ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠪᠠ | | 10 ᠰᠠᠷ᠎ᠠ ᠶᠢᠨ 20 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠢ ᠠᠬᠢᠭᠤᠯᠬᠤ | ᠬᠤᠷᠠᠯ ᠬᠢᠪᠠ᠃ ᠬᠤᠲᠠ ᠶᠢᠨ ᠨᠠᠮᠤᠨ ᠬᠤᠷᠢᠶ᠎ᠠ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | ᠲᠣᠮᠢᠯᠠᠨ ᠰᠠᠭᠤᠯᠭᠠᠭᠰᠠᠨ ᠲᠠᠪᠤᠳᠤᠭᠠᠷ ᠬᠤᠭᠤᠴᠠᠭᠠᠨ ᠤ ᠬᠤᠭᠤᠴᠠᠭ᠎ᠠ ᠰᠣᠯᠢᠬᠤ ᠶᠢᠨ ᠵᠢᠭᠠᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᠲᠡᠮᠦᠷ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠸᠠᠩ ᠵᠢᠶ ᠴᠧᠩ᠂ | ᠬᠤᠰᠢᠭᠤᠨ ᠤ ᠬᠤᠭᠤᠴᠠᠭ᠎ᠠ ᠰᠣᠯᠢᠬᠤ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠤᠨ ᠪᠦᠬᠦ ᠭᠡᠰᠢᠭᠦᠨ ᠪᠠ | ᠬᠤᠰᠢᠭᠤᠨ ᠤ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ | ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠡᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠹᠧᠨ ᠮᠢᠩ ᠬᠤᠷᠠᠯ ᠢ ᠡᠷᠭᠢᠯᠡᠪᠡ᠃ | | ᠬᠤᠷᠠᠯ ᠳᠡᠭᠡᠷ᠎ᠡ᠂ ᠸᠠᠩ ᠵᠢᠶ ᠴᠧᠩ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢᠨ ᠲᠠᠯ᠎ᠠ ᠪᠠᠷ ᠤᠯᠠᠮ | ᠨᠢᠭᠡ ᠠᠯᠬᠤᠮ ᠲᠣᠬᠢᠷᠠᠭᠤᠯᠤᠯᠲᠠ ᠬᠢᠵᠡᠶ᠃ | ᠲᠡᠮᠦᠷ᠂ ᠡᠯ᠎ᠡ ᠰᠤᠮᠤ ᠰᠢᠶᠠᠩ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ | ᠴᠢᠩᠭᠠᠳᠬᠠᠵᠤ᠂ ᠤᠯᠤᠰ ᠲᠦᠷᠦ ᠶᠢᠨ ᠤᠬᠠᠮᠰᠠᠷ ᠪᠣᠯᠤᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠨ | ᠳᠡᠭᠡᠭᠰᠢᠯᠡᠭᠦᠯᠵᠦ᠂ ᠭᠦᠢᠴᠡᠳᠬᠡᠬᠦ ᠲᠡᠰ ᠳᠠᠷᠠᠭᠠᠯᠠᠯᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠬᠤᠭᠤᠴᠠᠭ᠎ᠠ ᠰᠣᠯᠢᠬᠤ | ᠠᠵᠢᠯ ᠢ ᠰᠠᠶᠢᠲᠤᠷ ᠬᠢᠬᠦ ᠶᠢ ᠪᠠᠷᠢᠮᠲᠠᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠡ ᠶᠢᠨ | ᠱᠦᠵᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠵᠦ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠬᠢᠨᠠᠨ | ᠵᠢᠯᠣᠭᠤᠳᠬᠤ ᠳᠤᠭᠤᠶᠢᠯᠠᠩ ᠤᠨ ᠬᠢᠨ ᠪᠠᠶᠢᠴᠠᠭᠠᠯᠲᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠨ ᠬᠢᠨ ᠡᠯ᠎ᠡ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠦᠨᠡᠨᠬᠦ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠰᠡᠳᠬᠢᠯ ᠳᠡᠭᠡᠨ ᠪᠤᠳᠤᠬᠤ ᠬᠡᠷᠡᠭᠲᠡᠢ | ᠃ ᠵᠠᠷᠢᠮ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠳᠤ ᠡᠷᠲᠡ ᠠᠴᠠ ᠠᠳᠬᠤᠨ | ᠪᠠᠭ᠎ᠠ ᠳᠤᠨᠢ ᠠᠳᠬᠤᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠤᠯᠢ | ᠶᠣᠰᠣᠭᠠᠷ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠭᠤᠤ ᠹᠧᠨ ᠮᠢᠩ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠵᠦ᠂ ᠡᠯ᠎ᠡ | ᠭᠤᠭᠴᠤᠭ᠎ᠠ ᠶᠢᠨ ᠠᠵᠢᠯ ᠤᠨ ᠶᠠᠪᠤᠴᠠ ᠶᠢ ᠪᠣᠯᠪᠠᠰᠤᠷᠠᠩᠭᠤᠢ ᠡᠵᠡᠮᠰᠢᠵᠦ᠂ ᠬᠤᠭᠤᠴᠠᠭ᠎ᠠ ᠰᠣᠯᠢᠬᠤ ᠪᠠᠶᠢᠳᠠᠯ ᠢ | ᠡᠵᠡᠮᠰᠢᠵᠦ᠂ ᠳᠡᠭᠡᠳᠦ ᠱᠠᠲᠤᠨ ᠤ ᠪᠠᠶᠢᠳᠠᠯ ᠢ ᠳᠣᠷᠣᠭᠰᠢ ᠪᠠᠭᠤᠯᠭᠠᠬᠤ᠂ ᠳᠤᠤᠷᠠᠳᠤ ᠱᠠᠲᠤᠨ ᠤ ᠪᠠᠶᠢᠳᠠᠯ ᠢ | ᠳᠠᠮᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠥᠮᠦᠨ ᠰᠣᠩᠭᠤᠬᠤ ᠪᠠᠷᠢᠮᠵᠢᠶ᠎ᠠ ᠶᠢ ᠴᠢᠩᠭ᠎ᠠ ᠠᠳᠬᠤᠵᠤ᠂ | ᠪᠠᠶᠢᠴᠠᠭᠠᠬᠤ᠂ ᠰᠢᠪᠠᠳᠠᠬᠤ ᠪᠠ ᠵᠢᠯᠣᠭᠤᠳᠬᠤ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠪᠣᠭᠤᠮᠲᠠ᠂ ᠵᠢᠷᠤᠮ ᠤᠨ | ᠪᠣᠭᠤᠮᠲᠠ᠂ ᠲᠦᠷᠦ ᠶᠢᠨ ᠪᠤᠳᠤᠯᠭ᠎ᠠ ᠶᠢᠨ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠳᠤᠮᠳᠠ | ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠣᠷᠢᠯᠡᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ | ᠰᠢᠯᠤᠭᠤᠳᠬᠠᠵᠤ᠂ ᠬᠠᠤᠯᠢ ᠶᠣᠰᠣᠭᠠᠷ ᠠᠵᠢᠯᠯᠠᠬᠤ ᠶᠢ ᠢᠮᠠᠭᠲᠠ ᠪᠠᠷᠢᠮᠲᠠᠯᠠᠵᠤ᠂ ᠬᠠᠤᠯᠢ ᠴᠠᠭᠠᠵᠠ ᠶᠢ ᠴᠢᠳᠠᠮᠠᠭᠠᠶ | ᠬᠡᠷᠡᠭᠯᠡᠨ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠰᠢᠯᠢᠳᠡᠭ ᠲᠤᠷᠰᠢᠯᠭ᠎ᠠ ᠶᠢ | ᠰᠠᠶᠢᠲᠤᠷ ᠤᠬᠠᠭᠤᠯᠤᠨ ᠮᠡᠳᠡᠭᠡᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ | ᠵᠣᠬᠢᠴᠠᠭᠤᠯᠤᠨ ᠬᠠᠮᠵᠢᠯᠴᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠭᠦᠷᠭᠡ ᠶᠢ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠭᠦᠯᠬᠦ ᠬᠡᠷᠡᠭᠲᠡᠢ᠃ | ᠵᠣᠬᠢᠶᠠᠭᠴᠢ᠄ ᠯᠢ ᠰᠢᠤᠸᠠᠨ ᠮᠠᠨᠳᠡ | ᠣᠷᠴᠢᠭᠤᠯᠣᠭᠴᠢ᠄ ᠰᠡᠴᠡᠩᠭᠤᠸ᠎ᠠ |