ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠠᠨ ᠯᠢᠩ ᠬᠤᠸᠠ ᠨᠠᠷ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠬᠦᠷᠴᠦ ᠭᠠᠯᠲᠤ ᠠᠭᠤᠯᠠ ᠶᠢᠨ ᠠᠷᠠᠳ ᠤᠨ ᠰᠠᠭᠤᠴᠠ ᠶᠢᠨ ᠲᠥᠷᠥᠯ ᠵᠣᠶᠢᠯ ᠢ | ᠵᠣᠯᠭᠠᠭᠤᠯᠬᠤ ᠪᠠᠷ ᠰᠢᠨᠵᠢᠯᠡᠨ ᠪᠠᠶᠢᠴᠠᠭᠠᠪᠠ | | 10 ᠰᠠᠷ᠎ᠠ ᠶᠢᠨ 22 ᠤ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠹᠠᠨ ᠯᠢᠩ ᠬᠤᠸᠠ ᠵᠢᠴᠢ ᠱᠠᠩᠬᠠᠶ ᠶᠢᠨ ᠯᠦ ᠶᠤᠸᠠᠨ ᠮᠧᠶ ᠣᠷᠣᠨ ᠰᠠᠭᠤᠴᠠ ᠶᠢᠨ ᠠᠵᠤ ᠦᠢᠯᠡᠰ ᠤᠨ | ᠵᠥᠪᠯᠡᠭᠴᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠢ ᠱᠣᠤ ᠳ᠋ᠦᠩ ᠨᠡᠷ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠭᠠᠯᠲᠤ ᠠᠭᠤᠯᠠ ᠶᠢᠨ ᠠᠷᠠᠳ ᠤᠨ ᠣᠷᠣᠨ ᠰᠠᠭᠤᠴᠠ ᠶᠢᠨ | ᠲᠥᠷᠥᠯ ᠵᠣᠶᠢᠯ ᠢ ᠰᠢᠨᠵᠢᠯᠡᠨ ᠪᠠᠶᠢᠴᠠᠭᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠰᠡᠴᠡᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠮᠢ ᠶᠧᠦ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠹᠠᠩ᠂ ᠬᠤᠰᠢᠭᠤᠨ ᠤ ᠰᠣᠶᠣᠯ | ᠵᠢᠭᠤᠯᠴᠢᠯᠠᠯ ᠤᠨ ᠲᠣᠪᠴᠢᠶ᠎ᠠ᠂ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠵᠢᠴᠢ ᠤᠯᠠᠭᠠᠨᠬᠠᠳᠠ | ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ | ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠤᠯᠠᠭᠠᠨᠬᠠᠳᠠ ᠭᠠᠯᠲᠤ ᠠᠭᠤᠯᠠᠨ ᠳᠤ | ᠬᠦᠷᠴᠦ᠂ ᠭᠠᠯᠲᠤ ᠠᠭᠤᠯᠠ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠳᠠᠷᠠᠭ᠎ᠠ ᠨᠢ | ᠤᠯᠠᠭᠠᠨᠬᠠᠳᠠ ᠰᠤᠮᠤ ᠶᠢᠨ ᠶᠠᠩ ᠭᠤᠤ ᠹᠠᠩ᠂ ᠬᠤᠸᠠᠩ ᠰᠢᠶᠤᠤ ᠲᠣᠰᠬᠤᠨ᠂ ᠺᠦᠢ ᠲᠣᠰᠬᠤᠨ ᠳᠤ ᠬᠦᠷᠴᠦ᠂ | ᠲᠣᠰᠬᠤᠨ ᠤ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠪᠠᠶᠢᠴᠠ ᠵᠢᠴᠢ ᠲᠣᠰᠬᠤᠨ ᠤ ᠲᠤᠭ᠎ᠠ ᠵᠡᠷᠭᠡ ᠪᠠᠶᠢᠳᠠᠯ ᠢ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠭᠠᠯᠲᠤ ᠠᠭᠤᠯᠠ ᠶᠢᠨ ᠬᠤᠷᠮᠣᠢ ᠳᠤ ᠠᠷᠠᠳ ᠤᠨ | ᠰᠠᠭᠤᠴᠠ ᠶᠢᠨ ᠲᠣᠰᠬᠤᠨ ᠢ ᠲᠥᠪᠯᠡᠷᠡᠭᠦᠯᠦᠨ ᠬᠥᠭᠵᠢᠭᠦᠯᠬᠦ ᠲᠥᠰᠦᠪᠯᠡᠯ ᠪᠠ ᠪᠠᠶᠢᠷᠢᠯᠠᠭᠤᠯᠤᠯᠲᠠ ᠶᠢ ᠠᠩᠬ᠎ᠠ | ᠠᠯᠬᠤᠮ ᠵᠢᠷᠤᠭᠯᠠᠪᠠ᠃ | ᠭᠠᠯᠲᠤ ᠠᠭᠤᠯᠠ ᠶᠢᠨ ᠲᠠᠯ᠎ᠠ ᠨᠤᠲᠤᠭ ᠤᠨ ᠥᠪᠡᠷᠮᠢᠴᠡ ᠭᠠᠵᠠᠷ ᠵᠦᠢ ᠶᠢᠨ ᠳᠠᠪᠠᠭᠤᠯᠢᠭ ᠲᠤ ᠲᠦᠰᠢᠭᠯᠡᠨ᠂ | ᠠᠶᠢᠯ ᠲᠣᠰᠬᠤᠨ ᠤ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠤᠨᠴᠠᠯᠢᠬᠳᠤ ᠠᠷᠠᠳ ᠤᠨ ᠣᠷᠣᠨ | ᠰᠠᠭᠤᠴᠠ ᠶᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ | ᠪᠦᠲᠦᠮᠵᠢᠲᠡᠢ ᠲᠠᠶᠢᠴᠢᠯᠠᠵᠦ᠂ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠵᠦ ᠪᠣᠯᠤᠨ᠎ᠠ᠃ | ᠵᠣᠬᠢᠶᠠᠭᠴᠢ᠄ ᠯᠢ ᠰᠢᠤᠸᠠᠨ᠂ ᠹᠠᠨ ᠵᠢᠶᠠ ᠸᠧᠨ | ᠣᠷᠴᠢᠭᠤᠯᠣᠭᠴᠢ᠄ ᠰᠡᠴᠡᠩᠭᠤᠸ᠎ᠠ |