ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠦᠢ ᠶᠦᠩ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠳ ᠤᠨ 11 ᠳ᠋ᠤᠭᠡᠷ ᠤᠳᠠᠭᠠᠨ ᠤ ᠬᠤᠷᠠᠯ ᠵᠢᠴᠢ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ | | 10 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ 11 ᠳ᠋ᠤᠬᠡᠷ ᠤᠳᠠᠭᠠᠨ ᠤ ᠬᠤᠷᠠᠯ ᠵᠢᠴᠢ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ | ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠲᠠᠭᠢᠨ ᠲᠣᠬᠢᠷᠠᠭᠤᠯᠵᠤ ᠲᠠᠭᠢᠨ ᠪᠠᠶᠢᠷᠢᠯᠠᠭᠤᠯᠵᠠᠶ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠯᠢᠦ ᠰᠧ ᠴᠢᠨ᠂ ᠬᠤᠰᠢᠭᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠬᠤᠰᠢᠭᠤᠨ | ᠲᠠᠰ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤᠨ ᠳᠥᠷᠪᠡᠨ ᠶᠡᠭᠡ ᠪᠠᠭ ᠤᠨ ᠠᠯᠪᠠᠨ ᠬᠡᠷ᠂ | ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ | ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ | ᠴᠠᠭᠠᠵᠠ ᠶᠢᠨ ᠬᠤᠷᠢᠶᠠᠨ ᠤ ᠱᠦᠵᠢ ᠶᠠᠨ ᠹᠦ᠋ ᠥᠪᠡᠷᠲᠡᠭᠡᠨ ᠵᠠᠰᠠᠬᠤ ᠣᠷᠣᠨ ᠤ ᠰᠢᠨ᠎ᠡ ᠳᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠤᠲᠠᠰᠤ ᠲᠠᠮᠵᠢᠯᠭᠠᠲᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠶ᠃ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠠᠵᠢᠯᠯᠠᠬᠤ ᠳᠤᠭᠤᠶᠢᠯᠠᠩ | ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠪᠠᠶᠢᠳᠠᠯ ᠳᠤ ᠲᠣᠳᠣᠷᠬᠠᠶᠢᠯᠠᠯᠲᠠ ᠬᠢᠪᠠ᠃ | ᠵᠠᠩ ᠵᠢᠶᠠᠨ ᠪᠢᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ | ᠣᠷᠣᠨ᠂ ᠬᠤᠳᠠ ᠶᠢᠨ ᠠᠵᠢᠯ ᠤᠨ ᠲᠤᠬᠢᠷᠠᠭᠤᠯᠤᠯᠳᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠬᠤ | ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠭᠠᠳᠠᠭᠠᠳᠤ ᠠᠴᠠ ᠣᠷᠣᠭᠤᠯᠬᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠲᠦᠷᠭᠡᠨ ᠪᠣᠳᠠᠲᠠᠢ ᠨᠠᠷᠢᠯᠢᠭ ᠰᠠᠶᠢᠲᠤᠷ ᠬᠢᠵᠦ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠲᠡ ᠠᠴᠠ ᠠᠳᠬᠤᠨ ᠪᠠᠭ᠎ᠠ ᠠᠴᠠ ᠨᠢ ᠤᠯᠠᠮ ᠨᠢᠭᠡ | ᠠᠯᠬᠤᠮ ᠠᠳᠬᠤᠵᠤ᠂ ᠭᠡᠮ ᠰᠣᠭᠤᠭ ᠤᠨ ᠴᠡᠭ᠂ ᠠᠶᠤᠯ ᠲᠦᠭᠰᠢᠭᠦᠷᠢ ᠶᠢᠨ ᠴᠡᠭ᠂ ᠭᠤᠣᠯᠳᠠᠯᠭ᠎ᠠ ᠲᠠᠢ ᠲᠠᠯᠠᠪᠤᠷ | ᠭᠠᠵᠠᠷ ᠪᠣᠯᠤᠨ ᠭᠤᠣᠯᠳᠠᠯᠭ᠎ᠠ ᠲᠠᠢ ᠬᠥᠮᠦᠰ ᠢ ᠨᠠᠷᠢᠨ ᠬᠢᠨᠠᠮᠠᠭᠠᠢ ᠪᠠᠶᠢᠴᠠᠭᠠᠵᠤ᠂ ᠳᠤᠮᠳᠠ ᠠᠶᠤᠯ ᠲᠦᠭᠰᠢᠭᠦᠷᠢ | ᠶᠡᠬᠡᠲᠡᠢ ᠭᠠᠵᠠᠷ ᠣᠷᠣᠨ ᠠᠴᠠ ᠢᠷᠡᠭᠰᠡᠨ ᠬᠥᠮᠦᠰ ᠢ ᠴᠢᠩᠭ᠎ᠠ ᠬᠠᠮᠢᠶᠠᠷᠤᠨ ᠡᠵᠡᠮᠳᠡᠨ᠎ᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠢᠷᠭᠡᠳ ᠤᠨ | ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠼᠦᠢ ᠶᠦᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠪᠠᠶᠢᠳᠠᠯ ᠢ | ᠭᠦᠨᠵᠡᠭᠡᠶ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠲᠡᠶᠢᠨ ᠠᠴᠠ ᠬᠠᠯᠠᠰᠢᠷᠠᠬᠤ ᠰᠡᠳᠬᠢᠯᠭᠡ᠂ ᠠᠵᠠ | ᠵᠠᠪᠰᠢᠶᠠᠨ ᠢᠶᠠᠷ ᠭᠤᠷᠢᠳᠠᠬᠤ ᠰᠡᠳᠬᠢᠯᠭᠡ ᠶᠢ ᠡᠷᠡᠰ ᠲᠡᠪᠴᠢᠬᠦ ᠬᠡᠷᠡᠭᠲᠡᠶ᠃ ᠡᠯ᠎ᠡ ᠬᠤᠪᠢᠳᠠᠨ ᠬᠠᠮᠢᠶᠠᠷᠴᠤ ᠪᠦᠬᠦᠢ | ᠤᠳᠤᠷᠢᠳᠤᠯᠭ᠎ᠠ ᠠᠴᠠ ︽ᠠᠵᠢᠯ ᠲᠦᠷᠦᠯ ᠢ ᠬᠠᠮᠢᠶᠠᠷᠬᠤ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠬᠠᠮᠢᠶᠠᠷᠬᠤ︾ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰ ᠲᠤᠰ ᠤᠨ ᠬᠤᠪᠢᠳᠠᠨ | ᠬᠠᠮᠢᠶᠠᠷᠴᠤ ᠪᠦᠬᠦᠢ ᠬᠦᠷᠢᠶ᠎ᠡ ᠴᠠᠷᠠᠭ᠎ᠠ᠂ ᠬᠤᠪᠢᠳᠠᠨ ᠬᠠᠮᠢᠶᠠᠷᠴᠤ ᠪᠦᠬᠦᠢ ᠠᠵᠢᠯ ᠲᠦᠷᠦᠯ ᠢ ᠱᠠᠯᠠᠪᠳᠠᠭᠤᠯᠤᠨ | ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠪᠣᠯᠤᠨ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠤᠰᠠᠭᠠᠷᠯᠠᠬᠤ ᠲᠠᠯᠠᠪᠤᠷ ᠭᠠᠵᠠᠷ᠂ ᠰᠡᠷᠭᠡᠶᠢᠯᠡᠨ ᠡᠵᠡᠮᠳᠡᠬᠦ | ᠡᠳ᠋ ᠪᠣᠳᠠᠰ᠂ ᠡᠮᠴᠢᠯᠡᠭᠡᠨ ᠤ ᠬᠡᠷᠡᠭᠰᠡᠯ ᠵᠡᠷᠭᠡ ᠶᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠡᠯᠡᠳᠬᠡᠯ ᠲᠠᠢ ᠪᠣᠯ | ᠪᠠᠯᠠᠳᠠᠬᠤ ᠥᠬᠡᠶ ᠪᠠᠶᠢᠬᠤ ᠶᠢ ᠦᠨᠡᠨᠬᠦ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ | ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠭᠠᠯᠲᠤ ᠲᠡᠷᠭᠡᠨ ᠤ ᠥᠷᠲᠡᠭᠡ᠂ | ᠮᠠᠰᠢᠨ ᠲᠡᠷᠭᠡᠨ ᠤ ᠥᠷᠲᠡᠭᠡ᠂ ᠤᠯᠠᠭᠠᠨᠬᠠᠳᠠ ᠶᠢᠨ ᠭᠠᠯᠲᠤ ᠠᠭᠤᠯᠠ ᠶᠢᠨ ᠡᠷᠬᠢᠨ ᠲᠣᠭᠤᠷᠢᠨ ᠪᠠ ᠪᠠᠷᠢᠯᠭ᠎ᠠ ᠶᠢᠨ | ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠵᠡᠷᠭᠡ ᠬᠥᠮᠦᠨ ᠣᠯᠠᠨ | ᠴᠤᠭᠯᠠᠷᠠᠳᠠᠭ ᠭᠠᠵᠠᠷ ᠲᠠᠯᠠᠪᠤᠷ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ | ᠨᠠᠰᠢ ᠴᠠᠰᠢ ᠶᠠᠪᠤᠬᠤ ᠲᠡᠷᠭᠡ ᠬᠥᠰᠬᠡ ᠶᠢ ᠰᠠᠶᠢᠲᠤᠷ ᠳᠡᠩᠰᠡᠯᠡᠨ ᠲᠡᠮᠳᠡᠭᠯᠡᠵᠦ᠂ ᠣᠷᠣᠭᠤᠯᠤᠯᠲᠠ ᠶᠢᠨ ᠴᠢᠨᠠᠷᠲᠠᠶ | ᠬᠢᠵᠢᠭ ᠤᠨ ᠪᠠᠶᠢᠳᠠᠯ ᠤᠨ ᠲᠦᠭᠰᠢᠭᠦᠷᠢ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠴᠢᠩᠭ᠎ᠠ ᠪᠥᠭᠡᠳ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠼᠦᠢ ᠶᠦᠩ ᠪᠠᠰᠠ ᠠᠶᠤᠯᠭᠦᠢ ᠦᠢᠯᠡᠳᠪᠦᠷᠢᠯᠡᠯ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ | ᠲᠡᠳᠬᠦᠬᠦ ᠶᠢ ᠵᠣᠯᠭᠠᠭᠤᠯᠬᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠲᠥᠯᠥᠪᠵᠢᠭᠦᠯᠭᠡ ᠵᠡᠷᠭᠡ | ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠵᠣᠬᠢᠶᠠᠭᠴᠢ᠄ ᠴᠢ ᠷᠦᠢ ᠶᠢᠨ᠂ ᠸᠠᠩ ᡁᠢ ᠸᠧᠨ | ᠣᠷᠴᠢᠭᠤᠯᠣᠭᠴᠢ᠄ ᠡᠷᠳᠡᠨᠢᠴᠢᠮᠡᠭ |