᠡᠪᠬᠢᠲᠡᠶ ᠪᠠᠷ ᠳᠡᠯᠭᠡᠷᠡᠭᠦᠯᠵᠦ᠂ ᠬᠡᠷ ᠤᠨ ᠭᠠᠳᠠᠨᠠᠬᠢ᠂ ᠮᠥᠰᠥ ᠴᠠᠰᠤ | ᠵᠡᠷᠭᠡ ᠴᠠᠭ ᠤᠨ ᠥᠩᠭᠡᠲᠦ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠣᠶᠢᠯ ᠢ ᠪᠤᠶᠢᠵᠢᠭᠤᠯᠵᠤ᠂ ᠡᠷᠬᠢᠨ | ᠲᠣᠭᠤᠷᠢᠨ ᠤ ᠬᠤᠰᠢᠭᠤ ᠰᠢᠶᠠᠨ ᠬᠤᠲᠠ ᠲᠣᠭᠤᠷᠢᠭ ᠯᠤᠭ᠎ᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠂ ᠡᠷᠡᠭᠦᠯ ᠮᠡᠨᠳᠦ ᠶᠢᠨ ᠡᠯᠧᠮᠧᠨ᠋ᠲ ᠢ | ᠨᠡᠮᠡᠨ ᠪᠠᠶᠢᠭᠤᠯᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ᠂ ᠰᠡᠳᠬᠢᠴᠡ ᠶᠢᠨ ᠡᠷᠡᠭᠦᠯ ᠮᠡᠨᠳᠦ᠂ ᠶᠣᠰᠣ | ᠰᠤᠷᠲᠠᠬᠤᠨ ᠤ ᠡᠷᠡᠭᠦᠯ ᠮᠡᠨᠳᠦ᠂ ᠨᠡᠶᠢᠭᠡᠮ ᠤᠨ ᠬᠠᠷᠢᠯᠴᠠᠭᠠᠨ ᠤ ᠰᠠᠶᠢᠨ ᠰᠠᠶᠢᠬᠠᠨ ᠳᠤ ᠠᠰᠢᠭᠲᠠᠶ ᠰᠢᠨ᠎ᠡ ᠮᠠᠶ᠋ᠢᠭ ᠤᠨ | ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠤᠶᠢᠵᠢᠭᠤᠯᠤᠨ᠎ᠠ᠃ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠢᠴᠢᠶᠡᠯ ᠤᠨ ᠲᠠᠩᠬᠢᠮ︾᠂ ︽ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ︾ ᠤᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ | ᠬᠡᠯᠪᠡᠷᠢ ᠶᠢ ᠠᠪᠴᠤ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯᠯᠠᠭ᠎ᠠ ᠶᠢ ᠪᠠᠶᠢᠭᠤᠯᠤᠯᠭ᠎ᠠ᠂ ᠠᠵᠤ | ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠬᠡᠷ ᠪᠦᠯᠢ ᠳᠤ ᠣᠷᠣᠭᠤᠯᠬᠤ ᠶᠢ | ᠠᠬᠢᠭᠤᠯᠤᠨ᠎ᠠ᠃ ᠪᠡᠶ᠎ᠡ ᠶᠢᠨ ᠲᠠᠮᠢᠷ ᠢᠶᠠᠷ ᠠᠴᠢᠶᠠᠯᠠᠪᠤᠷᠢ ᠪᠣᠯᠭᠠᠵᠤ᠂ ᠮᠠᠨ ᠤ ᠬᠤᠰᠢᠭᠤᠨ ᠤ ᠦᠨᠳᠦᠰᠦᠲᠡᠨ ᠤ | ᠣᠨᠴᠠᠯᠢᠭ ᠲᠠᠢ ᠰᠣᠶᠣᠯ᠂ ᠵᠤᠭᠠᠴᠠᠯ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠭᠦᠨ ᠠᠭᠤᠳᠠᠯᠵᠤ᠂ ᠮᠠᠨ ᠤ | ᠬᠤᠰᠢᠭᠤᠨ ᠤ ᠨᠥᠯᠥᠭᠡᠯᠡᠬᠦ ᠬᠦᠴᠦᠨ ᠢ ᠥᠷᠭᠡᠳᠬᠡᠵᠦ᠂ ᠵᠠᠯᠠᠭᠤᠴᠤᠳ ᠪᠠᠭᠠᠴᠤᠳ᠂ ᠨᠠᠰᠤᠲᠠᠶᠢᠴᠤᠳ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠬᠥᠮᠦᠰ᠂ ᠵᠡᠮᠳᠡᠭᠴᠦᠳ ᠵᠡᠷᠭᠡ ᠬᠠᠮᠲᠤᠯᠢᠭ ᠤᠨ ᠪᠡᠶ᠎ᠡ | ᠮᠠᠬᠠᠪᠣᠳ ᠤᠨ ᠡᠷᠡᠭᠦᠯ ᠮᠡᠨᠳᠦ ᠳᠤ ᠭᠠᠷ ᠲᠦᠷᠦᠭᠦ ᠲᠥᠯᠥᠪᠯᠡᠭᠡ᠃ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ | ᠠᠭᠤᠰᠤᠯᠴᠠᠯ ᠢ ᠠᠬᠢᠭᠤᠯᠵᠤ᠂ ᠵᠠᠯᠠᠭᠤᠴᠤᠳ ᠪᠠᠭᠠᠴᠤᠳ ᠢ ᠬᠥᠮᠦᠵᠢᠭᠦᠯᠦᠨ ︽ᠨᠠᠰᠤᠨ ᠲᠤᠷᠰᠢᠳᠠ ᠶᠢᠨ ᠪᠡᠶ᠎ᠡ ᠶᠢᠨ | ᠲᠠᠮᠢᠷ︾ ᠤᠨ ᠤᠳᠬ᠎ᠠ ᠰᠠᠨᠠᠭ᠎ᠠ ᠲᠠᠢ ᠪᠣᠯᠭᠠᠵᠤ᠂ ᠪᠠᠶᠢᠭᠤᠯᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ ᠠᠵᠢᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ︵ᠷᠠᠳᠢᠣ᠋ ᠲᠠᠮᠢᠷ᠂ ᠪᠡᠶ᠎ᠡ ᠴᠢᠭᠢᠷᠠᠭᠵᠢᠭᠤᠯᠬᠤ ᠲᠠᠮᠢᠷ᠂ | ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ︶ ᠢ ᠢᠳᠡᠪᠬᠢᠲᠡᠶ ᠳᠡᠯᠭᠡᠷᠡᠭᠦᠯᠵᠦ᠂ ᠲᠡᠳᠡᠨ ᠤ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠤᠳᠬ᠎ᠠ ᠰᠠᠨᠠᠭ᠎ᠠ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢ ᠴᠢᠩᠭᠠᠳᠬᠠᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ︽ᠵᠡᠮᠳᠡᠭᠴᠦᠳ ᠢ | ᠲᠤᠰᠠᠯᠠᠵᠤ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠢ ᠢᠳᠡᠪᠬᠢᠲᠡᠶ ᠪᠠᠷ ᠠᠬᠢᠭᠤᠯᠵᠤ ᠵᠡᠮᠳᠡᠭᠴᠦᠳ ᠤᠨ | ᠡᠷᠡᠭᠦᠯᠵᠢᠯ ᠤᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠰᠠᠶᠢᠲᠤᠷ | ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠰᠢᠭᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠰᠢᠭᠤᠨ ᠨᠡᠶᠢᠯᠡᠯ ᠵᠠᠭᠤᠴᠢᠯᠠᠭᠤᠷ ᠤᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢᠲᠠᠨ ᠤ ᠠᠭᠤᠰᠤᠯᠴᠠᠯ ᠢ ᠴᠢᠩᠭᠠᠳᠬᠠᠨ᠎ᠠ᠃ | ᠪᠡᠶ᠎ᠡ ᠴᠢᠭᠢᠷᠠᠭᠵᠢᠭᠤᠯᠬᠤ ᠬᠢᠭᠡᠳ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠤᠷᠲᠤᠪᠲᠤᠷ ᠪᠠ ᠣᠷᠳᠣ | ᠬᠤᠭᠤᠴᠠᠭᠠᠨ ᠤ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ | ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠨᠠᠰᠤᠵᠢᠯ ᠤᠨ ᠠᠰᠠᠷᠠᠮᠵᠢ ᠵᠡᠷᠭᠡ | ᠴᠢᠳᠠᠪᠤᠷᠢᠲᠠᠨ ᠤ ᠠᠭᠤᠰᠤᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠣᠭᠴᠢ ᠶᠢᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠪᠣᠯᠪᠠᠰᠤᠷᠠᠭᠤᠯᠤᠯ ᠢ ᠴᠢᠩᠭᠠᠷᠠᠭᠤᠯᠵᠤ᠂ ᠣᠯᠠᠨ ᠬᠡᠯᠪᠡᠷᠢ ᠮᠠᠶ᠋ᠢᠭ ᠤᠨ ᠲᠠᠮᠢᠷ ᠤᠨ ᠬᠥᠳᠡᠯᠭᠡᠭᠡᠨ ᠤ ᠵᠣᠷ ᠤᠨ | ᠮᠡᠷᠭᠡᠵᠢᠯᠲᠡᠨ ᠤ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ | ᠠᠵᠢᠯᠲᠠᠨ ᠤ ᠠᠭᠤᠰᠤᠯᠴᠠᠬᠤ ᠶᠢ ᠠᠬᠢᠭᠤᠯᠤᠨ᠎ᠠ ᠠᠵᠢᠯ ᠮᠡᠷᠭᠡᠵᠢᠯ ᠤᠨ ᠰᠤᠷᠭᠠᠭᠤᠯᠢ ᠶᠢᠨ ︽ᠪᠡᠶ᠎ᠡ ᠶᠢᠨ ᠲᠠᠮᠢᠷ ᠪᠠ | ᠡᠮᠴᠢᠯᠡᠭᠡ ᠶᠢ ᠤᠶᠠᠯᠳᠤᠭᠤᠯᠤᠭᠰᠠᠨ︾ ᠣᠨᠴᠠᠯᠢᠭ ᠲᠠᠢ ᠲᠤᠰᠬᠠᠶ ᠮᠡᠷᠭᠡᠵᠢᠯ ᠤᠨ ᠬᠢᠴᠢᠶᠡᠯ ᠨᠡᠭᠡᠭᠡᠬᠦ ᠶᠢ | ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠤᠬᠠᠭᠠᠨ ᠪᠠ ᠠᠨᠠᠭᠠᠬᠤ ᠤᠬᠠᠭᠠᠨ ᠬᠤᠶᠠᠷ ᠲᠠᠯ᠎ᠠ ᠶᠢᠨ ᠮᠡᠳᠡᠯᠭᠡ ᠶᠢ | ᠡᠵᠡᠮᠰᠢᠭᠰᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠬᠥᠳᠡᠯᠭᠡᠭᠡᠨ ᠤ | ᠵᠢᠯᠤᠭᠤᠳᠤᠯᠭ᠎ᠠ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠲᠤ | ᠣᠷᠣᠭᠤᠯᠬᠤ ᠶᠢ ᠰᠦᠪᠡᠭᠴᠢᠯᠡᠵᠦ᠂ ᠬᠥᠳᠡᠯᠭᠡᠭᠡᠨ ᠤ ᠬᠥᠮᠦᠨ ᠤ ᠪᠡᠶ᠎ᠡ ᠶᠢᠨ ᠰᠢᠨᠵᠢᠯᠡᠬᠦ ᠤᠬᠠᠭᠠᠨ ᠬᠢᠭᠡᠳ | ᠬᠥᠳᠡᠯᠭᠡᠭᠡᠨ ᠤ ᠡᠷᠡᠭᠦᠯᠵᠢᠭᠦᠯᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠤ ᠣᠴᠢᠵᠤ ᠠᠵᠢᠯᠯᠠᠬᠤ ᠶᠢ ᠵᠣᠷᠢᠭᠵᠢᠭᠤᠯᠤᠨ᠎ᠠ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠢᠯ | ᠪᠦᠷᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ | ᠦᠢᠯᠡᠴᠢᠯᠡᠭᠡ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ︵ᠲᠦᠷᠦᠭᠦᠯᠡᠬᠦ ᠨᠢᠭᠡᠴᠡ᠄ ᠬᠤᠰᠢᠭᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠰᠢᠭᠤᠨ ᠬᠠᠮ ᠵᠠᠭᠤᠴᠢᠯᠠᠭᠤᠷ ᠤᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ | ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ︶ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠯ ᠢ | ᠴᠢᠩᠭᠠᠳᠬᠠᠨ᠎ᠠ᠃ ᠨᠡᠶᠢᠭᠡᠮ ᠤᠨ ᠬᠦᠴᠦᠨ ᠤ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠬᠦᠷᠢᠶᠡᠨ ᠳᠤ ᠠᠰᠢᠭ | ᠬᠤᠨᠵᠢᠪᠣᠷᠢ ᠶᠢᠨ ᠪᠤᠰᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠡᠷᠭᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠡᠬᠢ ᠪᠠᠶᠠᠯᠢᠭ ᠢ ᠳᠣᠭᠢᠷᠠᠭᠤᠯᠬᠤ ᠵᠠᠬ᠎ᠠ ᠳᠡᠯᠭᠡᠭᠦᠷ ᠤᠨ ᠴᠢᠬᠤᠯᠠ | ᠦᠢᠯᠡᠳᠣᠯ ᠢ ᠭᠦᠢᠴᠡᠳ ᠪᠠᠳᠠᠷᠠᠭᠤᠯᠵᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠢ | ᠬᠥᠭᠵᠢᠭᠦᠯᠦᠨ᠂ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ᠂ ᠪᠡᠶ᠎ᠡ ᠶᠢᠨ ᠲᠠᠮᠢᠷ ᠰᠣᠶᠣᠯ ᠤᠨ ᠦᠢᠯᠡᠰ᠂ | ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠦᠢᠯᠡᠰ ᠵᠡᠷᠭᠡ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ | ᠠᠬᠢᠭᠤᠯᠵᠤ᠂ ᠬᠤᠲᠠ ᠪᠠᠯᠭᠠᠰᠤ ᠶᠢᠨ ᠳᠣᠲᠣᠷ᠎ᠠ ᠵᠢᠭᠤᠯᠴᠢᠯᠠᠯ᠂ ᠪᠡᠶ᠎ᠡ ᠴᠢᠭᠢᠷᠠᠭᠵᠢᠭᠤᠯᠬᠤ᠂ ᠰᠡᠯᠡᠭᠦᠴᠡᠯ ᠢ ᠨᠢᠭᠡ | ᠴᠣᠠᠠᠴᠠᠵᠢᠭᠤᠯᠥᠠᠠᠰᠠᠨ ᠭᠤᠤᠯᠳᠠᠯᠭ᠎ᠠ ᠲᠠᠢ ᠲᠥᠷᠥᠯ ᠵᠣᠶᠢᠯ ᠢ ᠪᠥᠲᠥᠭᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠣᠯᠠᠨ | ᠡᠰᠢᠵᠢᠭᠰᠡᠨ᠂ ᠥᠪᠡᠷᠮᠢᠴᠡᠵᠢᠭᠰᠡᠨ ᠡᠷᠡᠭᠦᠯ ᠮᠡᠨᠳᠦ ᠶᠢᠨ ᠪᠦᠲᠦᠭᠡᠭᠳᠡᠬᠦᠨ ᠢ ᠬᠠᠩᠭᠠᠨ᠎ᠠ᠃ ᠦᠨᠳᠦᠰᠦᠲᠡᠨ ᠤ ᠢᠯᠡ | ᠲᠣᠳᠣ ᠣᠨᠴᠠᠯᠢᠭ ᠪᠥᠬᠦᠶ ᠡᠷᠡᠭᠦᠯ ᠮᠡᠨᠳᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠡᠷᠡᠭᠴᠡᠭᠡ | ᠱᠠᠭᠠᠷᠳᠠᠯᠭ᠎ᠠ ᠶᠢᠨ ᠲᠠᠯ᠎ᠠ ᠠᠴᠠ ᠡᠭᠦᠰᠴᠦ᠂ ᠣᠳᠣᠬᠠᠨ ᠳᠤ ᠠᠳᠠᠯᠢ ᠪᠤᠰᠤ ᠬᠥᠮᠦᠰ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠦᠢᠯᠡᠴᠢᠯᠡᠭᠡᠨ ᠤ ᠠᠭᠤᠯᠭ᠎ᠠ᠂ ᠲᠥᠷᠥᠯ ᠬᠡᠯᠪᠡᠷᠢ᠂ ᠠᠷᠭ᠎ᠠ ᠮᠠᠶ᠋ᠢᠭ ᠵᠡᠷᠭᠡ ᠲᠠᠯ᠎ᠠ ᠪᠠᠷ | ᠢᠯᠭᠠᠭ᠎ᠠ ᠲᠠᠢ ᠬᠡᠷᠡᠭᠴᠡᠭᠡ ᠱᠠᠭᠠᠷᠳᠠᠯᠭ᠎ᠠ ᠢᠯᠡᠷᠡᠵᠦ ᠪᠠᠶᠢᠨ᠎ᠠ᠃ ᠡᠭᠦᠨ ᠳᠤ ᠪᠢᠳᠡ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠢᠯᠭᠠᠭ᠎ᠠ ᠲᠠᠢ ᠪᠠᠷ ᠬᠠᠨᠳᠤᠵᠤ᠂ ᠡᠭᠦᠨ ᠤ ᠰᠠᠭᠤᠷᠢᠨ ᠳᠡᠭᠡᠷ᠎ᠡ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠤᠶᠢᠵᠢᠭᠤᠯᠤᠨ ᠪᠦᠷᠢᠨᠰᠢᠬᠦᠯᠬᠦ | ᠬᠡᠷᠡᠭᠲᠡᠶ᠃ ︵ᠲᠦᠷᠦᠭᠦᠯᠡᠬᠦ ᠨᠢᠭᠡᠴᠡ᠄ ᠬᠤᠰᠢᠭᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠬᠠᠮ | ᠵᠠᠭᠤᠴᠢᠯᠠᠭᠤᠷ ᠤᠨ ᠲᠥᠪ᠂ ᠬᠠᠷᠢᠭᠤᠴᠠᠯᠭᠠᠲᠤ ᠨᠢᠭᠡᠴᠡ᠄ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠤᠰᠬᠠᠶ ᠵᠣᠶᠢᠯ ᠤᠨ ᠪᠠᠯᠠ ᠮᠥᠩᠭᠦ ᠪᠠᠷ ᠲᠡᠳᠬᠦᠬᠦ᠂ ᠡᠷᠬᠡ ᠣᠯᠭᠤᠵᠤ ᠨᠠᠶᠢᠳᠠᠬᠤ᠂ ᠦᠢᠯᠡᠴᠢᠯᠡᠭᠡ ᠬᠤᠳᠠᠯᠳᠤᠨ | ᠠᠪᠬᠤ᠂ ᠲᠥᠬᠦᠭᠡᠷᠦᠮᠵᠢ ᠬᠠᠩᠭᠠᠬᠤ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠭᠠᠭᠴᠠ ᠵᠣᠶᠢᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠠᠵᠢᠯ ᠲᠥᠷᠥᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠬᠥᠮᠦᠰ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠡᠶ᠎ᠡ ᠴᠢᠭᠢᠷᠠᠭᠵᠢᠭᠤᠯᠬᠤ ᠺᠯᠦ᠋ᠪ ᠵᠡᠷᠭᠡ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠪᠤᠶᠢᠵᠢᠭᠤᠯᠬᠤ ᠪᠠ ᠲᠡᠳᠬᠦᠵᠦ᠂ | ᠲᠡᠳᠡᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠭᠥᠯᠢᠶᠡᠨ ᠠᠪᠬᠤ ᠴᠢᠳᠠᠪᠤᠷᠢ ᠪᠠ ᠶᠠᠰᠤ ᠴᠢᠨᠠᠷ ᠢ | ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠣᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠲᠷ︾ | ᠢ ᠨᠡᠪᠲᠡᠷᠡᠭᠦᠯᠦᠨ᠎ᠡ᠃ | ︵ᠬᠤᠶᠠᠷ︶ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠨ᠎ᠠ᠃ | ︽ᠡᠮᠴᠢᠯᠡᠭᠡᠨ ᠤ ᠬᠤᠯᠪᠣᠭᠠᠲᠤ ᠴᠣᠭᠴᠠ︾ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠳᠠᠪᠠᠭᠤᠯᠢᠭ ᠢ | ᠪᠠᠳᠠᠷᠠᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶ᠎ᠠ ᠪᠠᠷ ᠵᠢᠯᠣᠭᠤᠳᠣᠯᠭ᠎ᠠ ᠪᠣᠯᠭᠠᠨ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠠᠷ ᠲᠦᠰᠢᠭ ᠪᠣᠯᠭᠠᠵᠤ᠂ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ ᠪᠠ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ ᠲᠥᠪ ᠪᠠᠶᠢᠭᠤᠯᠬᠤ ᠶᠢ ᠰᠦᠪᠡᠭᠴᠢᠯᠡᠨ᠂ ᠠᠷᠠᠳ | ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠨᠡᠶᠢᠭᠡᠮ | ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ ᠳᠤ ᠣᠷᠣᠬᠤ ᠶᠢ ᠥᠷᠨᠢᠭᠦᠯᠦᠨ᠎ᠡ ᠂ ᠰᠤᠷᠭᠠᠭᠤᠯᠢ ᠪᠠᠶᠢᠭᠤᠯᠬᠤ | ᠪᠠ ᠠᠵᠤ ᠠᠬᠤᠶᠢᠯᠠᠯ ᠳᠤ ᠣᠴᠢᠵᠤ ᠠᠵᠢᠯᠯᠠᠭ᠎ᠠ ᠬᠢᠬᠦ ᠬᠡᠷᠡᠭᠲᠡᠶ᠃ ᠠᠵᠤ ᠠᠬᠤᠶ ᠨᠡᠶᠢᠭᠡᠮ ᠤᠨ ᠬᠥᠭᠵᠢᠯᠲᠡ᠂ | ᠬᠤᠲᠠ ᠪᠠᠯᠭᠠᠰᠤᠵᠢᠯᠲᠠ ᠶᠢᠨ ᠠᠬᠢᠴᠠ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠬᠤ ︵PPP︶ ᠶᠢᠨ ᠵᠠᠭᠪᠤᠷ ᠢ | ᠢᠳᠡᠪᠬᠢᠲᠡᠶ ᠪᠠᠷ ᠳᠡᠯᠭᠡᠷᠡᠭᠦᠯᠵᠦ᠂ ᠨᠡᠶᠢᠭᠡᠮ ᠤᠨ ᠬᠦᠴᠦᠨ ᠤ ᠵᠢᠵᠢᠭ ᠬᠡᠯᠪᠡᠷᠢ ᠶᠢᠨ ᠣᠯᠠᠨ ᠶᠠᠩᠵᠤ ᠶᠢᠨ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠪᠠᠶᠢᠭᠤᠯᠬᠤ ᠶᠢ ᠵᠣᠷᠢᠭᠵᠢᠭᠤᠯᠤᠨ᠎ᠠ᠃ ᠭᠠᠯᠲᠤ | ᠠᠭᠤᠯᠠ ᠶᠢᠨ ᠲᠠᠯ᠎ᠠ ᠨᠤᠲᠤᠭ ᠤᠨ ᠣᠷᠣᠨ ᠪᠦᠰᠡ ᠳᠤ ᠪᠡᠶ᠎ᠡ ᠶᠢᠨ ᠲᠠᠮᠢᠷ ᠤᠨ ᠲᠥᠷᠥᠯ ᠵᠣᠶᠢᠯ ᠳᠤ ᠠᠭᠤᠰᠬᠠᠵᠤ᠂ | ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠤᠨ᠎ᠠ᠄ ᠬᠡᠷ ᠤᠨ | ᠭᠠᠳᠠᠨᠠᠬᠢ ᠬᠤᠸᠠᠷᠠᠨ ᠤ ᠴᠢᠳᠠᠮᠵᠢ ᠶᠢ ᠥᠷᠭᠡᠳᠬᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠬᠤᠸᠠᠷᠠᠨ ᠤ | ᠪᠠᠶᠢᠭᠠᠯᠢ ᠬᠥᠮᠦᠨ ᠰᠣᠶᠣᠯ ᠤᠨ ᠡᠬᠢ ᠪᠠᠶᠠᠯᠢᠭ ᠢ ᠶᠡᠷᠦᠩᠬᠡᠶᠢᠯᠡᠵᠦ᠂ ᠨᠣᠭᠤᠭᠠᠨ ᠵᠠᠮ᠂ ᠳᠤᠭᠤᠶ ᠲᠡᠷᠭᠡᠨ ᠤ ᠵᠠᠮ ᠤᠨ | ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠦᠢᠯᠡᠴᠢᠯᠡᠭᠡᠨ ᠤ ᠶᠡᠷᠦᠩᠬᠡᠶᠢᠯᠡᠭᠰᠡᠨ | ᠴᠣᠭᠴᠠ ᠶᠢ ᠪᠥᠲᠥᠭᠡᠨ ᠪᠠᠶᠢᠭᠤᠯᠤᠨ᠎ᠠ᠃ | ︵ᠭᠤᠷᠪᠠ︶ ᠡᠯ᠎ᠡ ᠲᠥᠷᠥᠯ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠭᠠᠷ ᠲᠦᠷᠦᠭᠦ ᠶᠢ | ᠴᠢᠩᠭᠠᠷᠠᠭᠤᠯᠤᠨ᠎ᠠ᠃ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠠᠵᠢᠯ ᠮᠡᠷᠭᠡᠵᠢᠯ ᠤᠨ ᠬᠥᠮᠦᠰ᠂ ᠵᠡᠮᠳᠡᠭᠴᠦᠳ | ᠵᠡᠷᠭᠡ ᠬᠠᠮᠲᠤᠯᠢᠭ ᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠢᠶᠠᠷᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠠᠯᠠᠭᠤᠴᠤᠳ ᠪᠠᠭᠠᠴᠤᠳ ᠤᠨ | ᠡᠷᠡᠭᠦᠯ ᠮᠡᠨᠳᠦ ᠶᠢᠨ ᠬᠥᠮᠦᠵᠢᠯ ᠪᠠ ᠬᠡᠪ ᠴᠢᠨᠠᠷ ᠤᠨ ᠬᠥᠮᠦᠵᠢᠯ ᠳᠤ ᠣᠷᠣᠭᠤᠯᠵᠤ᠂ ᠵᠠᠯᠠᠭᠤᠴᠤᠳ ᠪᠠᠭᠠᠴᠤᠳ ᠤᠨ | ︽ᠨᠠᠰᠤᠨ ᠲᠤᠷᠰᠢᠳᠠ ᠶᠢᠨ ᠪᠡᠶ᠎ᠡ ᠶᠢᠨ ᠲᠠᠮᠢᠷ︾ ᠤᠨ ᠠᠵᠢᠯ ᠮᠡᠷᠭᠡᠵᠢᠯ ᠤᠨ ᠬᠥᠮᠦᠰ ᠤᠨ ᠪᠡᠶ᠎ᠡ ᠴᠢᠭᠢᠷᠠᠭᠵᠢᠭᠤᠯᠬᠤ | ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠮᠦᠰ ᠤᠨ ᠡᠷᠡᠭᠦᠯ | ᠮᠡᠨᠳᠦ ᠶᠢᠨ ᠡᠷᠬᠡ ᠠᠰᠢᠭ ᠢ ᠦᠨᠡᠨᠬᠦ ᠨᠠᠶᠢᠳᠠᠪᠤᠷᠢᠵᠢᠭᠤᠯᠤᠨ᠂ ᠠᠵᠢᠯ ᠤᠨ ᠳᠤᠮᠳᠠᠬᠢ ᠪᠡᠶ᠎ᠡ ᠴᠢᠭᠢᠷᠠᠭᠵᠢᠭᠤᠯᠬᠤ | ᠲᠦᠷᠢᠮ ᠢ ᠬᠡᠷᠡᠭᠵᠢᠭᠦᠯᠵᠦ᠂ ᠠᠮᠢᠳᠤᠯᠢᠭ ᠪᠥᠭᠡᠳ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ | ᠦᠢᠯᠡᠴᠢᠯᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ︽ᠠᠵᠢᠯᠯᠠᠵᠤ ᠪᠠᠶᠢᠭ᠎ᠠ ᠬᠥᠮᠦᠰ︾ ᠤᠨ ᠣᠶᠢᠷ᠎ᠠ | ᠬᠠᠪᠢ ᠳᠠᠭᠠᠨ ᠳᠠᠷᠤᠶ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ ᠠᠬᠢᠭᠤᠯᠤᠨ᠎ᠠ᠃ | ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠢ | ᠴᠢᠩᠭᠠᠳᠬᠠᠵᠤ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠲᠤᠯᠠᠭ᠎ᠠ ᠶᠢᠨ ︽ᠵᠡᠮᠳᠡᠭᠴᠦᠳ ᠢ ᠲᠤᠰᠠᠯᠠᠵᠤ ᠪᠡᠶ᠎ᠡ ᠴᠢᠭᠢᠷᠠᠭᠵᠢᠭᠤᠯᠬᠤ ᠢᠨᠵᠧᠨᠧᠷᠢᠩ︾ ᠢ ᠢᠳᠡᠪᠬᠢᠲᠡᠶ ᠪᠠᠷ | ᠲᠥᠯᠬᠢᠨ ᠠᠬᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠣᠯᠤᠨ ᠪᠡᠶ᠎ᠡ ᠴᠢᠭᠢᠷᠠᠭᠵᠢᠭᠤᠯᠬᠤ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ | ︵ᠳᠥᠷᠪᠡ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠤᠷᠮᠠᠰᠢᠭᠤᠯᠬᠤ ᠲᠣᠭᠲᠠᠴᠠ ᠳᠤ ᠰᠢᠨ᠎ᠡ ᠶᠢ | ᠡᠭᠦᠳᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ | ᠠᠭᠤᠰᠤᠯᠴᠠᠭᠤᠯᠤᠨ ᠤᠷᠮᠠᠰᠢᠭᠤᠯᠬᠤ ᠠᠷᠭ᠎ᠠ ᠶᠢ ᠲᠣᠭᠲᠠᠭᠠᠵᠤ᠂ ᠢᠯᠡᠳᠲᠡ ᠠᠮᠵᠢᠯᠲᠠ ᠪᠦᠲᠦᠮᠵᠢ ᠲᠠᠢ ᠨᠢᠭᠡᠴᠡ ᠪᠠ | ᠬᠤᠪᠢ ᠬᠥᠮᠦᠨ ᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠡ ᠪᠠ ᠲᠡᠷᠢᠭᠦᠨ ᠤ ᠬᠤᠪᠢ | ᠬᠥᠮᠦᠨ ᠤ ᠬᠤᠪᠢ ᠪᠠᠷ ᠬᠥᠬᠢᠭᠦᠯᠦᠨ ᠰᠠᠶᠢᠰᠢᠶᠠᠨ᠎ᠠ᠃ | ︵ᠲᠠᠪᠤ︶ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠬᠢᠨᠠᠨ ᠬᠡᠮᠵᠢᠬᠦ ᠰᠢᠰᠲ᠋ᠧᠮᠵᠢ ᠶᠢ | ᠪᠦᠷᠢᠨᠰᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ | ᠪᠠ ᠡᠷᠡᠭᠦᠯ ᠮᠡᠨᠳᠦ ᠶᠢᠨ ᠡᠮᠴᠢᠯᠡᠭᠡᠨ ᠤ ᠲᠣᠮᠣ ᠳ᠋ᠠᠶᠢᠲ᠋ᠠ ᠶᠢᠨ ᠲᠠᠪᠴᠠᠩ ᠢ ᠭᠦᠢᠴᠡᠳ ᠠᠰᠢᠭᠯᠠᠨ᠂ ᠠᠷᠠᠳ | ᠢᠷᠭᠡᠳ ᠤᠨ ᠬᠤᠪᠢ ᠬᠥᠮᠦᠨ ᠤ ᠡᠷᠡᠭᠦᠯ ᠮᠡᠨᠳᠦ ᠶᠢᠨ ᠲᠤᠭ᠎ᠠ ᠪᠠᠷᠢᠮᠲᠠ ᠵᠡᠷᠭᠡ ᠬᠡᠰᠡᠭ ᠤᠨ ᠮᠡᠳᠡᠭᠡ ᠵᠠᠩᠭᠢ ᠶᠢ | ᠨᠡᠮᠡᠭᠳᠡᠭᠦᠯᠵᠦ᠂ ᠬᠤᠪᠢ ᠬᠥᠮᠦᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠮᠣ | ᠳ᠋ᠠᠶᠢᠲ᠋ᠠ ᠶᠢ ᠪᠠᠶᠢᠭᠤᠯᠤᠨ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠶᠢᠨ ᠬᠥᠳᠡᠯᠭᠡᠭᠡᠨ ᠤ ᠵᠣᠷ ᠢ ᠬᠡᠷᠡᠭᠯᠡᠬᠦ ᠪᠠ | ᠳᠡᠯᠭᠡᠷᠡᠭᠦᠯᠬᠦ ᠳᠤ ᠨᠠᠷᠢᠯᠢᠭ ᠣᠨᠣᠴᠠᠲᠠᠶ ᠰᠢᠨᠵᠢᠯᠡᠬᠦ ᠤᠬᠠᠭᠠᠨᠴᠢ ᠲᠣᠮᠣ ᠳ᠋ᠠᠶᠢᠲ᠋ᠠ ᠶᠢᠨ ᠵᠠᠳᠠᠯᠤᠨ ᠲᠥᠰᠦᠭᠡᠯᠡᠬᠦ | ᠰᠠᠯᠠᠭ᠎ᠠ ᠬᠠᠩᠭᠠᠨ᠎ᠠ᠃ ᠰᠤᠮᠤ ᠰᠢᠶᠠᠩ ᠪᠠᠯᠭᠠᠰᠤ ᠳᠤ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠲᠥᠪ | ᠪᠠ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ ᠥᠷᠲᠡᠭᠡ ᠪᠠᠶᠢᠭᠤᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠳᠦᠷ ᠲᠤᠲᠤᠮ ᠤᠨ ᠪᠡᠶ᠎ᠡ ᠮᠠᠬᠠᠪᠣᠳ ᠢ ᠬᠡᠮᠵᠢᠨ ᠲᠣᠭᠲᠠᠭᠠᠬᠤ᠂ | ᠬᠥᠳᠡᠯᠭᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ᠂ ᠪᠡᠶ᠎ᠡ ᠮᠠᠬᠠᠪᠣᠳ ᠤᠨ ᠬᠡᠪ ᠴᠢᠨᠠᠷ ᠢ ᠦᠨᠡᠯᠡᠨ ᠵᠢᠱᠢᠬᠦ ᠶᠢ | ᠥᠷᠨᠢᠭᠦᠯᠵᠦ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ᠂ ︽ᠬᠥᠳᠡᠯᠭᠡᠭᠡᠨ ᠤ ᠵᠣᠷ︾ ᠭᠠᠷᠭᠠᠵᠤ᠂ | ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠬᠠᠩᠭᠠᠨ᠎ᠠ᠃ ᠪᠡᠶ᠎ᠡ ᠶᠢᠨ ᠲᠠᠮᠢᠷ ᠤᠨ ᠲᠤᠰᠬᠠᠶ | ᠮᠡᠷᠭᠡᠵᠢᠯ ᠤᠨ ᠠᠵᠢᠯᠲᠠᠨ᠂ ᠪᠡᠶ᠎ᠡ ᠶᠢᠨ ᠲᠠᠮᠢᠷ ᠤᠨ ᠭᠤᠤᠯᠯᠠᠭᠴᠢ ᠬᠦᠴᠦᠨ ᠪᠠ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠣᠭᠴᠢ ᠶᠢ ᠶᠡᠬᠡᠪᠡᠷ ᠪᠣᠯᠪᠠᠰᠤᠷᠠᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠢᠯᠭᠠᠨ | ᠪᠠᠶᠢᠴᠠᠭᠠᠬᠤ ᠡᠩᠨᠡᠭᠡ ᠶᠢ ᠪᠠᠶᠢᠭᠤᠯᠤᠨ᠂ ︽ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾ ᠶᠢᠨ | ᠪᠠᠷᠢᠮᠵᠢᠶ᠎ᠠ ᠳᠤ ᠬᠦᠷᠦᠭᠦᠯᠦᠨ ᠰᠢᠯᠭᠠᠨ ᠬᠡᠮᠵᠢᠬᠦ ᠶᠢ ᠥᠷᠨᠢᠭᠦᠯᠬᠦ ᠶᠢᠨ ᠬᠠᠮᠲᠤ ᠪᠠᠷᠢᠮᠵᠢᠶ᠎ᠠ ᠳᠤ ᠬᠦᠷᠦᠭᠦᠯᠦᠭᠰᠡᠨ | ᠦᠨᠡᠮᠯᠡᠯ᠂ ᠦᠨᠡᠮᠯᠡᠯ ᠲᠠᠮᠠᠭ᠎ᠠ ᠣᠯᠭᠤᠵᠤ᠂ ᠨᠠᠩ ᠣᠯᠠᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠪᠡᠶ᠎ᠡ ᠶᠢᠨ ᠲᠠᠮᠢᠷ ᠤᠨ ᠪᠡᠶ᠎ᠡ ᠨᠥᠬᠦᠴᠡᠯ ᠲᠠᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠤ ᠪᠡᠶ᠎ᠡ ᠮᠠᠬᠠᠪᠣᠳ ᠢ | ᠬᠡᠮᠵᠢᠨ ᠲᠣᠭᠲᠠᠭᠠᠬᠤ ᠪᠠ ᠬᠥᠳᠡᠯᠭᠡᠭᠡᠨ ᠬᠢᠵᠦ ᠡᠷᠡᠭᠦᠯᠵᠢᠭᠦᠯᠬᠦ ᠵᠡᠷᠭᠡ ᠡᠵᠡᠩᠨᠡᠯᠲᠡ ᠶᠢᠨ ᠪᠣᠳᠠᠲᠤ ᠴᠣᠭᠴᠠ | ᠡᠷᠭᠢᠯᠡᠬᠦ ᠶᠢ ᠵᠣᠷᠢᠭᠵᠢᠭᠤᠯᠵᠤ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠲᠤᠷᠰᠢᠯᠲᠠ᠂ ᠪᠡᠶ᠎ᠡ ᠴᠢᠭᠢᠷᠠᠭᠵᠢᠭᠤᠯᠬᠤ | ᠡᠷᠡᠭᠦᠯ ᠮᠡᠨᠳᠦ ᠶᠢᠨ ᠯᠠᠪᠯᠠᠭ᠎ᠠ ᠵᠡᠷᠭᠡ ᠦᠢᠯᠡᠴᠢᠯᠡᠭᠡᠨ ᠢ ᠥᠷᠨᠢᠭᠦᠯᠦᠨ᠎ᠡ᠃ | ︵ᠵᠢᠷᠭᠤᠭ᠎ᠠ︶ ᠪᠡᠶ᠎ᠡ ᠴᠢᠭᠢᠷᠠᠭᠵᠢᠭᠤᠯᠬᠤ ᠡᠷᠡᠭᠦᠯ ᠴᠢᠭᠢᠷᠠᠭ ᠪᠣᠯᠪᠠᠰᠤᠨ ᠰᠢᠨ᠎ᠡ ᠰᠤᠷᠲᠠᠯ ᠢ ᠬᠥᠲᠥᠯᠦᠨ | ᠵᠢᠯᠣᠭᠤᠳᠤᠨ᠎ᠠ᠃ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠰᠣᠶᠣᠯ ᠢ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠰᠣᠶᠣᠯ᠂ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠪᠠᠳᠠᠷᠠᠭᠤᠯᠬᠤ ᠵᠢᠴᠢ | ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠯᠦᠭᠡ ᠬᠠᠷᠢᠯᠴᠠᠨ ᠤᠶᠠᠯᠳᠤᠭᠤᠯᠵᠤ᠂ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠣᠯᠭ᠎ᠠ᠂ ᠪᠡᠶ᠎ᠡ ᠮᠠᠬᠠᠪᠣᠳ ᠤᠨ ᠪᠣᠯᠪᠠᠰᠤᠷᠠᠯ᠂ ᠪᠡᠶ᠎ᠡ ᠰᠤᠪᠢᠯᠠᠯᠲᠠ ᠡᠷᠡᠭᠦᠯᠵᠢᠯ᠂ | ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠨ ᠤᠯᠬᠤ ᠥᠬᠡᠶ᠂ | ᠡᠪᠡᠳᠴᠢᠨ ᠴᠥᠭᠡᠨ ᠤᠯᠬᠤ᠂ ᠣᠷᠣᠶ ᠡᠪᠡᠳᠴᠢᠨ ᠤᠯᠬᠤ ᠴᠢᠭᠯᠡᠯ ᠢᠶᠠᠷ ᠴᠢᠷᠮᠠᠶᠢᠨ᠎ᠠ᠃ ᠲᠤᠰᠬᠠᠶ ᠮᠡᠷᠭᠡᠵᠢᠯᠲᠡᠨ ᠤ | ᠳᠤᠭᠤᠶᠢᠯᠠᠩ ᠢ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠰᠠᠭᠤᠷᠢ ᠰᠤᠳᠤᠯᠭᠠᠨ ᠤ ᠠᠵᠢᠯ ᠢ | ᠴᠢᠩᠭᠠᠳᠬᠠᠨ᠂ ᠪᠡᠶ᠎ᠡ ᠴᠢᠭᠢᠷᠠᠭᠵᠢᠭᠤᠯᠬᠤ ᠶᠢᠨ ᠡᠷᠡᠭᠦᠯ ᠮᠡᠨᠳᠦ ᠶᠢᠨ ᠠᠭᠤᠰᠤᠯᠴᠠᠯ ᠢ ᠠᠬᠢᠭᠤᠯᠬᠤ ᠳᠤ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠬᠠᠩᠭᠠᠨ᠎ᠠ᠃ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠬᠦ | ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠪᠣᠯᠪᠠᠰᠤᠨ ᠬᠤᠲᠠ ᠪᠠᠯᠭᠠᠰᠤ ᠪᠠ ᠡᠷᠡᠭᠦᠯ ᠬᠠᠮᠠᠭᠠᠯᠠᠯ | ᠡᠷᠡᠭᠦᠯ ᠡᠩᠬᠡ ᠬᠤᠲᠠ ᠪᠠᠯᠭᠠᠰᠤ ᠵᠢᠴᠢ ᠪᠡᠶ᠎ᠡ ᠶᠢᠨ ᠲᠠᠮᠢᠷ ᠰᠡᠯᠡᠭᠦᠴᠡᠯ ᠤᠨ ᠤᠨᠴᠠᠯᠢᠭᠳᠤ ᠵᠢᠵᠢᠭ ᠪᠠᠯᠭᠠᠰᠤ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠡᠭᠦᠳᠦᠨ | ᠪᠠᠶᠢᠭᠤᠯᠬᠤ ᠯᠤᠭ᠎ᠠ ᠬᠠᠷᠢᠯᠴᠠᠨ ᠤᠶᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ᠳᠤ ᠨᠥᠯᠥᠭᠡᠯᠡᠬᠦ ᠬᠦᠴᠦᠨ ᠲᠠᠢ | ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ᠂ ᠲᠣᠰ ᠲᠣᠰ ᠤᠨ | ᠣᠨᠴᠠᠯᠢᠭ ᠲᠠᠢ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ ᠡᠷᠡᠭᠦᠯ ᠴᠢᠭᠢᠷᠠᠭ ᠠᠮᠢᠳᠤᠷᠠᠯ ᠢ ᠬᠥᠭᠡᠭᠡᠴᠡᠯᠳᠦᠬᠦ ᠨᠡᠶᠢᠭᠡᠮ ᠤᠨ ᠰᠢᠨ᠎ᠡ ᠬᠡᠪ | ᠰᠤᠷᠲᠠᠯ ᠢ ᠬᠥᠲᠥᠯᠦᠨ ᠳᠠᠭᠠᠭᠤᠯᠵᠤ ᠪᠣᠶ ᠪᠣᠯᠭᠠᠨ᠎ᠠ᠃ | ᠵᠢᠷᠭᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ | ᠭᠦᠨᠵᠡᠭᠡᠶ ᠠᠭᠤᠰᠤᠯᠴᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠠᠭᠤᠰᠤᠯᠴᠠᠭᠤᠯᠬᠤ ᠠᠵᠢᠯ ᠤᠨ ︽ᠭᠤᠷᠪᠠ ᠶᠢ ᠣᠷᠣᠭᠤᠯᠬᠤ︾ ᠲᠦᠷᠢᠮ ︵ᠵᠠᠰᠠᠭ ᠤᠨ | ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠣᠶᠢᠯ ᠳᠤ ᠣᠷᠣᠭᠤᠯᠬᠤ᠂ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠣᠷᠣᠭᠤᠯᠬᠤ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠬᠠᠷᠠᠯᠲᠠ ᠳᠤ ᠣᠷᠣᠭᠤᠯᠬᠤ︶ ᠢ ᠬᠡᠷᠡᠭᠵᠢᠭᠦᠯᠬᠦ ᠬᠡᠷᠡᠭᠲᠡᠶ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠥᠬᠦ ᠬᠤᠰᠢᠭᠤᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠤᠨ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ ᠬᠤᠰᠢᠭᠤᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠤᠨ ᠠᠵᠢᠯ ᠢ ᠨᠢᠭᠡᠳᠦᠯᠲᠡᠶ | ᠲᠥᠯᠥᠪᠯᠡᠨ ᠵᠢᠯᠣᠭᠤᠳᠴᠤ ᠳᠣᠭᠢᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠴᠤ ᠭᠡᠳ ᠵᠣᠬᠢᠬᠤ ᠠᠵᠢᠯ ᠤᠨ | ᠲᠦᠷᠢᠮ ᠢ ᠪᠠᠶᠢᠭᠤᠯᠵᠤ᠂ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠰᠤᠮᠤ | ᠰᠢᠶᠠᠩ ᠪᠠᠯᠭᠠᠰᠤ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠬᠤ ᠪᠣᠳᠠᠲᠠᠶ | ᠠᠵᠢᠯ ᠤᠨ ᠲᠥᠰᠦᠯ ᠢ ᠲᠣᠭᠲᠠᠭᠠᠵᠤ᠂ ᠬᠠᠷᠠᠯᠲᠠ ᠶᠢᠨ ᠡᠭᠦᠷᠭᠡ ᠶᠢ ᠵᠠᠳᠠᠯᠤᠨ ᠨᠠᠷᠢᠯᠢᠬᠵᠢᠭᠤᠯᠵᠤ᠂ | ᠬᠠᠷᠢᠭᠤᠴᠠᠯᠭᠠᠲᠤ ᠰᠠᠯᠠᠭ᠎ᠠ ᠮᠥᠴᠢᠷ ᠪᠠ ᠠᠵᠢᠯᠲᠠᠨ ᠢ ᠨᠠᠶᠢᠳᠠᠪᠤᠷᠢᠵᠢᠭᠤᠯᠤᠨ᠂ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠣᠬᠢᠶᠠᠨ ᠪᠠᠶᠢᠭᠤᠯᠤᠨ | ᠵᠣᠬᠢᠴᠠᠭᠤᠯᠬᠤ ᠦᠢᠯᠡᠳᠣᠯ ᠢᠶᠠᠨ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ | ᠠᠷᠠᠳ ᠤᠨ ᠡᠷᠡᠭᠦᠯ ᠮᠡᠨᠳᠦ ᠶᠢᠨ ᠭᠦᠨ ᠠᠭᠤᠰᠤᠯᠴᠠᠯ ᠢ ᠠᠬᠢᠭᠤᠯᠬᠤ ᠶᠠᠪᠤᠴᠠ ᠳᠤ ᠲᠣᠬᠢᠶᠠᠯᠳᠤᠭᠰᠠᠨ ᠴᠢᠬᠤᠯᠠ | ᠶᠡᠭᠡ ᠠᠰᠠᠭᠤᠳᠠᠯ ᠢ ᠰᠠᠶᠢᠲᠤᠷ ᠰᠢᠢᠳᠪᠣᠷᠢᠯᠡᠬᠦ ᠬᠡᠷᠡᠭᠲᠡᠶ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ ᠢ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠪᠠ ᠣᠨ ᠤ ᠬᠡᠷᠡᠭᠯᠡᠬᠦ ᠭᠠᠵᠠᠷ ᠤᠨ ᠲᠥᠯᠥᠪᠯᠡᠭᠡ ᠳᠤ ᠣᠷᠣᠭᠤᠯᠵᠤ᠂ ᠭᠠᠵᠠᠷ ᠰᠢᠷᠣᠶ | ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠣᠬᠢᠰᠲᠠᠶ ᠲᠣᠬᠢᠷᠠᠭᠤᠯᠵᠤ᠂ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ | ᠪᠠᠶᠠᠯᠢᠭ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠲᠥᠷᠥᠯ ᠵᠣᠶᠢᠯ ᠢ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠳᠤ ᠠᠭᠤᠰᠬᠠᠨ ᠣᠷᠣᠭᠤᠯᠤᠨ᠎ᠠ᠃ ᠪᠦᠷᠢᠨ ᠲᠡᠭᠦᠯᠳᠡᠷ ᠴᠢᠳᠠᠮᠵᠢ ᠲᠠᠢ | ᠶᠡᠷᠦᠩᠬᠡᠶᠢᠯᠡᠭᠰᠡᠨ ᠴᠢᠨᠠᠷᠲᠠᠶ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠴᠢᠶᠠᠯᠠᠪᠤᠷᠢ ᠶᠢ | ᠪᠠᠶᠢᠭᠤᠯᠵᠤ᠂ ᠠᠬᠢᠭᠤᠯᠬᠤ᠂ ᠨᠠᠰᠤᠵᠢᠯ ᠤᠨ ᠦᠢᠯᠡᠴᠢᠯᠡᠭᠡᠨ ᠳᠠᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ | ᠦᠢᠯᠡᠳᠣᠯ ᠢ ᠭᠦᠢᠴᠡᠳ ᠪᠠᠳᠠᠷᠠᠭᠤᠯᠤᠨ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠬᠠᠮᠲᠤᠪᠠᠷ | ᠠᠬᠢᠭᠤᠯᠵᠤ ᠠᠭᠤᠰᠤᠯᠴᠠᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ | ︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠳᠠᠯᠠᠨ᠎ᠠ᠃ ᠬᠤᠰᠢᠭᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠡᠯ᠎ᠡ | ᠵᠣᠶᠢᠯ ᠤᠨ ᠠᠵᠢᠯ ᠤᠨ ᠠᠬᠢᠴᠠ ᠶᠢᠨ ᠪᠠᠶᠢᠳᠠᠯ ᠳᠤ ᠬᠢᠨᠠᠨ ᠬᠡᠮᠵᠢᠯᠲᠡ ᠵᠠᠳᠠᠯᠤᠯᠲᠠ ᠬᠢᠵᠦ᠂ ᠠᠵᠢᠯ ᠤᠨ ᠳᠤᠮᠳᠠᠬᠢ | ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠣᠷᠢᠯᠡᠵᠦ᠂ ᠰᠠᠶᠢᠨ ᠠᠷᠭ᠎ᠠ᠂ ᠰᠠᠶᠢᠨ | ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠬᠦ ᠶᠢᠨ ᠬᠠᠮᠲᠤ ᠲᠣᠰ ᠲᠣᠰ 2025 ᠣᠨ ᠪᠠ 2030 ᠣᠨ ᠳᠤ | ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ | ᠬᠤᠭᠤᠴᠠᠭᠠᠨ ᠤ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ | ᠳᠠᠷᠠᠭ᠎ᠠ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ | ᠬᠤᠯᠪᠣᠭᠳᠠᠯ ᠪᠥᠬᠦᠶ ᠲᠠᠶᠢᠯᠤᠮᠵᠢ᠄ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠪᠥᠬᠦ ᠠᠷᠠᠳ ᠤᠨ | ᠡᠷᠡᠭᠦᠯ ᠮᠡᠨᠳᠦ ᠲᠠᠢ ᠭᠦᠨᠵᠡᠭᠡᠶ ᠠᠭᠤᠰᠤᠯᠴᠠᠭᠤᠯᠬᠤ ᠶᠢ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ ᠤᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠣᠷᠴᠢᠭᠤᠯᠣᠭᠴᠢ᠄ ᠰᠡᠴᠡᠩᠭᠤᠸ᠎ᠠ |