ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠩᠬᠠᠨ ᠤ ᠵᠢᠱᠢᠭᠳᠡᠭᠴᠢ ᠶᠢ ᠰᠢᠨᠵᠢᠯᠡᠨ ᠪᠠᠶᠢᠴᠠᠭᠠᠬᠤ | ᠠᠵᠢᠯ ᠤᠨ ᠪᠠᠶᠢᠷᠢᠯᠠᠭᠤᠯᠤᠯᠲᠠᠶᠢᠨ ᠬᠤᠷᠠᠯ ᠢ ᠬᠤᠷᠠᠯᠳᠣᠪᠡ | | 10 ᠰᠠᠷ᠎ᠠ ᠶᠢᠨ 26 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠠᠩᠬᠠᠨ ᠤ ᠵᠢᠱᠢᠭᠳᠡᠭᠴᠢ ᠶᠢ ᠰᠢᠯᠭᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠰᠢᠭᠤᠨ ᠤ ᠨᠠᠮ | ᠵᠠᠰᠠᠭ ᠤᠨ ᠠᠰᠠᠷ ᠤᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠣᠪᠡ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ ᠬᠤᠷᠢᠶᠠᠨ ᠤ ᠡᠷᠭᠢᠯᠡᠭᠴᠢ ᠭᠤᠤ ᠮᠢᠩ ᠷᠦ | ᠵᠢᠴᠢ 10 ᠪᠠᠶᠢᠴᠠᠭᠠᠯᠲᠠ ᠶᠢᠨ ᠳᠤᠭᠤᠶᠢᠯᠠᠩ ᠤᠨ ᠪᠦᠭᠦ ᠭᠡᠰᠢᠭᠦᠳ ᠬᠤᠷᠠᠯ ᠳᠤ ᠣᠷᠣᠯᠴᠠᠵᠠᠶ᠃ ᠬᠤᠰᠢᠭᠤᠨ ᠤ | ᠨᠠᠮ ᠤᠨ ᠬᠤᠷᠢᠶᠠᠨ ᠤ ᠪᠡᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ ᠹᠧᠨ ᠮᠢᠩ | ᠬᠤᠷᠠᠯ ᠢ ᠡᠷᠭᠢᠯᠡᠪᠡ᠃ | | ᠬᠤᠷᠠᠯ ᠳᠡᠭᠡᠷ᠎ᠡ᠂ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ | ᠲᠥᠯᠥᠭᠡᠯᠡᠭᠴᠢ ᠶᠢᠨ ᠰᠢᠨᠵᠢᠯᠡᠨ ᠪᠠᠶᠢᠴᠠᠭᠠᠬᠤ ᠳᠤ ᠠᠩᠬᠠᠷᠬᠤ ᠵᠦᠢᠯᠡᠰ ᠤᠨ ᠲᠤᠬᠠᠢ ᠲᠠᠶᠢᠯᠪᠤᠷᠢᠯᠠᠪᠠ᠃ | ᠭᠤᠤ ᠹᠧᠨ ᠮᠢᠩ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠲᠦᠷᠦ ᠶᠢᠨ ᠡᠷᠬᠡᠲᠦ ᠪᠠᠶᠢᠭᠤᠯᠤᠯᠭ᠎ᠠ ᠶᠢᠨ ᠪᠦᠷᠢᠯᠳᠦᠬᠦᠨ ᠪᠣᠯᠤᠭᠰᠠᠨ ᠤ ᠬᠤᠪᠢ ᠳᠤ᠂ ᠪᠦᠬᠦ | ᠬᠤᠰᠢᠭᠤᠨ ᠤ ᠠᠵᠤ ᠠᠬᠤᠢ ᠶᠢᠨ ᠬᠥᠭᠵᠢᠯᠲᠡ᠂ ᠤᠯᠤᠰ ᠲᠦᠷᠦ ᠶᠢᠨ ᠪᠠᠶᠢᠭᠤᠯᠤᠯᠲᠠ᠂ ᠨᠡᠶᠢᠭᠡᠮ ᠤᠨ | ᠠᠮᠢᠳᠤᠷᠠᠯ ᠳᠤ ᠴᠢᠬᠤᠯᠠ ᠦᠢᠯᠡᠳᠦᠯ ᠦᠵᠡᠭᠦᠯᠵᠦ ᠪᠤᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠠᠩᠬ᠎ᠠ ᠠᠯᠬᠤᠮ ᠤᠨ ᠵᠢᠱᠢᠭᠳᠡᠭᠰᠡᠳ ᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠨᠢ ᠶᠡᠷᠦ | ᠪᠤᠰᠤ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠂ ᠡᠯ᠎ᠡ ᠬᠢᠨᠠᠨ ᠪᠠᠶᠢᠴᠠᠭᠠᠬᠤ | ᠳᠤᠭᠤᠶᠢᠯᠠᠩ ᠤᠨ ᠬᠢᠨ ᠤᠯᠤᠰ ᠲᠦᠷᠦ ᠶᠢᠨ ᠵᠣᠭᠰᠣᠴᠠ ᠪᠠ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ | ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠲᠥᠯᠥᠭᠡᠯᠡᠬᠦ | ᠴᠢᠨᠠᠷ ᠪᠠ ᠲᠡᠷᠢᠭᠦᠨ ᠤ ᠴᠢᠨᠠᠷ ᠲᠠᠢ ᠬᠥᠮᠦᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠵᠢᠱᠢᠭᠳᠡᠭᠰᠡᠳ ᠢᠶᠠᠷ ᠦᠨᠡᠨ ᠬᠦ ᠲᠠᠨᠢᠯᠴᠠᠭᠤᠯᠬᠤ ᠬᠡᠷᠡᠭᠲᠡᠢ᠃ ᠴᠠᠭ ᠤᠨ ᠠᠬᠢᠴᠠ ᠶᠢ | ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ᠪᠠᠶᠢᠭᠤᠯᠤᠯᠭ᠎ᠠ ᠨᠢᠭᠡᠴᠡ ᠪᠣᠯᠤᠨ ᠭᠠᠵᠠᠷ ᠣᠷᠣᠨ ᠯᠤᠭ᠎ᠠ ᠶᠢᠨ | ᠤᠯᠤᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠴᠠᠭ ᠲᠤᠬᠠᠢ ᠳᠤᠨᠢ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠬᠢᠨᠠᠨ ᠪᠠᠶᠢᠴᠠᠭᠠᠬᠤ ᠰᠠᠬᠢᠯᠭ᠎ᠠ ᠪᠠᠲᠤ ᠶᠢ ᠴᠢᠩᠭ᠎ᠠ | ᠰᠠᠬᠢᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠠᠵᠢᠯᠳᠠᠨ ᠤ ᠨᠢᠭᠤᠴᠠ ᠶᠢ | ᠬᠠᠮᠠᠭᠠᠯᠠᠬᠤ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ | ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡ ᠳᠤ ᠬᠠᠤᠯᠢ ᠶᠢ ᠴᠢᠩᠭ᠎ᠠ ᠵᠢᠷᠤᠮᠯᠠᠨ | ᠠᠵᠢᠯᠯᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠠᠤᠯᠢ ᠳᠤ | ᠲᠣᠭᠲᠠᠭᠠᠭᠰᠠᠨ ᠵᠢᠷᠤᠮ ᠢ ᠥᠭᠡᠷᠡᠴᠢᠯᠡᠵᠦ ᠪᠣᠯᠬᠤ ᠦᠭᠡᠶ᠂ ᠲᠣᠭᠲᠠᠭᠠᠭᠰᠠᠨ ᠠᠯᠬᠤᠮ ᠳᠠᠷᠠᠭ᠎ᠠ ᠶᠢ ᠬᠠᠰᠤᠵᠤ ᠪᠣᠯᠬᠤ | ᠦᠭᠡᠶ ᠭᠡᠳᠡᠭ ᠢ ᠪᠠᠷᠢᠮᠲᠠᠯᠠᠨ᠂ ᠠᠵᠢᠯ ᠢᠶᠠᠨ ᠨᠠᠷᠢᠨ ᠪᠥᠭᠡᠳ ᠪᠣᠳᠠᠲᠠᠶ ᠬᠢᠵᠦ᠂ ᠨᠠᠮ ᠪᠣᠯᠤᠨ ᠠᠷᠠᠳ ᠲᠦᠮᠡᠨ ᠳᠤ | ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ | ᠯᠠᠪᠳᠠᠭᠤᠨ ᠪᠠᠲᠤᠲᠠᠶ ᠠᠵᠢᠯᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠡᠭᠦᠰ ᠠᠮᠵᠢᠯᠲᠠ ᠤᠯᠬᠤ ᠶᠢ ᠦᠨᠡᠨᠬᠦ ᠪᠠᠲᠤᠯᠠᠬᠤ ᠬᠡᠷᠡᠭᠲᠡᠶ | ᠭᠡᠵᠡᠶ᠃ | ᠵᠣᠬᠢᠶᠠᠭᠴᠢ᠄ ᠰᠦᠨ ᠶᠢᠩ ᠹᠠᠨ ᠵᠢᠶᠠ ᠸᠧᠨ | ᠣᠷᠴᠢᠭᠤᠯᠣᠭᠴᠢ᠄ ᠰᠡᠴᠡᠩᠭᠤᠸ᠎ᠠ |