【ᠣᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠪᠡ】ᠪᠠᠶᠠᠨᠴᠠᠭᠠᠨ ᠤ ᠨᠢᠭᠡᠳᠦᠭᠡᠷ ᠲᠣᠮᠢᠯᠠᠭᠰᠠᠨ ᠰᠠᠯᠪᠤᠷᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/10/29
【ᠣᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠪᠡ】ᠪᠠᠶᠠᠨᠴᠠᠭᠠᠨ ᠤ ᠨᠢᠭᠡᠳᠦᠭᠡᠷ ᠲᠣᠮᠢᠯᠠᠭᠰᠠᠨ ᠰᠠᠯᠪᠤᠷᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠶ ᠥᠷᠨᠢᠭᠦᠯᠪᠡ      ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠡᠶᠢᠯᠡᠬᠦ︾ ᠶᠡᠷᠦᠩᠬᠡᠶ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ 10 ᠰᠠᠷ᠎ᠠ ᠶᠢᠨ 26 ᠤ ᠡᠳᠦᠷ᠂ ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠪᠠ᠃ ᠠᠷᠠᠳ ᠤᠨ ᠲᠤᠰᠠᠯᠠᠬᠤ ᠴᠠᠭᠳᠠᠭ᠎ᠠ ᠶᠢᠨ ᠪᠥᠬᠦ ᠴᠠᠭᠳᠠᠭ᠎ᠠ ᠶᠢᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠶ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭᠠᠨ ᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠤᠨ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠰᠡᠳᠬᠢᠯᠭᠡ ᠪᠠᠨ ᠡᠷᠡᠰ ᠲᠡᠪᠴᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠨ᠂ ︽ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ︾ ᠬᠡᠷᠡᠭᠲᠡᠶ ᠭᠡᠵᠦ ᠱᠠᠭᠠᠷᠳᠠᠪᠠ᠃
     ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠪᠠᠲᠤ ᠴᠣᠭᠴᠠᠯᠠᠨ᠎ᠠ᠃ ᠡᠩᠨᠡᠭᠡ ᠶᠢᠨ ᠳᠣᠲᠣᠭᠠᠳᠤ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠤᠨ ᠳᠤᠮᠳᠠᠬᠢ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠳᠤᠮᠳᠠ ᠡᠷᠬᠡᠪᠰᠢ ᠠᠮᠠᠪᠴᠢ ᠵᠡᠭᠦᠬᠦ ᠶᠢ ᠡᠷᠡᠰ ᠪᠡᠶᠡᠯᠡᠭᠦᠯᠵᠦ᠂ ᠠᠵᠢᠯᠯᠠᠬᠤ ᠲᠠᠯᠠᠪᠤᠷ᠂ ᠴᠠᠭᠳᠠᠭᠠᠨ ᠤ ᠲᠡᠷᠭᠡ ᠵᠡᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠤᠰᠠᠳᠬᠠᠬᠤ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠪᠤᠯᠵᠢᠯᠠᠬᠤ ᠪᠠᠷ ᠢᠷᠡᠭᠰᠡᠳ ᠤᠨ ᠺᠣᠳ᠋ ᠰᠢᠷᠪᠢᠵᠦ ᠳᠠᠩᠰᠠᠯᠠᠬᠤ᠂ ᠳᠤᠯᠠᠭᠠᠨ ᠢ ᠬᠡᠮᠵᠢᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠴᠠᠭ ᠲᠤᠬᠠᠶ ᠳᠤᠨᠢ ᠸᠠᠺᠼᠢᠨ ᠤ ᠲᠠᠷᠢᠯᠭ᠎ᠠ ᠬᠢᠵᠦ᠂ ᠬᠤᠰᠢᠭᠤᠨ ᠳᠤ ᠪᠠᠶᠢᠭ᠎ᠠ ᠬᠥᠮᠦᠰ ᠡᠷᠬᠡᠪᠰᠢ ᠬᠤᠰᠢᠭᠤᠨ ᠠᠴᠠ ᠰᠠᠯᠬᠤ ᠥᠬᠡᠶ ᠪᠠᠶᠢᠬᠤ ᠬᠡᠷᠡᠭᠲᠡᠶ ᠂ ᠢᠯᠠᠩᠭᠤᠶ᠎ᠠ ᠬᠢᠵᠢᠭ ᠤᠨ ᠪᠠᠶᠢᠳᠠᠯ ᠤᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠠ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠦᠭᠰᠡᠨ ᠪᠤᠰᠤᠳ ᠬᠤᠲᠠ ᠳᠤ ᠬᠦᠷᠴᠦ ᠪᠣᠯᠬᠤ ᠥᠬᠡᠶ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠡᠰ ᠢᠶᠠᠷ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠣᠷᠣᠨ ᠪᠠᠶᠢᠷᠢ ᠳᠤᠨᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠵᠠᠶ᠃      ᠡᠯ᠎ᠡ ᠠᠵᠢᠯ ᠲᠥᠷᠥᠯ ᠤᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠡᠯ᠎ᠡ ᠨᠢᠭᠡᠴᠡ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠡᠯ᠎ᠡ ᠠᠵᠢᠯ ᠲᠥᠷᠥᠯ ᠤᠨ ᠲᠠᠯᠠᠪᠤᠷ ᠤᠨ ᠬᠠᠷᠢᠭᠤᠴᠠᠯᠭᠠᠲᠠᠨ ᠢ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠷᠡᠵᠦ ᠶᠠᠪᠤᠬᠤ ᠬᠥᠮᠦᠰ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠨᠣᠮᠧᠷ ᠢ ᠱᠦᠭᠦᠷᠳᠡᠨ ᠳᠠᠩᠰᠠᠯᠠᠬᠤ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠣᠷᠣᠨ ᠪᠦᠰᠡ ᠳᠤ ᠠᠷᠢᠭᠤᠳᠬᠠᠨ ᠰᠠᠯᠬᠢ ᠨᠡᠪᠲᠡᠷᠡᠭᠦᠯᠬᠦ ᠠᠵᠢᠯ ᠢ ᠰᠠᠶᠢᠲᠤᠷ ᠬᠢᠵᠦ᠂ ᠮᠤᠵᠢ ᠠᠴᠠ ᠭᠠᠳᠠᠨ᠎ᠠ ᠨᠤᠲᠤᠭ ᠲᠠᠭᠠᠨ ᠪᠤᠴᠠᠭᠰᠠᠨ ᠬᠥᠮᠦᠰ ᠢ ᠣᠯᠵᠤ ᠮᠡᠳᠡᠪᠡᠯ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠵᠠᠶ᠃      ᠬᠢᠵᠢᠭ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠳᠤ ᠬᠢᠵᠢᠭ ᠢ ᠰᠡᠷᠭᠡᠶᠢᠯᠡᠬᠦ ᠳᠤ ᠠᠩᠬᠠᠷᠬᠤ ᠵᠣᠶᠢᠯᠡᠰ ᠢ ᠤᠬᠠᠭᠤᠯᠵᠤ᠂ ᠣᠯᠠᠨ ᠲᠦᠮᠡᠨ ᠳᠤ ᠵᠠᠪᠠᠯ ᠭᠠᠳᠠᠭᠰᠢ ᠭᠠᠷᠬᠤ ᠥᠬᠡᠶ ᠪᠠᠶᠢᠬᠤ ᠬᠡᠷᠡᠭᠲᠡᠶ᠂ ᠭᠠᠳᠠᠭᠰᠢ ᠭᠠᠷᠬᠤ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠶ᠂ ᠪᠥᠭᠡᠮᠨᠡᠷᠡᠬᠦ ᠥᠬᠡᠶ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠵᠥᠪ ᠲᠠᠨᠢᠭᠤᠯᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠯᠪᠢᠬᠤ ᠥᠬᠡᠶ ᠪᠣᠯᠭᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠶᠤᠵᠤ ᠰᠠᠨᠳᠤᠷᠬᠤ ᠰᠡᠳᠬᠢᠯᠭᠡ ᠶᠢ ᠨᠢ ᠠᠷᠢᠯᠭᠠᠬᠤ ᠬᠡᠷᠡᠭᠲᠡᠶ᠃      ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠶ ᠬᠠᠷᠢᠭᠤᠴᠠᠯᠭ᠎ᠠ ᠮᠥᠨ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠶᠢᠨ ᠤ ᠳᠤᠮᠳᠠ ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠪᠦᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠲᠣᠭᠲᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠬᠤ ᠪᠣᠯᠤᠨ᠎ᠠ᠃                                      ᠵᠣᠬᠢᠶᠠᠭᠴᠢ᠄ ᠪᠠᠶᠠᠨᠴᠠᠭᠠᠨ ᠤ ᠨᠢᠭᠡᠳᠦᠭᠡᠷ ᠲᠣᠮᠢᠯᠠᠭᠰᠠᠨ ᠰᠠᠯᠪᠤᠷᠢ                                      ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号