ᠵᠠᠩ ᠵᠢᠶᠠᠨ ᠪᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ | | 10 ᠰᠠᠷ᠎ᠠ ᠶᠢᠨ 22 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ | ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ ᠲᠡᠮᠣᠷᠳᠡᠢ ᠪᠠᠯᠭᠠᠰᠤᠨ ᠤ ᠲᠦᠷ ᠴᠠᠭ ᠤᠨ ᠵᠠᠮ | ᠬᠠᠷᠢᠯᠴᠠᠭᠠᠨ ᠤ ᠪᠣᠭᠤᠮᠲᠠ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠵᠠᠰᠠᠭ ᠤᠨ ᠣᠷᠳᠣᠨ ᠤ ᠳᠡᠳ᠋ | ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠳᠡᠯᠭᠡᠷ᠂ ᠵᠠᠰᠠᠭ ᠤᠨ ᠣᠷᠳᠣᠨ ᠤ | ᠳᠡᠳ᠋ ᠬᠤᠰᠢᠭᠤᠨ ᠳᠠᠷᠤᠭ᠎ᠠ ᠴᠢᠦᠶ ᠯᠢ ᠱᠧᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃ | | ᠲᠡᠮᠣᠷᠳᠡᠢ ᠪᠠᠯᠭᠠᠰᠤᠨ ᠤ ᠲᠦᠷ ᠴᠠᠭ ᠤᠨ ᠵᠠᠮ ᠬᠠᠷᠢᠯᠴᠠᠭᠠᠨ ᠤ ᠪᠣᠭᠤᠮᠲᠠ ᠳᠡᠭᠡᠷ᠎ᠡ᠂ ᠠᠵᠢᠯᠲᠠᠳ ᠨᠠᠰᠢ | ᠴᠠᠰᠢ ᠥᠩᠭᠡᠷᠡᠬᠦ ᠲᠡᠷᠭᠡᠨ ᠳᠤ ᠪᠠᠶᠢᠴᠠᠭᠠᠯᠲᠠ ᠬᠢᠵᠦ᠂ ᠵᠢᠯᠣᠭᠤᠴᠢ ᠪᠠ ᠰᠠᠭᠤᠳᠠᠯ ᠤᠨ ᠠᠵᠢᠯᠲᠠᠨ ᠢ ᠵᠢᠯᠣᠭᠤᠳᠤᠨ | ᠪᠡᠶ᠎ᠡ ᠶᠢᠨ ᠳᠤᠯᠠᠭᠠᠨ ᠤ ᠬᠡᠮᠵᠢᠯᠲᠡ ᠬᠢᠯᠭᠡᠵᠦ᠂ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠮᠡᠳᠡᠭᠡ | ᠵᠠᠩᠭᠢ ᠶᠢᠨ ᠳᠡᠩᠰᠡᠯᠡᠯᠲᠡ ᠵᠡᠷᠭᠡ ᠶᠢ ᠪᠠᠶᠢᠴᠠᠭᠠᠨ ᠰᠢᠯᠭᠠᠵᠤ ᠪᠠᠶᠢᠨ᠎ᠠ᠃ ᠵᠠᠩ ᠵᠢᠶᠠᠨ ᠪᠢᠨ ᠲᠡᠷᠭᠡ ᠬᠥᠰᠬᠡ ᠶᠢᠨ | ᠨᠠᠰᠢ ᠴᠠᠰᠢ ᠶᠠᠪᠤᠵᠤ ᠪᠠᠶᠢᠭ᠎ᠠ ᠪᠠᠶᠢᠳᠠᠯ᠂ ᠰᠡᠷᠭᠡᠶᠢᠯᠡᠨ ᠡᠵᠡᠮᠳᠡᠬᠦ ᠬᠥᠮᠦᠰ ᠤᠨ ᠵᠢᠵᠢᠭᠦᠷᠯᠡᠵᠦ ᠪᠠᠶᠢᠭ᠎ᠠ ᠪᠠᠶᠢᠳᠠᠯ | ᠵᠢᠴᠢ ᠪᠣᠭᠤᠮᠲᠠ ᠪᠣᠭᠤᠮᠲᠠ ᠶᠢ ᠬᠠᠮᠢᠶᠠᠷᠤᠨ ᠡᠵᠡᠮᠳᠡᠬᠦ ᠶᠠᠪᠤᠴᠠ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ᠂ | ᠠᠷᠢᠭᠤᠳᠬᠠᠨ ᠠᠷᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠯᠠᠪᠯᠠᠨ ᠠᠰᠠᠭᠤᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠠᠷᠢᠨ ᠣᠶᠢᠯᠠᠭᠠᠪᠠ᠃ | ᠵᠠᠩ ᠵᠢᠶᠠᠨ ᠪᠢᠨ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭᠠᠨ ᠤ ᠪᠣᠭᠤᠮᠲᠠ ᠪᠣᠯ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ ᠪᠠᠷ ᠣᠷᠣᠵᠤ ᠭᠠᠷᠬᠤ ᠴᠢᠬᠤᠯᠠ ᠪᠣᠭᠤᠮᠲᠠ ᠮᠥᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ︾ ᠮᠥᠨ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠢᠮᠠᠭᠲᠠ ᠴᠢᠩᠭᠠᠳᠬᠠᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠵᠢᠭᠰᠠᠭᠠᠨ | ᠪᠠᠶᠢᠴᠠᠭᠠᠬᠤ ᠶᠢ ᠴᠢᠩᠭ᠎ᠠ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠨᠠᠷᠢᠨ | ᠠᠳᠬᠤᠵᠤ᠂ ᠰᠡᠷᠭᠡᠶᠢᠯᠡᠨ ᠡᠵᠡᠮᠳᠡᠬᠦ ᠶᠠᠪᠤᠴᠠ ᠶᠢ ᠰᠢᠯᠢᠳᠡᠭᠵᠢᠭᠦᠯᠦᠨ᠂ ᠲᠡᠷᠭᠡᠨ ᠤ ᠴᠤᠪᠤᠷᠠᠯ ᠤᠨ ᠪᠣᠳᠠᠲᠠᠶ | ᠪᠠᠶᠢᠳᠠᠯ ᠢ ᠦᠨᠳᠦᠰᠦᠯᠡᠨ᠂ ᠠᠵᠢᠯᠲᠠᠨ ᠪᠠ ᠲᠥᠬᠦᠭᠡᠷᠦᠮᠵᠢ ᠶᠢᠨ ᠣᠷᠣᠭᠤᠯᠤᠯᠲᠠ ᠶᠢ ᠳᠣᠭᠢᠷᠠᠭᠤᠯᠵᠤ᠂ ᠵᠠᠮ | ᠬᠠᠷᠢᠯᠴᠠᠭ᠎ᠠ ᠶᠢ ᠰᠢᠯᠤᠭᠤᠳᠬᠠᠨ ᠵᠢᠯᠣᠭᠤᠳᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠩᠭ᠎ᠠ ᠰᠡᠷᠭᠡᠶᠢᠯᠡᠨ | ᠰᠠᠬᠢᠵᠤ᠂ ᠨᠢᠭᠡ ᠲᠡᠷᠭᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ | ᠮᠥᠷᠲᠡᠭᠡᠨ ᠣᠯᠠᠨ ᠲᠦᠮᠡᠨ ᠤ ᠥᠨᠳᠥᠷ ᠪᠦᠲᠦᠮᠵᠢᠲᠡᠶ ᠪᠠᠷ ᠭᠠᠳᠠᠭᠰᠢ ᠭᠠᠷᠬᠤ ᠳᠤ ᠲᠥᠬᠦᠮ ᠦᠵᠡᠭᠦᠯᠵᠦ᠂ ᠵᠠᠮ | ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ | ᠨᠢᠭᠡᠳᠦᠭᠡᠷ ᠪᠣᠭᠤᠮᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠬᠤ ᠬᠡᠷᠡᠭᠲᠡᠶ᠃ ᠢᠯᠠᠩᠭᠤᠶ᠎ᠠ ᠳᠤᠮᠳᠠ ᠠᠶᠤᠯ | ᠲᠦᠭᠰᠢᠭᠦᠷᠢ ᠶᠡᠬᠡᠲᠡᠶ ᠭᠠᠵᠠᠷ ᠣᠷᠣᠨ ᠤ ᠪᠤᠴᠠᠵᠤ ᠢᠷᠡᠬᠦ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠲᠡᠷᠭᠡ ᠬᠥᠰᠬᠡ ᠶᠢᠨ ᠵᠢᠯᠣᠭᠤᠴᠢ ᠶᠢᠨ ᠮᠡᠳᠡᠭᠡ ᠵᠠᠩᠭᠢ ᠶᠢ ᠳᠠᠩᠰᠠᠯᠠᠬᠤ᠂ ᠳᠤᠯᠠᠭᠠᠨ ᠤ ᠬᠡᠮᠵᠢᠶ᠎ᠡ ᠶᠢ ᠬᠡᠮᠵᠢᠨ | ᠨᠣᠮᠧᠷ ᠢ ᠰᠢᠷᠪᠢᠬᠦ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠵᠦ᠂ ᠥᠨᠴᠥᠭ ᠪᠤᠯᠤᠩ | ᠦᠯᠡᠳᠡᠭᠡᠬᠦ ᠥᠬᠡᠶ ᠪᠠᠶᠢᠬᠤ ᠬᠡᠷᠡᠭᠲᠡᠶ᠃ | | ᠵᠠᠩ ᠵᠢᠶᠠᠨ ᠪᠢᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ | ᠪᠤᠳᠤᠯ᠂ ᠠᠵᠠ ᠵᠠᠪᠰᠢᠶᠠᠨ ᠢ ᠬᠦᠰᠡᠬᠦ ᠪᠤᠳᠤᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠲᠡᠮᠡᠴᠡᠯ ᠤᠨ | ᠵᠣᠷᠢᠭ ᠢ ᠥᠴᠦᠬᠡᠨ ᠴᠦ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠥᠴᠦᠬᠡᠨ ᠴᠦ ᠪᠠᠭᠤᠷᠠᠭᠤᠯᠬᠤ ᠦᠭᠡᠢ᠂ | ᠡᠷᠴᠢᠮ ᠢ ᠥᠴᠦᠬᠡᠨ ᠴᠦ ᠰᠤᠯᠠᠷᠠᠭᠤᠯᠬᠤ ᠦᠭᠡᠢ ᠪᠠᠶᠢᠵᠤ᠂ ᠡᠬᠢᠯᠡᠩᠭᠦᠳᠡ ᠪᠠᠨ ᠬᠢᠴᠢᠶᠡᠨ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾ ᠡᠨᠡᠬᠦ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠤᠨ ᠬᠥᠲᠥᠯᠦᠨ ᠵᠢᠯᠣᠭᠤᠳᠬᠤ ᠶᠢ | ᠴᠢᠩᠭᠠᠳᠬᠠᠵᠤ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ | ᠂ ᠪᠥᠬᠦ ᠨᠡᠶᠢᠭᠡᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠰᠡᠷᠭᠡᠶᠢᠯᠡᠯᠲᠡ ᠶᠢᠨ ᠱᠤᠭᠤᠮ ᠢ | ᠬᠠᠮᠲᠤ ᠪᠠᠷ ᠪᠠᠲᠤ ᠪᠠᠶᠢᠭᠤᠯᠬᠤ ᠬᠡᠷᠡᠭᠲᠡᠶ᠃ | ᠪᠠᠶᠢᠴᠠᠭᠠᠯᠲᠠ ᠶᠢᠨ ᠳᠤᠮᠳᠠ᠂ ᠵᠠᠩ ᠵᠢᠶᠠᠨ ᠪᠢᠨ ᠨᠢᠭᠡᠳᠦᠭᠡᠷ ᠹᠷᠣᠨᠲ ᠤᠨ ᠠᠵᠢᠯᠲᠠᠳ ᠤᠨ ᠬᠢᠵᠢᠭ ᠤᠨ | ᠪᠠᠶᠢᠳᠠᠯ ᠣᠷᠣᠬᠤ ᠶᠢ ᠴᠢᠩᠭ᠎ᠠ ᠰᠡᠷᠭᠡᠶᠢᠯᠡᠬᠦ᠂ ᠪᠥᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ | ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ | ᠭᠦᠢᠴᠡᠳ ᠨᠤᠲᠠᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤ ᠰᠠᠬᠢᠨ | ᠬᠠᠮᠠᠭᠠᠯᠠᠬᠤ ᠪᠠ ᠠᠮᠠᠷᠠᠬᠤ ᠴᠠᠭ ᠢᠶᠠᠨ ᠵᠣᠬᠢᠰᠲᠠᠶ ᠲᠣᠬᠢᠷᠠᠭᠤᠯᠵᠤ᠂ ᠠᠵᠢᠯᠲᠠᠳ ᠤᠨ ᠢᠶᠠᠨ ᠲᠣᠰ ᠪᠡᠶ᠎ᠡ ᠶᠢᠨ | ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃ | ᠵᠣᠬᠢᠶᠠᠭᠴᠢ᠄ ᠰᠦᠨ ᠶᠢᠩ ᠯᠢᠨᠠ | ᠣᠷᠴᠢᠭᠤᠯᠣᠭᠴᠢ᠄ ᠰᠡᠴᠡᠩᠭᠤᠸ᠎ᠠ |