ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ ᠳᠠᠭᠠᠭᠠᠴᠢᠯᠠᠨ ᠬᠤᠯᠪᠣᠭᠠᠯᠠᠭᠰᠠᠨ ᠪᠠᠭ᠎ᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2021/11/1
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ ᠳᠠᠭᠠᠭᠠᠴᠢᠯᠠᠨ ᠬᠤᠯᠪᠣᠭᠠᠯᠠᠭᠰᠠᠨ ᠪᠠᠭ᠎ᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 10 ᠰᠠᠷ᠎ᠠ ᠶᠢᠨ 28 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠰᠡᠴᠡᠨ ᠳᠠᠭᠠᠭᠠᠴᠢᠯᠠᠨ ᠬᠤᠯᠪᠣᠭᠠᠯᠠᠭᠰᠠᠨ ᠲᠣᠭᠤᠷᠢᠭ ᠤᠨ ᠹᠦ᠋ ᠺᠠᠩ ᠪᠠᠭ᠎ᠠ ᠲᠣᠭᠤᠷᠢᠭ᠂ ᠵᠢᠶ ᠰᠢᠶᠠᠩ ᠵᠢᠶᠠ ᠶᠤᠸᠠᠨ᠂ ᠪᠠᠶᠠᠨ ᠵᠢᠶᠠ ᠶᠤᠸᠠᠨ᠂ ᠬᠠᠶ ᠲᠢᠶᠠᠨ ᠬᠤᠸᠠ ᠶᠤᠸᠠᠨ᠂ ᠮᠢᠨ ᠠᠨ ᠪᠠᠭ᠎ᠠ ᠲᠣᠭᠤᠷᠢᠭ ᠵᠢᠴᠢ ᠬᠤᠶᠢᠲᠤ ᠲᠠᠯᠠᠪᠠᠶ ᠶᠢᠨ ᠪᠥᠬᠦ ᠠᠵᠢᠯᠲᠠᠨ ᠤ ᠪᠦᠭᠡᠮ ᠬᠦᠴᠢᠯ ᠤᠨ ᠪᠠᠶᠢᠴᠠᠭᠠᠨ ᠬᠡᠮᠵᠢᠬᠦ ᠭᠠᠵᠠᠷ ᠪᠠ ᠤᠯᠤᠰ ᠲᠥᠷᠥ ᠶᠢᠨ ᠵᠥᠪᠯᠡᠯᠭᠡᠨ ᠤ ᠬᠡᠷ ᠪᠦᠯᠢ ᠶᠢᠨ ᠠᠰᠠᠷ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃      ᠭᠠᠵᠠᠷ ᠪᠣᠯᠭᠠᠨ ᠳᠤ ᠬᠦᠷᠬᠦ ᠪᠦᠷᠢ᠂ ᠯᠢᠦ ᠰᠡᠴᠡᠨ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠭᠴᠢ ᠵᠢᠴᠢ ᠬᠡᠰᠡᠭ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ᠂ ᠪᠠᠺᠠᠲ᠋ᠧᠷᠢ ᠠᠯᠠᠵᠤ ᠤᠰᠠᠳᠬᠠᠬᠤ ᠡᠳ᠋ ᠪᠣᠳᠠᠰ ᠤᠨ ᠪᠡᠯᠡᠳᠬᠡᠯ ᠵᠢᠴᠢ ᠬᠥᠮᠦᠰ ᠢ ᠰᠢᠯᠵᠢᠭᠦᠯᠦᠨ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃      ᠯᠢᠦ ᠰᠡᠴᠡᠨ ᠴᠢᠬᠤᠯᠠᠴᠢᠯᠠᠬᠤ ᠳᠠᠭᠠᠨ᠂ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠢᠮᠠᠭᠲᠠ ᠰᠡᠷᠭᠡᠭ ᠢᠶᠠᠷ ᠲᠠᠨᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠬᠥᠮᠦᠰ ᠲᠤ ᠳᠤᠯᠠᠭᠠᠨ ᠤ ᠬᠡᠮᠵᠢᠶ᠎ᠡ ᠶᠢ ᠬᠡᠮᠵᠢᠬᠦ᠂ ᠨᠣᠮᠧᠷ ᠢ ᠰᠢᠷᠪᠢᠬᠦ᠂ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠪᠣᠳᠠᠲᠠᠢ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠤᠯᠠᠮ ᠨᠢᠭᠡ ᠠᠯᠬᠤᠮ ᠪᠠᠲᠤ ᠪᠠᠬᠢ ᠪᠠᠶᠢᠭᠤᠯᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号