ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠭᠤᠤ ᠮᠢᠩ ᠷᠦ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ | | ᠬᠤᠰᠢᠭᠤ᠂ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠦᠨᠡᠨᠬᠦ ᠰᠠᠶᠢᠲᠤᠷ ᠬᠢᠵᠦ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ᠂ ᠲᠣᠭᠲᠠᠭᠤᠨ᠂ ᠡᠮᠬᠢ ᠵᠢᠷᠤᠮ ᠲᠠᠢ ᠥᠷᠨᠢᠭᠦᠯᠬᠦ ᠶᠢ | ᠪᠠᠲᠤᠯᠠᠬᠤ ᠶᠢᠨ ᠲᠥᠯᠥᠭᠡ᠃ 10 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ ᠬᠤᠷᠢᠶᠠᠨ ᠤ | ᠡᠷᠭᠢᠯᠡᠭᠴᠢ᠂ ᠬᠤᠰᠢᠭᠤᠨ ᠤ ᠶᠢᠨ ᠺᠣᠮᠢᠰ ᠤᠨ ᠡᠷᠭᠢᠯᠡᠭᠴᠢ ᠭᠤᠤ ᠮᠢᠩ ᠷᠦ ᠰᠣᠩᠭᠤᠭᠤᠯᠢ ᠶᠢᠨ ᠺᠣᠮᠢᠰ ᠤᠨ ᠬᠡᠰᠡᠭ | ᠠᠵᠢᠯᠲᠠᠨ ᠢ ᠳᠠᠭᠠᠭᠤᠯᠤᠨ ᠤᠷᠢᠳ ᠬᠤᠵᠢᠳ ᠪᠠᠶᠠᠨᠴᠠᠭᠠᠨ ᠪᠠᠯᠭᠠᠰᠤ ᠵᠡᠷᠭᠡ 7 ᠰᠤᠮᠤ ᠰᠢᠶᠠᠩ ᠪᠠᠯᠭᠠᠰᠤᠨ ᠳᠤ | ᠭᠦᠨᠵᠡᠭᠡᠶᠢᠷᠡᠨ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ | ᠵᠢᠭᠠᠨ ᠵᠢᠯᠣᠭᠤᠳᠪᠠ᠃ | ᠭᠠᠵᠠᠷ ᠣᠷᠣᠨ ᠳᠤ ᠬᠥᠷᠬᠦ ᠪᠦᠷᠢ᠂ ᠭᠤᠤ ᠮᠢᠩ ᠷᠦ ᠴᠥᠮ ᠬᠤᠭᠤᠴᠠᠭ᠎ᠠ ᠰᠣᠯᠢᠬᠤ ᠠᠵᠢᠯ ᠤᠨ | ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠶ ᠠᠰᠠᠭᠤᠨ ᠯᠠᠪᠯᠠᠵᠤ᠂ ᠬᠤᠯᠪᠣᠭᠳᠠᠯ ᠪᠥᠬᠦᠶ ᠲᠠᠩᠰᠠ ᠡᠪᠬᠡᠮᠡᠯ ᠤᠨ | ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠭᠰᠡᠨ ᠪᠥᠭᠡᠳ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠬᠡᠷᠬᠢᠨ ᠰᠠᠶᠢᠲᠤᠷ ᠬᠢᠬᠦ ᠲᠤᠬᠠᠶ ᠡᠯ᠎ᠡ ᠰᠤᠮᠤ ᠰᠢᠶᠠᠩ ᠪᠠᠯᠭᠠᠰᠤ ᠲᠠᠢ ᠥᠷᠭᠡᠨ ᠢᠶᠠᠷ ᠰᠣᠯᠢᠯᠴᠠᠪᠠ᠃ ᠡᠭᠦᠨ ᠢ | ᠴᠢᠬᠤᠯᠠᠴᠢᠯᠠᠬᠤ ᠳᠤ ᠬᠦᠷᠪᠡᠯ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠠᠰ | ᠳᠠᠷᠠᠭᠠᠯᠠᠯ ᠢ ᠵᠢᠷᠤᠮᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠪᠠ ᠪᠣᠳᠠᠲᠠᠶ ᠴᠤᠪᠤᠷᠠᠯ ᠢ | ᠣᠨᠣᠪᠴᠢᠲᠠᠶ ᠡᠵᠡᠮᠳᠡᠨ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠣᠩᠭᠤᠭᠤᠯᠢ ᠶᠢᠨ ᠠᠷᠠᠳ ᠢ | ᠪᠦᠷᠢᠳᠬᠡᠬᠦ ᠪᠠ ᠲᠥᠯᠥᠭᠡᠯᠡᠭᠴᠢ ᠪᠠᠷ ᠵᠢᠱᠢᠭᠳᠡᠭᠰᠡᠳ ᠢ ᠨᠡᠷ᠎ᠡ ᠳᠤᠷᠠᠳᠬᠤ ᠠᠵᠢᠯ ᠢ ᠪᠡᠶᠡᠯᠡᠭᠦᠯᠵᠦ᠂ | ᠰᠣᠩᠭᠤᠭᠤᠯᠢ ᠶᠢᠨ ᠠᠷᠠᠳ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠰᠣᠩᠭᠤᠭᠤᠯᠢ ᠶᠢᠨ | ᠠᠵᠢᠯᠯᠠᠭ᠎ᠠ ᠳᠤ ᠣᠷᠣᠯᠴᠠᠭᠤᠯᠵᠤ᠂ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠵᠣᠬᠢᠶᠠᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ | ᠣᠷᠴᠢᠭᠤᠯᠣᠭᠴᠢ᠄ ᠰᠡᠴᠡᠩᠭᠤᠸ᠎ᠠ |