ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ‌ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/21
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ       ᠪᠠᠶᠢᠴᠠᠭᠠᠨ ᠰᠤᠳᠤᠯᠬᠤ ᠳᠤᠭᠤᠶᠢᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ       ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ   10 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠭᠤᠷᠪᠠᠳᠤᠭᠠᠷ ᠭᠠᠵᠠᠷ ᠤᠨ ᠳᠠᠷᠤᠭ᠎ᠠ ᠶᠠᠩ ᠼᠦᠨ ᠬᠦᠶ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ︽ᠵᠣᠬᠢᠶᠠᠨ ᠪᠠᠶᠢᠭᠤᠯᠬᠤ ᠠᠵᠢᠯ ᠢ ᠳᠡᠭᠡᠭᠰᠢᠯᠡᠭᠦᠯᠬᠦ ᠣᠨ︾ ᠪᠠ ︽ᠲᠠᠪᠤᠨ ᠲᠠᠯ᠎ᠠ ᠶᠢ ᠬᠠᠮᠵᠢᠯᠴᠠᠭᠤᠯᠤᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠶᠦᠩ ᠵᠥᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠹᠧᠨ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠶᠠᠩ ᠼᠦᠨ ᠬᠦᠢ ᠨᠡᠷ ᠤᠷᠢᠳ ᠬᠤᠵᠢᠳ ᠤᠯᠠᠭᠠᠨᠬᠠᠳᠠ ᠰᠤᠮᠤ ᠶᠢᠨ ᠴᠢᠶᠠᠨ ᠶᠢᠨ ᠲᠣᠰᠬᠤᠨ᠂  ᠪᠠᠶᠠᠨᠴᠠᠭᠠᠨ ᠪᠠᠯᠭᠠᠰᠤᠨ ᠤ ᠳ᠋ᠠ ᠵᠢᠩ ᠲᠣᠰᠬᠤᠨ᠂ ᠪᠠᠶᠠᠨ ᠨᠡᠶᠢᠭᠡᠮ ᠲᠣᠭᠤᠷᠢᠭ᠂ ᠬᠤᠸᠠ ᠱᠧᠩ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠢᠴᠢ ᠨᠡᠶᠢᠭᠡᠮ ᠲᠣᠭᠤᠷᠢᠭ ᠤᠨ ᠪᠠᠶᠢᠭᠠᠯᠢ ᠶᠢᠨ ᠪᠠᠶᠢᠳᠠᠯ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠠᠬᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠪᠦᠲᠦᠮᠵᠢᠲᠡᠢ ᠵᠣᠯᠭᠠᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃
   ᠶᠠᠩ ᠼᠦᠨ ᠬᠦᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠵᠠᠶ᠃ ᠲᠡᠷᠡ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠦᠳᠦᠯᠦᠨ ᠳᠠᠭᠠᠭᠤᠯᠵᠤ᠂ ᠦᠨᠳᠦᠰᠦᠨ ᠱᠠᠲᠤᠨ ᠤ ᠠᠵᠤ ᠦᠢᠯᠡᠰ ᠤᠨ ᠬᠢᠯᠬᠢᠶ᠎ᠡ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠨᠠᠮ ᠤᠨ ᠭᠡᠰᠢᠭᠦᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠣᠣᠷᠵᠢᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠪᠣᠯᠪᠠᠰᠤᠨ ᠤ ᠦᠢᠯᠡᠳᠦᠯᠭᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠥᠷᠭᠡᠨ ᠳᠡᠯᠭᠡᠷᠡᠩᠭᠦᠢ ᠥᠷᠨᠢᠭᠦᠯᠵᠦ᠂ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠳᠠᠯ ᠢ ᠬᠦᠴᠦᠯᠡᠨ ᠪᠤᠢ ᠪᠣᠯᠭᠠᠬᠤ ᠬᠡᠷᠡᠭᠲᠡᠢ᠃                                                           ᠵᠣᠬᠢᠶᠠᠭᠴᠢ᠄ ᠴᠢ ᠷᠦᠢ ᠶᠢᠨ                                                           ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号