ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠴᠢᠶᠣᠤ ᠶᠦᠨ ᠯᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ | | 10 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠶᠦᠨ ᠯᠢ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠬᠦᠷᠴᠦ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠪᠠ ᠪᠥᠬᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠤᠨ ᠪᠠᠶᠢᠳᠠᠯ ᠢ | ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ᠂ ᠬᠤᠰᠢᠭᠤᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠹᠧᠩ ᠮᠢᠩ | ᠂ ᠬᠤᠰᠢᠭᠤᠨ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠰᠢᠯᠢ ᠰᠢᠶᠠᠩ ᠵᠡᠷᠭᠡ ᠬᠠᠮᠢᠶ᠎ᠠ ᠪᠥᠬᠦᠶ | ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠯᠢ ᠰᠢᠶᠠᠩ ᠤᠨ ᠤᠯᠠᠭᠠᠨ ᠲᠤᠭ ᠰᠦᠮ᠎ᠡ ᠶᠢᠨ ᠨᠡᠭᠦᠳᠡᠯ | ᠮᠠᠯᠵᠢᠯ ᠤᠨ ᠤᠳᠤᠨ ᠣᠭᠲᠠᠷᠭᠤᠢ ᠶᠢᠨ ᠠᠷᠠᠳ ᠤᠨ ᠣᠷᠣᠨ ᠰᠠᠭᠤᠴᠠ ᠳᠤ ᠭᠦᠨᠵᠡᠭᠡᠶᠢᠷᠡᠵᠦ᠂ ᠠᠷᠠᠳ ᠤᠨ ᠣᠷᠣᠨ | ᠰᠠᠭᠤᠴᠠ ᠶᠢᠨ ᠵᠣᠴᠢᠨ ᠤ ᠦᠷᠦᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠷᠠᠳ ᠤᠨ ᠣᠷᠣᠨ | ᠰᠠᠭᠤᠴᠠ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠷᠠᠳ ᠤᠨ ᠣᠷᠣᠨ ᠰᠠᠭᠤᠴᠠ ᠶᠢᠨ | ᠬᠠᠷᠢᠭᠤᠴᠠᠯᠭᠠᠲᠠᠨ ᠤ ᠲᠣᠪᠴᠢ ᠲᠠᠨᠢᠯᠴᠠᠭᠤᠯᠭ᠎ᠠ ᠶᠢ ᠰᠣᠨᠣᠰᠴᠠᠢ᠃ | | | ᠨᠡᠭᠦᠳᠡᠯ ᠮᠠᠯᠵᠢᠯ ᠤᠨ ᠣᠳᠣᠨ ᠣᠭᠲᠠᠷᠭᠤᠶ ᠶᠢᠨ ᠬᠠᠷᠢᠭᠤᠴᠠᠯᠭᠠᠲᠠᠨ ᠪᠣᠯ ᠨᠤᠲᠤᠭ ᠲᠠᠭᠠᠨ ᠪᠤᠴᠠᠵᠤ ᠠᠳᠠᠯ | ᠤᠶᠢᠯᠡᠰ ᠴᠣᠭᠴᠠᠯᠠᠭᠰᠠᠨ ᠣᠶᠤᠲᠠᠨ ᠪᠣᠯᠤᠨ᠎ᠠ᠂ ᠨᠡᠭᠦᠳᠡᠯ ᠮᠠᠯᠵᠢᠯ ᠤᠨ ᠣᠳᠣᠨ ᠣᠭᠲᠠᠷᠭᠤᠶ ᠶᠢᠨ ᠠᠷᠠᠳ ᠤᠨ | ᠣᠷᠣᠨ ᠰᠠᠭᠤᠴᠠ ᠶᠢ ᠪᠣᠯ ᠤᠤᠯ ᠤᠨ ᠠᠲᠠᠷᠰᠢᠭᠰᠠᠨ ᠵᠢᠵᠢᠭ ᠬᠦᠷᠢᠶᠡᠨ ᠤ ᠰᠠᠭᠤᠷᠢᠨ ᠳᠡᠭᠡᠷ᠎ᠡ ᠥᠭᠡᠷᠡᠴᠢᠯᠡᠨ | ᠪᠠᠶᠢᠭᠤᠯᠤᠭᠰᠠᠨ ᠶᠤᠮ᠂ ᠣᠲᠣ ᠲᠤᠯᠤᠭᠠᠨ ᠲᠠᠰᠤᠯᠭ᠎ᠠ ᠵᠣᠴᠢᠨ ᠤ ᠥᠷᠥᠭᠡ᠂ ᠭᠤᠷᠪᠠᠨ ᠲᠠᠰᠤᠯᠭ᠎ᠠ ᠢᠳᠡᠭᠡᠨ | ᠤᠮᠳᠠᠭᠠᠨ ᠤ ᠮᠣᠩᠭᠤᠯ ᠬᠡᠷ ᠪᠠᠶᠢᠬᠤ ᠶᠢᠨ ᠬᠠᠮᠲᠤ 28 ᠬᠥᠮᠦᠨ ᠰᠠᠭᠤᠯᠭᠠᠵᠤ᠂ 40 — 50 ᠬᠥᠮᠦᠨ | ᠬᠤᠭᠤᠯᠠ ᠢᠳᠡᠭᠦᠯᠵᠦ ᠪᠣᠯᠤᠨ᠎ᠠ᠂ ᠡᠨᠡ ᠨᠢ ᠮᠣᠩᠭᠤᠯ ᠶᠤᠸᠠᠨ ᠤ ᠰᠣᠶᠣᠯ ᠪᠠ ᠣᠲᠣ ᠦᠶ᠎ᠡ ᠶᠢᠨ ᠰᠦᠯᠵᠢᠶᠡᠨ ᠤ | ᠤᠯᠠᠭᠠᠨ ᠡᠯᠧᠮᠧᠨ᠋ᠲ ᠤᠨ ᠵᠠᠰᠠᠯ ᠴᠢᠮᠡᠭᠯᠡᠯ ᠤᠨ ᠬᠡᠪ ᠨᠠᠮᠪᠠ ᠲᠠᠢ ᠤᠶᠠᠯᠳᠤᠵᠤ᠂ ᠥᠷᠥᠭᠡ ᠪᠦᠷᠢ ᠶᠢᠨ ᠬᠡᠪ ᠨᠠᠮᠪᠠ ᠨᠢ | ᠠᠳᠠᠯᠢ ᠪᠤᠰᠤ ᠪᠠᠶᠢᠳᠠᠭ᠃ ᠪᠠᠰᠠ ᠵᠤᠭᠠᠴᠠᠭᠰᠠᠳ ᠲᠤ ᠮᠣᠷᠢ ᠤᠨᠤᠬᠤ᠂ ᠰᠤᠷ ᠬᠠᠷᠪᠤᠬᠤ᠂ ᠪᠥᠬᠡ ᠪᠠᠷᠢᠯᠳᠤᠬᠤ᠂ | ᠮᠣᠩᠭᠤᠯ ᠬᠤᠪᠴᠠᠰᠤ ᠵᠠᠰᠠᠯ ᠢ ᠪᠡᠶᠡᠴᠢᠯᠡᠨ ᠣᠶᠢᠯᠠᠭᠠᠬᠤ᠂ ᠦᠨ᠎ᠡ ᠲᠥᠯᠥᠪᠦᠷᠢ ᠦᠭᠡᠢ ᠪᠠᠷ ᠰᠡᠭᠦᠳᠡᠷ ᠲᠠᠲᠠᠵᠤ | ᠳᠤᠷᠠᠰᠬᠠᠯ ᠦᠯᠡᠳᠡᠭᠡᠬᠦ᠂ ᠮᠠᠯᠴᠢᠳ ᠤᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠢ ᠲᠣᠭᠤᠷᠢᠨ ᠦᠵᠡᠬᠦ᠂ ᠲᠦᠳᠡᠭ | ᠭᠠᠯ ᠤᠨ ᠦᠳᠡᠰᠢᠯᠡᠭᠡ ᠵᠡᠷᠭᠡ ᠲᠤᠬᠠᠢ ᠶᠢᠨ ᠭᠠᠵᠠᠷ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠶᠢ ᠬᠠᠩᠭᠠᠨ᠎ᠠ᠃ | | ᠼᠦᠢ ᠶᠦᠩ ᠢᠯᠡᠷᠬᠡᠶᠢᠯᠡᠬᠦ ᠳᠡᠭᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠳᠣ ᠪᠠᠶᠢᠭ᠎ᠠ | ᠵᠤᠭᠠᠴᠠᠯ ᠤᠨ ᠡᠬᠢ ᠪᠠᠶᠠᠯᠢᠭ ᠢᠶᠠᠨ ᠠᠰᠢᠭᠯᠠᠵᠤ᠂ ᠣᠷᠣᠨ ᠪᠦᠰᠡ ᠶᠢᠨ ᠣᠨᠴᠠᠯᠢᠭ ᠲᠠᠢ ᠠᠷᠠᠳ ᠤᠨ ᠣᠷᠣᠨ | ᠰᠠᠭᠤᠴᠠ ᠶᠢ ᠪᠠᠶᠢᠭᠤᠯᠵᠤ᠂ ᠨᠠᠩ ᠣᠯᠠᠨ ᠵᠤᠭᠠᠴᠠᠭᠰᠠᠳ ᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | ᠣᠴᠢᠭᠤᠯᠤᠨ ᠲᠣᠭᠤᠷᠢᠨ ᠵᠤᠭᠠᠴᠠᠭᠤᠯᠵᠤ᠂ ᠡᠭᠦᠨ ᠤ ᠤᠯᠠᠮ ᠢᠶᠠᠷ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠵᠤ ᠤᠶᠢᠯᠡᠰ ᠤᠨ ᠬᠥᠭᠵᠢᠯᠲᠡ ᠶᠢ ᠳᠠᠶᠢᠴᠢᠯᠠᠬᠤ ᠶᠢᠨ ᠬᠠᠮᠲᠤ᠂ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠨᠢ ᠪᠠᠰᠠ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠠᠵᠢᠯ ᠤᠯᠬᠤ ᠲᠣᠬᠢᠶᠠᠯ ᠢ | ᠨᠡᠮᠡᠭᠳᠡᠭᠦᠯᠵᠦ᠂ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠦᠨ᠂ ᠠᠷᠠᠳ ᠢᠷᠭᠡᠳ ᠲᠤ ᠨᠠᠩ ᠣᠯᠠᠨ ᠵᠣᠯ | ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠲᠠᠢ ᠪᠣᠯᠭᠠᠵᠤ᠂ ᠬᠠᠮᠲᠤ ᠪᠠᠷ ᠴᠢᠨᠡᠭᠡᠯᠢᠭᠵᠢᠬᠦ ᠵᠠᠮ ᠢ | ᠤᠯᠠᠮ ᠥᠷᠭᠡᠨ ᠳᠠᠷᠳᠠᠩ ᠪᠣᠯᠭᠠᠵᠤ ᠪᠣᠯᠤᠨ᠎ᠠ᠃ | ᠴᠢᠶᠣᠤ ᠶᠦᠨ ᠯᠢ ᠵᠢᠭᠠᠵᠤ ᠭᠠᠷᠭᠠᠭᠰᠠᠨ ᠨᠢ᠂ ᠠᠷᠠᠳ ᠤᠨ ᠣᠷᠣᠨ ᠰᠠᠭᠤᠴᠠ ᠶᠢᠨ ᠨᠡᠩ ᠥᠨᠳᠥᠷ ᠶᠠᠰᠤ | ᠴᠢᠨᠠᠷ ᠲᠠᠢ ᠬᠥᠭᠵᠢᠯᠲᠡ ᠨᠢ ᠴᠢᠳᠠᠪᠤᠷᠢᠲᠠᠨ ᠠᠴᠠ ᠰᠠᠯᠵᠤ ᠴᠢᠳᠠᠬᠤ ᠦᠭᠡᠶ᠂ ᠨᠡᠩ ᠤᠯᠠᠨ ᠰᠢᠯᠢᠳᠡᠭ | ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠵᠣᠷᠢᠭᠵᠢᠭᠤᠯᠵᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠠᠷᠠᠳ ᠤᠨ ᠵᠠᠩ ᠦᠢᠯᠡ ᠶᠢᠨ ᠠᠵᠤ ᠠᠬᠤᠢ ᠶᠢᠨ ᠠᠰᠢᠭ | ᠲᠤᠰᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠰᠠᠶᠢᠲᠤᠷ ᠤᠬᠠᠭᠤᠯᠵᠤ᠂ ᠲᠣᠰᠬᠤᠨ ᠤ ᠠᠷᠠᠳ ᠤᠨ ᠦᠵᠡᠯ | ᠰᠠᠨᠠᠭᠠᠨ ᠤ ᠠᠵᠢᠯ ᠢ ᠰᠠᠶᠢᠲᠤᠷ ᠬᠢᠵᠦ᠂ ᠲᠣᠰᠬᠤᠨ ᠤ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠠᠷᠠᠳ ᠤᠨ | ᠣᠷᠣᠨ ᠰᠠᠭᠤᠴᠠ ᠶᠢᠨ ᠬᠥᠭᠵᠢᠯᠲᠡ ᠳᠤ ᠨᠡᠩ ᠤᠯᠠᠨ ᠣᠷᠣᠯᠴᠠᠭᠤᠯᠵᠤ᠂ ᠪᠦᠬᠦ ᠲᠣᠰᠬᠤᠨ ᠢᠶᠠᠷ ᠨᠢ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠤ ᠬᠠᠮᠲᠤᠪᠠᠷ ᠬᠥᠭᠵᠢᠬᠦ᠂ | ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃ | ᠴᠢᠶᠣᠤ ᠶᠦᠨ ᠯᠢ᠂ ᠤᠳᠤ ᠶᠢᠨ ᠪᠠᠶᠢᠭ᠎ᠠ ᠡᠬᠢ ᠪᠠᠶᠠᠯᠢᠭ ᠢ ᠴᠢᠨᠠᠭᠰᠢᠳᠠ ᠨᠡᠶᠢᠳᠬᠡᠨ ᠰᠠᠶᠢᠲᠤᠷ ᠠᠰᠢᠭᠯᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠬᠤ ᠦᠢᠯᠡᠳᠦᠯ ᠪᠣᠯᠤᠨ ᠨᠠᠮ ᠤᠨ | ᠭᠡᠰᠢᠭᠦᠨ ᠤ ᠬᠤᠰᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠬᠠᠢ ᠶᠢᠨ ᠭᠠᠵᠠᠷ ᠤᠨ ᠮᠠᠯᠴᠢᠨ ᠠᠶᠢᠯ ᠤᠨ | ᠵᠤᠭᠠᠴᠠᠯ ᠤᠨ ᠣᠨᠴᠠᠯᠢᠭ ᠲᠠᠢ ᠤᠶᠠᠯᠳᠤᠭᠤᠯᠵᠤ᠂ ᠰᠣᠳᠣᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ | ᠰᠢᠨ᠎ᠡ ᠠᠵᠠ ᠲᠣᠬᠢᠶᠠᠯ ᠢ ᠠᠮᠵᠢᠵᠤ᠂ ︽ᠠᠷᠠᠳ ᠤᠨ ᠣᠷᠣᠨ ᠰᠠᠭᠤᠴᠠ + ᠵᠤᠭᠠᠴᠠᠯ︾᠂ ︽ᠠᠷᠠᠳ ᠤᠨ ᠣᠷᠣᠨ | ᠰᠠᠭᠤᠴᠠ + ᠰᠣᠶᠣᠯ︾ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠴᠢᠶᠣᠤ ᠶᠦᠨ ᠯᠢ ᠴᠢᠬᠤᠯᠠᠴᠢᠯᠠᠭᠰᠠᠨ ᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠵᠠᠮ | ᠬᠠᠷᠢᠯᠴᠠᠭᠠᠨ ᠤ ᠣᠷᠣᠨ ᠪᠠᠶᠢᠷᠢ᠂ ᠲᠡᠤᠬᠡ ᠰᠣᠶᠣᠯ᠂ ᠠᠮᠢ ᠠᠬᠤᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ | ᠪᠠᠶᠠᠯᠢᠭ ᠵᠡᠷᠭᠡ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ︽ᠠᠷᠠᠳ ᠤᠨ ᠣᠷᠣᠨ ᠰᠠᠭᠤᠴᠠ ᠶᠢᠨ ᠠᠵᠤ | ᠤᠶᠢᠯᠡᠰ ᠤᠨ ᠬᠥᠭᠵᠢᠯᠲᠡ ᠶᠢᠨ ᠠᠵᠤ ᠠᠬᠤᠶ ᠶᠢᠨ ᠬᠦᠷᠢᠶ᠎ᠡ︾ ᠪᠠᠷ ᠬᠥᠭᠵᠢᠯᠲᠡ ᠶᠢᠨ ᠭᠤᠤᠯᠳᠠᠯᠭ᠎ᠠ ᠪᠣᠯᠭᠠᠨ᠂ | ᠠᠷᠠᠳ ᠤᠨ ᠣᠷᠣᠨ ᠰᠠᠭᠤᠴᠠ ᠶᠢᠨ ᠠᠵᠤ ᠠᠬᠤᠶ ᠶᠢ ᠪᠥᠬᠦ ᠬᠤᠰᠢᠭᠤᠨ ᠤ ᠤᠨᠴᠠᠯᠢᠬᠳᠤ ᠳᠠᠪᠠᠭᠤᠯᠢᠭ ᠠᠵᠤ | ᠤᠶᠢᠯᠡᠰ ᠪᠠ ᠠᠷᠠᠳ ᠢ ᠪᠠᠶᠠᠵᠢᠭᠤᠯᠤᠨ ᠠᠷᠠᠳ ᠲᠤ ᠠᠰᠢᠭ ᠬᠦᠷᠲᠡᠭᠡᠬᠦ ᠠᠵᠤ ᠣᠶᠢᠯᠡᠰ ᠪᠣᠯᠭᠠᠨ ᠪᠥᠲᠥᠭᠡᠨ | ᠪᠠᠶᠢᠭᠤᠯᠬᠤ ᠶᠢ ᠲᠦᠷᠭᠡᠳᠬᠡᠬᠦ ᠬᠡᠷᠡᠭᠲᠡᠶ᠃ ᠠᠷᠠᠳ ᠤᠨ ᠣᠷᠣᠨ ᠰᠠᠭᠤᠴᠠ ᠶᠢ ᠨᠡᠭᠡᠭᠡᠨ ᠬᠥᠭᠵᠢᠭᠦᠯᠬᠦ ᠪᠠ ︽ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾᠂ ︽ᠬᠥᠳᠡᠭᠡ ᠲᠣᠰᠬᠤᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ︾ ᠵᠡᠷᠭᠡ ᠲᠠᠷᠢᠶᠠᠯᠠᠩ ᠳᠤ ᠬᠤᠯᠪᠣᠭᠳᠠᠬᠤ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠶᠢ | ᠴᠢᠩᠭᠠᠳᠬᠠᠵᠤ᠂ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠠᠵᠤ ᠣᠶᠢᠯᠡᠰ ᠤᠨ ᠡᠷᠡᠭᠦᠯ᠂ | ᠦᠷᠭᠦᠯᠵᠢᠯᠡᠭᠰᠡᠨ᠂ ᠴᠢᠨᠠᠷ ᠰᠠᠶᠢᠲᠠᠶ ᠬᠥᠭᠵᠢᠯᠲᠡ ᠶᠢ ᠲᠡᠳᠬᠦᠨ ᠠᠬᠢᠭᠤᠯᠤᠨ᠎ᠠ᠃ | ᠳᠠᠷᠠᠭ᠎ᠠ ᠪᠠᠷ ᠨᠢ ᠴᠢᠶᠣᠤ ᠳᠠᠷᠤᠭ᠎ᠠ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠠᠵᠢᠯ ᠳᠤ ᠪᠠᠶᠢᠴᠠᠭᠠᠨ | ᠰᠤᠳᠤᠯᠤᠯᠲᠠ ᠬᠢᠵᠡᠶ᠃ | ᠵᠣᠬᠢᠶᠠᠭᠴᠢ᠄ ᠯᠢ ᠰᠢᠤᠸᠠᠨ᠂ ᠹᠠᠨ ᠵᠢᠶᠠ ᠸᠧᠨ | ᠣᠷᠴᠢᠭᠤᠯᠣᠭᠴᠢ᠄ ᠡᠷᠳᠡᠨᠢᠴᠢᠮᠡᠭ |