ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠦᠭᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/10/27
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠪᠦᠭᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠᠴᠢᠮ ᠪᠠᠶᠢᠳᠠᠯ‌ᠢ ᠠᠷᠭᠠᠴᠠᠬᠤ ᠰᠣᠷᠢᠯᠲᠠ ᠶᠢ ᠥᠷᠨᠢᠭᠦᠯᠪᠡ      ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃ 10 ᠰᠠᠷ᠎ᠠ ᠶᠢᠨ 26 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠪᠦᠭᠦ ᠠᠵᠢᠯᠲᠠᠨ ᠤ ᠪᠦᠭᠡᠮ ᠬᠦᠴᠢᠯ ᠢ ᠪᠠᠶᠢᠴᠠᠭᠠᠨ ᠰᠢᠯᠭᠠᠬᠤ ᠪᠦᠭᠦ ᠶᠠᠪᠤᠴᠠ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠰᠣᠷᠢᠯᠲᠠ ᠪᠠᠷ ᠰᠤᠷᠭᠠᠭᠤᠯᠢᠯᠠᠯ ᠢ ᠠᠬᠢᠭᠤᠯᠵᠤ᠂ ᠰᠤᠷᠭᠠᠭᠤᠯᠢᠯᠠᠯ ᠢᠶᠠᠷ ᠲᠠᠶᠢᠨ ᠳᠤ ᠪᠡᠯᠡᠳᠬᠡᠵᠦ᠂ ᠲᠦᠷᠭᠡᠨ ᠪᠥᠭᠡᠳ ᠥᠨᠳᠥᠷ ᠪᠦᠲᠦᠮᠵᠢᠲᠡᠶ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠵᠤ᠂ ︽ᠡᠷᠲᠡ ᠠᠴᠠ ᠢᠯᠡᠷᠡᠭᠦᠯᠵᠦ᠂ ᠡᠷᠲᠡ ᠠᠴᠠ ᠮᠡᠳᠡᠭᠦᠯᠵᠦ᠂ ᠡᠷᠲᠡ ᠠᠴᠠ ᠲᠤᠰᠠᠭᠠᠷᠯᠠᠵᠤ᠂ ᠡᠷᠲᠡ ᠠᠴᠠ ᠡᠮᠨᠡᠨ ᠵᠠᠰᠠᠬᠤ︾ ᠶᠢ ᠦᠨᠡᠨ ᠬᠦ ᠪᠡᠶᠡᠯᠡᠭᠦᠯᠬᠦ ᠶᠢᠨ ᠲᠥᠯᠥᠭᠡ ᠶᠤᠮ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠶᠤᠸᠠᠨ ᡁᠢ ᠰᠢᠪᠠᠳᠠᠨ ᠪᠠᠶᠢᠴᠠᠭᠠᠬᠤ ᠰᠣᠷᠢᠯᠲᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦᠶ ᠯᠢ ᠱᠧᠩ ᠵᠢᠭᠠᠨ ᠵᠢᠯᠣᠭᠤᠳᠬᠤ ᠰᠣᠷᠢᠯᠲᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠶᠢᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠵᠣᠬᠢᠶᠠᠨ ᠪᠠᠶᠢᠭᠤᠯᠵᠤ ᠰᠣᠷᠢᠯᠲᠠ ᠶᠢ ᠵᠣᠬᠢᠶᠠᠨ ᠪᠠᠶᠢᠭᠤᠯᠪᠠ᠃
     ᠲᠣᠰ ᠤᠳᠠᠭᠠᠨ ᠤ ᠰᠣᠷᠢᠯᠲᠠ ᠶᠢ ᠰᠣᠷᠢᠯᠲᠠ ᠶᠢᠨ ᠲᠥᠰᠦᠯ ᠤᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ 2 ᠥᠯᠢᠭᠡᠷ ᠠᠪᠬᠤ ᠴᠡᠭ ᠭᠠᠷᠭᠠᠵᠤ᠂ ᠣᠷᠣᠵᠤ ᠭᠠᠷᠬᠤ ᠡᠭᠦᠳᠡ ᠭᠠᠷᠭᠠᠵᠤ᠂ ᠪᠡᠶ᠎ᠡ ᠶᠢᠨ ᠳᠤᠯᠠᠭᠠᠨ ᠢ ᠬᠡᠮᠵᠢᠬᠦ ᠣᠷᠣᠨ᠂ ᠬᠦᠯᠢᠶᠡᠬᠦ ᠣᠷᠣᠨ᠂ ᠮᠡᠳᠡᠭᠡ ᠵᠠᠩᠭᠢ ᠳᠠᠩᠰᠠᠯᠠᠬᠤ ᠣᠷᠣᠨ᠂ ᠥᠯᠢᠭᠡᠷ ᠠᠪᠬᠤ ᠣᠷᠣᠨ᠂ ᠵᠠᠪᠰᠠᠷ ᠤᠨ ᠣᠷᠣᠨ᠂ ᠡᠮᠴᠢᠯᠡᠭᠡᠨ ᠤ ᠬᠤᠭ ᠨᠣᠪᠰᠢ ᠶᠢ ᠲᠦᠷ ᠬᠠᠳᠠᠭᠠᠯᠠᠬᠤ ᠣᠷᠣᠨ᠂ ᠦᠯᠡᠳᠡᠭᠡᠨ ᠦᠵᠡᠬᠦ ᠣᠷᠣᠨ᠂ ᠥᠯᠢᠭᠡᠷ ᠡᠳ᠋ ᠰᠢᠯᠵᠢᠭᠦᠯᠦᠨ ᠲᠡᠭᠡᠭᠡᠪᠦᠷᠢᠯᠡᠬᠦ ᠣᠷᠣᠨ ᠵᠡᠷᠭᠡ ᠣᠷᠣᠨ ᠪᠦᠰᠡ ᠶᠢ ᠪᠠᠶᠢᠷᠢᠯᠠᠭᠤᠯᠵᠤ ᠂ ᠨᠢᠭᠡ ᠮᠧᠲᠷ ᠤᠨ ᠬᠦᠯᠢᠶᠡᠬᠦ ᠱᠤᠭᠤᠮ ᠢ ᠢᠯᠡᠳᠬᠡᠨ ᠲᠡᠮᠳᠡᠭᠯᠡᠵᠡᠶ᠃ ᠲᠣᠰ ᠤᠳᠠᠭᠠᠨ ᠤ ᠰᠣᠷᠢᠯᠲᠠ ᠶᠢ ᠰᠣᠷᠢᠯᠲᠠ ᠶᠢᠨ ᠲᠥᠰᠦᠯ ᠤᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠰᠣᠷᠢᠯᠲᠠ ᠶᠢᠨ ᠲᠤᠬᠠᠶ ᠶᠢᠨ ᠲᠠᠯᠠᠪᠤᠷ ᠲᠤ᠂ ᠡᠯ᠎ᠡ ᠣᠷᠣᠨ ᠪᠦᠰᠡ ᠶᠢᠨ ᠠᠵᠢᠯᠲᠠᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠨ᠂ 10 ᠬᠥᠮᠦᠨ ᠢᠶᠠᠷ ᠨᠢᠭᠡ ᠳᠤᠭᠤᠶᠢᠯᠠᠩ ᠪᠣᠯᠭᠠᠬᠤ᠂ ᠬᠥᠮᠦᠨ ᠪᠦᠷᠢ 1.2 ᠮᠧᠲᠷ ᠠᠯᠤᠰᠯᠠᠬᠤ᠂ ᠠᠮᠠᠪᠴᠢ ᠵᠡᠭᠦᠬᠦ ᠵᠡᠷᠭᠡ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠣᠷᠢᠯᠲᠠ ᠳᠤ ᠣᠷᠣᠯᠴᠠᠬᠤ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠂ ᠮᠡᠳᠡᠭᠡ ᠵᠠᠩᠭᠢ ᠶᠢ ᠳᠠᠩᠰᠠᠯᠠᠬᠤ᠂ ᠵᠠᠯᠭᠢᠭᠤᠷ ᠤᠨ ᠵᠦᠯᠭᠦᠭᠦᠷ ᠴᠤᠭᠯᠠᠭᠤᠯᠬᠤ ᠶᠢ ᠡᠮᠬᠢ ᠵᠢᠷᠤᠮ ᠲᠠᠢ ᠪᠡᠶᠡᠯᠡᠭᠦᠯᠦᠨ᠎ᠡ᠃ ᠪᠥᠬᠦ ᠥᠯᠢᠭᠡᠷ ᠠᠪᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠡᠮᠴᠢ ᠰᠤᠪᠢᠯᠠᠭᠴᠢᠳ ᠲᠤᠬᠠᠶ ᠶᠢᠨ ᠲᠠᠯᠠᠪᠤᠷ ᠢ ᠴᠠᠭ ᠲᠤᠬᠠᠶ ᠳᠤᠨᠢ ᠤᠰᠠᠳᠬᠠᠵᠤ᠂ ᠥᠯᠢᠭᠡᠷ ᠡᠳ᠋ ᠢ ᠪᠠᠶᠢᠴᠠᠭᠠᠨ ᠰᠢᠯᠭᠠᠬᠤ ᠴᠡᠭ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠯᠭᠠᠪᠠ᠃ ᠰᠣᠷᠢᠯᠲᠠ ᠳᠤ ᠨᠡᠶᠢᠲᠡ 1236 ᠣᠯᠠᠨ ᠲᠦᠮᠡᠨ ᠳᠤ ᠵᠠᠯᠭᠢᠭᠤᠷ ᠤᠨ ᠵᠦᠯᠭᠦᠭᠦᠷ ᠴᠤᠭᠯᠠᠭᠤᠯᠵᠠᠶ᠃      ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ᠂ ᠰᠣᠷᠢᠯᠲᠠ ᠳᠤ ᠣᠷᠣᠯᠴᠠᠭᠰᠠᠨ ᠪᠦᠬᠦ ᠬᠥᠮᠦᠰ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠶᠠᠪᠤᠴᠠ ᠵᠢᠴᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠣᠷᠢᠯᠡᠬᠦ ᠳᠦᠷᠢᠮᠵᠢᠯ ᠢ ᠴᠢᠩᠭ᠎ᠠ ᠵᠢᠷᠤᠮᠯᠠᠨ ᠠᠵᠢᠯᠯᠠᠵᠤ᠂ ᠪᠦᠬᠦ᠋ᠢᠯᠡ ᠰᠣᠷᠢᠯᠲᠠ ᠶᠢᠨ ᠶᠠᠪᠤᠴᠠ ᠨᠢ ᠡᠮᠬᠢ ᠳᠢᠭᠯᠢᠮ ᠲᠠᠢ᠂ ᠰᠡᠳᠬᠢᠯ ᠰᠠᠨᠠᠭ᠎ᠠ ᠪᠠᠨ ᠣᠯᠣᠯᠴᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠮᠨᠡᠯᠭᠡ ᠶᠢᠨ ᠠᠵᠢᠯᠲᠠᠳ ᠤᠨ ᠪᠦᠯᠬᠦᠮ ᠤᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠳ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠢᠢᠳᠪᠣᠷᠢᠯᠡᠬᠦ ᠴᠢᠳᠠᠪᠤᠷᠢ ᠶᠢ ᠰᠢᠯᠭᠠᠨ ᠪᠠᠶᠢᠴᠠᠭᠠᠵᠤ᠂ ᠭᠠᠷᠴᠤ ᠮᠡᠳᠡᠬᠦ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠠᠷᠭᠠᠴᠠᠬᠤ ᠳᠤ ᠪᠣᠳᠠᠲᠠᠶ ᠲᠤᠷᠰᠢᠯᠭ᠎ᠠ ᠬᠤᠷᠠᠮᠳᠤᠭᠤᠯᠵᠠᠶ᠃ ᠰᠣᠷᠢᠯᠲᠠ ᠳᠤ ᠢᠯᠡᠷᠡᠭᠦᠯᠦᠭᠰᠡᠨ ᠬᠦᠷᠦᠯᠴᠡᠬᠦ ᠥᠬᠡᠶ ᠠᠰᠠᠭᠤᠳᠠᠯ ᠵᠢᠴᠢ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠴᠠᠭ ᠲᠤᠬᠠᠶ ᠳᠤᠨᠢ ᠬᠤᠷᠠᠯ ᠬᠤᠷᠠᠯᠳᠤᠭᠤᠯᠵᠤ ᠰᠤᠳᠤᠯᠤᠨ ᠲᠡᠭᠦᠯᠳᠡᠷᠵᠢᠭᠦᠯᠵᠦ ᠰᠠᠶᠢᠵᠢᠷᠠᠭᠤᠯᠤᠨ ᠳᠡᠭᠡᠭᠰᠢᠯᠡᠭᠦᠯᠪᠡ᠃ ᠪᠦᠬᠦ ᠬᠤᠰᠢᠭᠤᠨ ᠳᠤ ᠨᠡᠶᠢᠲᠡ 41 ᠦᠯᠢᠭᠡᠷ ᠠᠪᠬᠤ ᠴᠡᠭ ᠪᠠᠶᠢᠷᠢᠯᠠᠭᠤᠯᠵᠤ᠂ ᠪᠥᠭᠡᠮ ᠬᠦᠴᠢᠯ ᠤᠨ ᠦᠯᠢᠭᠡᠷ ᠠᠪᠬᠤ᠂ ᠮᠡᠳᠡᠭᠡ ᠵᠠᠩᠭᠢ ᠳᠠᠩᠰᠠᠯᠠᠬᠤ᠂ ᠡᠮᠬᠢ ᠳᠢᠭᠯᠢᠮ ᠢ ᠬᠠᠮᠠᠭᠠᠯᠠᠬᠤ ᠪᠠ ᠤᠰᠠᠳᠬᠠᠬᠤ ᠡᠩᠨᠡᠭᠡ ᠶᠢ ᠲᠣᠬᠢᠷᠠᠭᠤᠯᠵᠤ᠂ ︽ᠪᠡᠯᠡᠳᠬᠡᠬᠦ ᠠᠴᠠ ᠪᠢᠰᠢ ᠬᠡᠷᠡᠭᠯᠡᠬᠦ ᠥᠬᠡᠶ᠂ ᠬᠡᠷᠡᠭᠯᠡᠬᠦ ᠠᠴᠠ ᠪᠢᠰᠢ ᠪᠡᠯᠡᠳᠬᠡᠯ ᠥᠬᠡᠶ ᠪᠠᠶᠢᠬᠤ︾ ᠵᠠᠷᠴᠢᠮ ᠤᠨ ᠶᠣᠰᠣᠭᠠᠷ ᠡᠳ᠋ ᠪᠣᠳᠠᠰ ᠤᠨ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠳᠣᠤᠷ᠎ᠠ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠥᠨᠳᠥᠷ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠪᠠᠷ ᠪᠡᠶᠡᠯᠡᠭᠦᠯᠵᠦ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠪᠠᠲᠤ ᠪᠠᠬᠢ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠶ᠃                                           ᠵᠣᠬᠢᠶᠠᠭᠴᠢ᠄ ᠯᠢ ᠷᠦᠩ᠂ ᠸᠠᠩ ᠱᠦ ᠸᠧᠨ                                           ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠯᠡᠯ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号