ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/28
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ      10 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠹᠦ᠋᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠱᠦ ᠸᠧᠶ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠰᠢᠤ ᠴᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠵᠢᠶᠦ᠋ᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠣᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳ᠋ᠠ ᠯᠢᠦ ᠬᠤᠣ ᠪᠠᠯᠭᠠᠰᠤ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ᠵᠠᠩ ᠰᠢᠤ ᠴᠢᠩ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭᠠᠨ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠥᠰᠦᠯ︾ ᠪᠣᠯᠤᠨ ︽2021 ᠣᠨ ᠤ ᠴᠠᠭᠠᠨ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠲᠥᠰᠦᠯ︾ ᠤᠨ ᠲᠤᠬᠠᠢ ᠲᠠᠶᠢᠯᠤᠮᠵᠢ ᠬᠢᠵᠦ ᠲᠣᠳᠣᠷᠬᠠᠶᠢᠯᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠣᠪᠴᠢᠶ᠎ᠡ ᠰᠡᠷᠭᠦᠭᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ ᠴᠠᠭᠠᠨ ᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃      ᠵᠠᠩ ᠵᠢᠶᠠᠨ ᠪᠢᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠴᠠᠭᠠᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠳᠡᠭᠡᠳᠦ ᠱᠠᠲᠤᠨ ᠤ ᠴᠠᠭᠠᠨ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠬᠡᠷᠡᠭᠵᠢᠭᠦᠯᠬᠦ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠡᠷᠲᠡ ᠠᠴᠠ ᠭᠠᠷ ᠬᠥᠳᠡᠯᠵᠦ᠂ ᠭᠠᠵᠠᠷ ᠳᠣᠣᠷᠠᠬᠢ ᠤᠰᠤ ᠶᠢ ᠳᠠᠷᠤᠰᠢᠭᠤᠯᠤᠨ ᠮᠠᠯᠲᠠᠬᠤ᠂ ᠲᠠᠷᠢᠶᠠᠯᠠᠩ ᠤᠨ ᠪᠦᠲᠦᠴᠡ ᠶᠢ ᠲᠤᠬᠢᠷᠠᠭᠤᠯᠬᠤ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠣᠨᠴᠠᠭᠠᠶᠢᠯᠠᠨ ᠡᠨᠡ ᠵᠢᠯ ᠤᠨ ᠵᠠᠰᠠᠨ ᠰᠡᠷᠭᠦᠭᠡᠵᠦ ᠬᠠᠮᠠᠭᠠᠯᠠᠬᠤ ᠲᠦᠷᠦᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠪᠠ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ᠂ ᠤᠷᠤᠭᠰᠢᠲᠠᠶ ᠪᠥᠲᠥᠭᠡᠨ ᠪᠠᠶᠢᠭᠤᠯᠬᠤ ᠶᠢᠨ ᠬᠠᠮᠲᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃                                                       ᠵᠣᠬᠢᠶᠠᠭᠴᠢ᠄ ᠪᠦᠦ ᠯᠦᠩ                                                       ᠰᠤᠷᠪᠤᠯᠵᠢᠯᠠᠭᠴᠢ᠄ ᠯᠢᠶᠠᠩ ᠸᠧᠨ ᠯᠦᠩ                                                        ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠯᠡᠯ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号