︽ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠶ᠎ᠡ︾ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠣᠣ ᠰᠢ ᠸᠧᠨ ᠨᠠᠷ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠳᠤ ᠬᠦᠷᠴᠦ ᠢᠳᠡᠭᠡᠨ ᠤ ᠠᠮᠤᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ ᠪᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ | | 10 ᠰᠠᠷ᠎ᠠ ᠶᠢᠨ 28 ᠤ ᠡᠳᠦᠷ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠣᠣ ᠰᠢ ᠸᠧᠨ ᠨᠠᠷ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ | ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠣᠣ ᠰᠢ ᠸᠧᠨ ᠨᠠᠷ ᠤᠷᠢᠳ ᠬᠤᠵᠢᠳ ᠠᠰᠠᠷ ᠦᠬᠡᠷ ᠤᠨ ᠮᠢᠬᠠᠨ ᠤ ᠦᠢᠯᠡᠳᠪᠦᠷᠢ᠂ ᠪᠠᠶᠠᠨ ᠵᠣᠴᠢᠳ ᠤᠨ | ᠪᠠᠭᠤᠳᠠᠯ᠂ ᠲᠣᠭᠤᠭᠠᠴᠢ ᠶᠢᠨ ᠬᠤᠪᠢ ᠶᠢᠨ ᠭᠡᠷ ᠤᠨ ᠨᠣᠭᠤᠭ᠎ᠠ᠂ ᠤᠯᠤᠰ ᠤᠨ ᠲᠣᠮᠣ ᠡᠮ ᠤᠨ ᠳᠡᠯᠭᠡᠭᠦᠷ᠂ ᠺᠧ | ᠳ᠋ᠥᠸᠧ ᠵᠢᠶᠠ ᠬᠡᠳᠦ ᠳᠡᠯᠭᠡᠭᠦᠷ᠂ ᠤᠯᠠᠭᠠᠨᠴᠠᠪ ᠬᠤᠲᠠ ᠶᠢᠨ ᠭᠠᠯᠲᠤ ᠠᠭᠤᠯᠠ ᠶᠢᠨ ᠲᠠᠯ᠎ᠠ ᠨᠤᠲᠤᠭ ᠤᠨ ᠲᠠᠷᠢᠶᠠᠯᠠᠩ | ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ | ᠲᠤᠬᠠᠶ ᠶᠢᠨ ᠲᠠᠯᠠᠪᠤᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ᠂ | ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠵᠣᠶᠢᠯ ᠤᠨ ᠮᠥᠷᠳᠡᠯᠲᠡ᠂ ᠬᠡᠲᠦ | ᠳᠡᠯᠭᠡᠭᠦᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠣᠶᠢᠯ ᠤᠨ ᠬᠠᠩᠭᠠᠯᠭ᠎ᠠ ᠪᠠ ᠦᠨ᠎ᠡ ᠬᠠᠩᠰᠢ ᠵᠡᠷᠭᠡ | ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃ | ᠵᠣᠣ ᠰᠢ ᠸᠧᠨ ᠴᠢᠬᠤᠯᠠᠴᠢᠯᠠᠭᠰᠠᠨ ᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠨᠢᠯᠲᠠ ᠪᠠᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠬᠤᠲᠠ ᠶᠢ ᠡᠭᠦᠳᠦᠨ ᠪᠠᠶᠢᠭᠤᠯᠬᠤ ᠶᠢ | ᠨᠢᠭᠡ ᠵᠣᠶᠢᠯ ᠤᠨ ᠤᠯᠤᠰ ᠲᠥᠷᠥ ᠶᠢᠨ ᠡᠭᠦᠷᠭᠡ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ | ᠰᠠᠨᠠᠭ᠎ᠠ ᠶᠢ ᠪᠠᠷᠢᠮᠲᠠᠯᠠᠨ᠂ ᠲᠠᠸᠠᠷ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ ᠢᠳᠡᠭᠡᠨ ᠤ ᠠᠮᠤᠷ | ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠢᠳᠡᠭᠡᠨ ᠤ ᠠᠮᠤᠷ | ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠥᠬᠦ | ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠᠷ ᠢᠶᠠᠨ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠵᠡᠷᠭᠡ ᠭᠤᠣᠯᠳᠠᠯᠭ᠎ᠠ ᠲᠠᠢ ᠭᠠᠵᠠᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠢᠳᠡᠭᠡᠨ ᠤ ᠠᠮᠤᠷ ᠲᠦᠪᠰᠢᠨ ᠢ ᠡᠭᠦᠳᠦᠨ ᠪᠠᠶᠢᠭᠤᠯᠬᠤ ᠬᠤᠳᠠ ᠶᠢᠨ ᠠᠵᠢᠯ ᠢ ᠤᠶᠠᠯᠳᠤᠭᠤᠯᠵᠤ᠂ ᠡᠭᠦᠳᠦᠨ | ᠪᠠᠶᠢᠭᠤᠯᠬᠤ ᠶᠢ ᠠᠳᠬᠤᠬᠤ ᠪᠠᠷ ᠳᠠᠮᠵᠢᠨ ᠬᠢᠵᠢᠭ ᠢ ᠰᠡᠷᠭᠡᠶᠢᠯᠡᠬᠦ ᠶᠢ ᠠᠬᠢᠭᠤᠯᠵᠤ᠂ ᠬᠤᠶᠠᠷ ᠲᠠᠯ᠎ᠠ ᠶᠢ ᠠᠳᠬᠤᠵᠤ᠂ | ᠬᠤᠶᠠᠷ ᠢ ᠰᠠᠭᠠᠲᠠᠭᠠᠬᠤ ᠦᠭᠡᠢ ᠪᠠᠶᠢᠵᠤ᠂ ᠤᠯᠠᠨ ᠲᠦᠮᠡᠨ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ | ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ | ᠵᠣᠬᠢᠶᠠᠭᠴᠢ᠄ ᠴᠢ ᠷᠦᠢ ᠶᠢᠨ ᠂ ᠸᠠᠩ ᡁᠢ ᠸᠧᠨ | ᠣᠷᠴᠢᠭᠤᠯᠣᠭᠴᠢ᠄ ᠰᠡᠴᠡᠩᠭᠤᠸ᠎ᠠ |