ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2021/10/21
       ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ        ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ        ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠠᠩᠬ᠎ᠠ        ᠠᠯᠬᠤᠮ ᠤᠨ ᠦᠷ᠎ᠡ ᠪᠦᠲᠦᠮᠵᠢ ᠤᠯᠪᠠ   ᠡᠨᠡ ᠵᠢᠯ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ
ᠭᠤᠷᠪᠠᠳᠤᠭᠠᠷ ᠬᠤᠭᠤᠴᠠᠭᠠᠨ ᠤ ᠲᠥᠷᠥᠯ ᠵᠦᠶ᠋ᠯ ᠢ ᠬᠡᠷᠡᠭᠵᠢᠭᠦᠯᠪᠡ᠃
  ᠣᠶᠢᠯᠠᠭᠠᠭᠰᠠᠨ ᠢᠶᠠᠷ᠂ 2020 ᠣᠨ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠣᠶᠢᠯ ᠢ ᠬᠡᠷᠡᠭᠵᠢᠭᠦᠯᠵᠦ᠂ ᠪᠥᠬᠦ ᠬᠤᠰᠢᠭᠤᠨ ᠤ 21 ᠲᠣᠰᠬᠤᠨ ᠤ ᠬᠠᠮᠲᠤ ᠶᠢᠨ ᠠᠵᠤ ᠠᠬᠤᠶ ᠪᠠᠭᠤᠷᠠᠶ ᠶᠠᠳᠠᠭᠤ ᠬᠦᠴᠢᠷᠳᠡᠯᠲᠡᠶ ᠪᠤᠰᠤ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠮᠤᠷᠴᠤ᠂ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠢᠶᠠᠷ ᠪᠥᠬᠦ ᠬᠤᠰᠢᠭᠤᠨ ᠤ 87 ᠭᠠᠴᠠᠭ᠎ᠠ ᠲᠣᠰᠬᠤᠨ ᠤ ᠵᠠᠬ᠎ᠠ ᠬᠢᠵᠠᠭᠠᠷ ᠤᠨ ᠡᠷᠦᠬᠡ ᠪᠠ ᠬᠢᠨᠠᠨ ᠰᠢᠯᠭᠠᠬᠤ ᠡᠷᠦᠬᠡ ᠶᠢ ᠬᠠᠮᠤᠷᠴᠤ᠂ ᠬᠠᠮᠤᠷᠬᠤ ᠡᠲᠡᠭᠡᠳ ᠨᠢ ᠰᠠᠶᠢᠨ ᠳᠤᠷ᠎ᠠ ᠠᠴᠠ ᠪᠠᠨ ᠲᠦᠷᠢᠶᠡᠰᠦᠯᠡᠬᠦ ᠬᠡᠯᠪᠡᠷᠢ ᠪᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠦᠨ᠎ᠡ᠃ ᠬᠤᠶᠠᠷ ᠬᠤᠭᠤᠴᠠᠭᠠᠨ ᠤ ᠲᠦᠷᠦᠯ ᠵᠦᠢᠯ ᠤᠨ ᠬᠡᠷᠡᠭᠵᠢᠭᠦᠯᠦᠯᠲᠡ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠶᠢᠴᠢᠯᠠᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠬᠤ ᠦᠷ᠎ᠡ ᠪᠦᠲᠦᠮᠵᠢ ᠳᠤ ᠬᠦᠷᠴᠡᠢ᠃
   ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠨᠢ ᠭᠤᠤᠯᠳᠠᠭᠤ ︽ᠳᠥᠷᠪᠡᠨ ᠠᠰᠠᠭᠤᠳᠠᠯ︾ ᠢ ᠰᠢᠢᠳᠪᠣᠷᠢᠯᠡᠵᠦ᠂ ︽ᠣᠷᠣᠯᠭ᠎ᠠ ᠶᠢ ᠨᠡᠮᠡᠭᠳᠡᠭᠦᠯᠬᠦ ᠬᠤᠶᠠᠷ ᠢ ᠨᠡᠮᠡᠭᠳᠡᠭᠦᠯᠬᠦ︾ ᠶᠢ ᠳᠡᠭᠡᠭᠰᠢᠯᠡᠭᠦᠯᠦᠨ᠂ ︽ᠳᠥᠷᠪᠡᠨ ᠠᠰᠠᠭᠤᠳᠠᠯ︾ ᠢ ᠰᠢᠢᠳᠪᠣᠷᠢᠯᠡᠵᠦ᠂ ᠪᠥᠬᠦ ᠬᠤᠰᠢᠭᠤᠨ ᠤ ᠠᠯᠠᠰᠢᠨ ᠦᠬᠡᠷ ᠤᠨ ᠡᠭᠦᠯᠳᠡᠷ ᠤᠨ ᠲᠠᠰ ᠳᠡᠪᠰᠢᠵᠦ ᠦᠶ᠎ᠡ ᠰᠣᠯᠢᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ  ᠲᠣᠳᠠᠭᠳᠠᠯ ᠤᠨ ᠠᠰᠠᠭᠤᠳᠠᠯ ᠢ ᠰᠢᠢᠳᠪᠣᠷᠢᠯᠡᠨ᠎ᠡ᠃ ᠬᠠᠮᠤᠷᠬᠤ ᠡᠲᠡᠭᠡᠳ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠳᠤ ᠬᠤᠳᠠᠯᠳᠤᠨ ᠠᠪᠬᠤ ᠳᠤ ᠬᠦᠴᠢᠷᠲᠡᠶ ᠪᠠ ᠬᠤᠳᠠᠯᠳᠤᠬᠤ ᠳᠤ ᠬᠦᠴᠢᠷᠲᠡᠶ ᠪᠠᠶᠢᠬᠤ ᠠᠷᠭ᠎ᠠ ᠵᠠᠮ ᠤᠨ ᠠᠰᠠᠭᠤᠳᠠᠯ᠃ ᠬᠠᠮᠤᠷᠬᠤ ᠡᠲᠡᠭᠡᠳ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠮᠡᠷᠭᠡᠵᠢᠯ ᠤᠨ ᠮᠡᠷᠭᠡᠵᠢᠯ ᠢᠶᠠᠷ ᠠᠨᠠᠶ ᠪᠠᠶᠢᠬᠤ ᠪᠠᠭᠤᠷᠠᠶ ᠠᠰᠠᠭᠤᠳᠠᠯ᠃ ᠬᠠᠮᠤᠷᠬᠤ ᠡᠲᠡᠭᠡᠳ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠠᠪᠤᠴᠠ ᠳᠠᠬᠢ ᠬᠢᠵᠢᠭ ᠢ ᠰᠡᠷᠭᠡᠶᠢᠯᠡᠬᠦ᠂ ᠬᠡᠭᠡᠯᠲᠦᠭᠦᠯᠬᠦ ᠶᠢᠨ ᠨᠢᠭᠡᠳᠦᠯᠲᠡᠶ ᠠᠰᠠᠭᠤᠳᠠᠯ᠃ ︽ᠬᠤᠶᠠᠷ ᠣᠷᠣᠯᠭ᠎ᠠ ᠶᠢᠨ ᠨᠡᠮᠡᠭᠳᠡᠯ︾ ᠢ ᠳᠡᠭᠡᠭᠰᠢᠯᠡᠭᠦᠯᠦᠨ᠎ᠡ᠄ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ‌‍ᠶᠢᠨ ᠣᠷᠣᠯᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠡᠷᠦᠭᠡ ᠶᠢᠨ ᠣᠷᠣᠯᠭ᠎ᠠ ᠶᠢᠨ ᠨᠡᠮᠡᠭᠳᠡᠯ ᠢ ᠬᠤᠳᠠᠯᠳᠤᠨ ᠠᠪᠤᠭᠰᠠᠨ ᠰᠠᠭᠤᠷᠢ ᠡᠬᠡ ᠮᠠᠯ ᠢᠶᠠᠨ ᠲᠦᠷᠢᠶᠡᠰᠦᠯᠡᠬᠦ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠰᠠᠨ ᠡᠷᠦᠬᠡ᠂ ᠵᠠᠬ᠎ᠠ ᠬᠢᠵᠠᠭᠠᠷ ᠤᠨ ᠡᠷᠦᠬᠡ᠂ ᠬᠢᠨᠠᠨ ᠰᠢᠯᠭᠠᠬᠤ ᠡᠷᠦᠬᠡ ᠳᠤ ᠲᠦᠭᠡᠭᠡᠨ ᠥᠭᠴᠦ᠂ ᠥᠪᠡᠰᠦᠪᠡᠨ ᠲᠡᠵᠢᠭᠡᠨ ᠦᠷᠡᠵᠢᠭᠦᠯᠬᠦ᠂ ᠪᠡᠶ᠎ᠡ ᠪᠠᠨ ᠳᠠᠭᠠᠭᠠᠵᠤ ᠡᠵᠡᠩᠨᠡᠬᠦ ᠪᠠᠷ ᠳᠡᠮᠵᠢᠨ᠂ ᠣᠷᠣᠯᠴᠠᠬᠤ ᠬᠡᠮᠵᠢᠶ᠎ᠡ ᠪᠠᠷ ᠨᠡᠯᠢᠶᠡᠳ ᠥᠨᠳᠥᠷ ᠪᠠᠶᠢᠳᠠᠭ᠃ ︽ᠺᠣᠮᠫᠠᠨᠢ + ᠲᠣᠰᠬᠤᠨ ᠤ ᠬᠠᠮᠲᠤ ᠨᠡᠶᠢᠲᠡ + ᠲᠠᠷᠢᠶᠠᠴᠢᠨ ᠡᠷᠦᠬᠡ︾ ᠶᠢᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ᠂ ᠬᠠᠮᠤᠷᠬᠤ ᠡᠲᠡᠭᠡᠳ ᠨᠢ ᠲᠦᠷᠢᠶᠡᠰᠦᠯᠡᠬᠦ ᠨᠥᠬᠦᠴᠡᠯ ᠢᠶᠠᠨ ᠦᠨᠳᠦᠰᠦᠯᠡᠨ ᠰᠠᠶᠢᠨ ᠳᠤᠷ᠎ᠠ ᠠᠴᠠ ᠪᠠᠨ ᠭᠤᠶᠤᠴᠢᠯᠠᠵᠤ᠂ ᠡᠷᠦᠬᠡ ᠪᠦᠷᠢ ᠶᠢᠨ ᠲᠦᠷᠢᠶᠡᠰᠦᠯᠡᠵᠦ ᠪᠣᠯᠬᠤ ᠰᠠᠭᠤᠷᠢ ᠡᠬᠡ ᠮᠠᠯ ᠢ 3 ᠲᠣᠯᠣᠭᠠᠶ ᠠᠴᠠ ᠬᠡᠲᠦᠷᠡᠭᠦᠯᠵᠦ ᠪᠣᠯᠬᠤ ᠥᠬᠡᠶ᠂ ᠪᠠᠯᠠ ᠮᠥᠩᠭᠦ ᠶᠢᠨ ᠪᠠᠶᠢᠳᠠᠯ ᠢ ᠦᠨᠳᠦᠰᠦᠯᠡᠨ᠂ ᠭᠤᠷᠪᠠᠳᠤᠭᠠᠷ ᠬᠤᠭᠤᠴᠠᠭᠠᠨ ᠤ ᠲᠥᠷᠥᠯ ᠵᠣᠶᠢᠯ ᠢ ᠰᠤᠮᠤ ᠰᠢᠶᠠᠩ ᠪᠠᠯᠭᠠᠰᠤ ᠬᠤᠪᠢᠶᠠᠨ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃    ᠯᠦ ᠵᠢᠶᠠ ᠲᠣᠰᠬᠤᠨ ᠤ ᠠᠷᠠᠳ ᠰᠢᠤᠢ ᠰᠢᠤᠸᠠᠢ ᠹᠧᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠵᠠᠰᠠᠭ ᠤᠨ ᠣᠷᠳᠣᠨ ᠠᠴᠠ ᠮᠠᠨ ᠤ ᠠᠯᠠᠰᠢᠨ ᠦᠬᠡᠷ ᠢ ᠲᠦᠷᠢᠶᠡᠰᠦᠯᠡᠨ ᠲᠡᠵᠢᠭᠡᠵᠦ ᠶᠠᠳᠠᠭᠤ ᠶᠢ ᠲᠡᠳᠬᠦᠵᠦ ᠪᠠᠶᠠᠵᠢᠭᠤᠯᠬᠤ ᠵᠠᠮ ᠢᠶᠠᠷ ᠳᠡᠮᠵᠢᠨ᠂ ᠪᠢᠳᠡ ᠭᠤᠷᠪᠠᠨ ᠦᠬᠡᠷ ᠲᠦᠷᠢᠶᠡᠰᠦᠯᠡᠵᠦ᠂ ᠤᠨᠠᠯᠲᠠ ᠶᠢᠨ ᠲᠤᠭᠤᠯ ᠨᠢ ᠮᠠᠨ ᠤ ᠬᠢ ᠪᠣᠯᠤᠨ᠎ᠠ᠂ ᠭᠤᠷᠪᠠᠨ ᠵᠢᠯ ᠤᠨ ᠳᠠᠷᠠᠭ᠎ᠠ ᠪᠤᠴᠠᠭᠠᠯᠭᠠᠨ᠎ᠠ᠃ ᠪᠢᠳᠡᠨ ᠤ ᠦᠬᠡᠷ ᠬᠤᠳᠠᠯᠳᠤᠨ ᠠᠪᠬᠤ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠣᠷᠢᠯᠡᠴᠢᠭᠰᠡᠨ ᠪᠥᠭᠡᠳ ᠲᠦᠷᠢᠶᠡᠰᠦᠯᠡᠬᠦ ᠦᠨ᠎ᠡ ᠨᠢ ᠴᠦ ᠮᠠᠰᠢ ᠬᠢᠮᠳᠠ᠂ ᠲᠡᠵᠢᠭᠡᠯ ᠪᠣᠷᠳᠤᠭ᠎ᠠ᠂ ᠡᠪᠡᠰᠦ ᠪᠣᠷᠳᠤᠭ᠎ᠠ᠂ ᠬᠢᠵᠢᠭ ᠢ ᠰᠡᠷᠭᠡᠶᠢᠯᠡᠬᠦ ᠵᠠᠷᠤᠳᠠᠯ ᠢ ᠪᠢᠳᠡ ᠥᠪᠡᠷᠰᠡᠳ ᠢᠶᠠᠨ ᠡᠭᠦᠷᠭᠡᠯᠡᠵᠦ᠂ ᠦᠬᠡᠷ ᠲᠡᠵᠢᠭᠡᠬᠦ ᠳᠤ ᠴᠦ ᠠᠮᠠᠷᠬᠠᠨ᠂ ᠵᠠᠬ᠎ᠠ ᠳᠡᠯᠭᠡᠭᠦᠷ ᠤᠨ ᠦᠨ᠎ᠡ ᠲᠣᠭᠲᠠᠭᠤᠨ ᠪᠤᠯᠵᠤ᠂ ᠪᠢᠳᠡᠨ ᠳᠤ ᠲᠣᠭᠲᠠᠪᠤᠷᠢᠲᠠᠶ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ ᠥᠭᠴᠡᠶ᠃︾    ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ᠲᠣᠰ ᠲᠥᠷᠥᠯ ᠵᠣᠶᠢᠯ ᠢᠶᠠᠷ ᠳᠡᠮᠵᠢᠨ᠂ ᠰᠠᠶᠢᠨ ᠳᠤᠷ᠎ᠠ ᠠᠴᠠ ᠪᠠᠨ ᠲᠡᠵᠢᠭᠡᠨ ᠦᠷᠡᠵᠢᠭᠦᠯᠬᠦ ᠬᠦᠷᠢᠶᠡᠯᠡᠩ ᠠᠴᠠ ᠰᠠᠭᠤᠷᠢ ᠡᠬᠡ ᠮᠠᠯ ᠲᠦᠷᠢᠶᠡᠰᠦᠯᠡᠬᠦ᠂ ᠦᠬᠡᠷ ᠵᠢᠭᠡᠯᠡᠵᠦ ᠲᠤᠭᠤᠯ ᠲᠦᠷᠦᠭᠦ ᠭᠤᠶᠤᠴᠢᠯᠠᠯ ᠭᠠᠷᠭᠠᠵᠤ᠂ ᠲᠡᠵᠢᠭᠡᠨ ᠦᠷᠡᠵᠢᠭᠦᠯᠬᠦ ᠠᠶᠤᠯ ᠲᠦᠭᠰᠢᠭᠦᠷᠢ᠂ ᠥᠪᠡᠷ ᠤᠨ ᠥᠷᠲᠡᠭ ᠤᠨ ᠣᠷᠣᠭᠤᠯᠤᠯᠲᠠ ᠨᠢ ᠪᠠᠭᠤᠷᠠᠵᠤ᠂ ᠣᠷᠣᠯᠭ᠎ᠠ ᠨᠢ ᠢᠯᠡᠳᠲᠡ ᠳᠡᠭᠡᠭᠰᠢᠯᠡᠭᠰᠡᠨ ᠪᠠᠶᠢᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠲᠦᠷᠦᠯ ᠵᠦᠢᠯ ᠪᠣᠯᠤᠭᠰᠠᠨ ᠤ ᠬᠤᠪᠢ ᠳᠤ᠂ ᠪᠡᠶᠡᠯᠡᠭᠦᠯᠦᠭᠰᠡᠨ ᠭᠠᠴᠠᠭᠠᠨ ᠤ ᠬᠠᠮᠲᠤ ᠶᠢᠨ ᠠᠰᠢᠭ ᠣᠷᠣᠯᠭ᠎ᠠ ᠶᠢ ᠭᠠᠴᠠᠭᠠᠨ ᠤ ᠠᠷᠠᠳ ᠤᠨ ᠶᠡᠭᠡ ᠬᠤᠷᠠᠯ ᠢᠶᠠᠷ ᠳᠠᠮᠵᠢᠨ ᠬᠠᠮᠲᠤ ᠪᠠᠷ ᠵᠥᠪᠳᠡᠯᠴᠡᠨ ᠬᠡᠷᠡᠭᠯᠡᠵᠦ᠂ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠴᠠᠯᠢᠩ ᠤᠨ ᠵᠠᠷᠤᠯᠭ᠎ᠠ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠵᠢᠴᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠬᠤ ᠵᠡᠷᠭᠡ ᠬᠦᠷᠢᠶ᠎ᠡ ᠬᠡᠪᠴᠢᠶᠡᠨ ᠳᠤ ᠬᠡᠷᠡᠭᠯᠡᠨ᠎ᠡ᠃                                                               ᠵᠣᠬᠢᠶᠠᠭᠴᠢ᠄ ᠯᠢ ᠷᠦᠩ                                                               ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号