ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ | ᠬᠤᠷᠠᠯ ᠬᠤᠷᠠᠯᠳᠤᠭᠤᠯᠪᠠ | ᠵᠣᠬᠢᠶᠠᠭᠴᠢ᠄ ᠯᠢ ᠰᠢᠤᠸᠠᠨ᠂ ᠯᠦ ᠮᠢᠩ ᠳ᠋ᠦᠸ᠋ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 10 ᠰᠠᠷ᠎ᠠ ᠶᠢᠨ 28 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ︽ᠭᠤᠷᠪᠠᠨ ᠶᠠᠪᠤᠳᠠᠯ︾ ᠢ | ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠣᠷᠣᠯᠠᠭᠴᠢ ᠡᠷᠬᠢᠯᠡᠭᠴᠢ ᠸᠠᠩ ᠵᠢᠶ ᠴᠧᠩ ᠬᠤᠷᠠᠯ ᠳᠤ ᠣᠷᠣᠯᠴᠠᠵᠠᠶ᠃ ᠡᠯ᠎ᠡ ᠰᠤᠮᠤ ᠰᠢᠶᠠᠩ ᠪᠠᠯᠭᠠᠰᠤ ᠶᠢᠨ | ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠤᠤᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠨᠠᠮ ᠤᠨ ᠠᠵᠢᠯ ᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠬᠤ᠂ ᠨᠠᠮ ᠤᠨ | ᠠᠵᠢᠯ ᠢ ᠢᠯᠡ ᠪᠣᠯᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠪᠠ ᠨᠠᠮ ᠤᠨ | ᠠᠵᠢᠯ ᠢ ᠢᠯᠡ ᠪᠣᠯᠭᠠᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠭᠤᠷᠪᠠᠨ ᠲᠠᠯ᠎ᠠ ᠠᠴᠠ | ᠨᠠᠮ ᠤᠨ ᠠᠵᠢᠯ ᠢ ᠢᠯᠡ ᠪᠣᠯᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠶ᠃ | | | | | ᠸᠠᠩ ᠵᠢᠢ ᠴᠧᠩ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠬᠤ ᠬᠡᠷᠡᠭᠲᠡᠢ᠂ ᠠᠷᠠᠳ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ︽ | ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠬᠤ᠂ ᠥᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ | ᠪᠣᠳᠠᠲᠠᠢ ᠢᠯᠡᠷᠡᠯ ᠮᠥᠨ᠂ ᠠᠷᠠᠳᠴᠢᠯᠠᠯ ᠢ ᠭᠦᠢᠴᠡᠳ ᠪᠠᠳᠠᠷᠠᠭᠤᠯᠬᠤ ᠶᠢᠨ ᠴᠢᠬᠤᠯᠠ ᠠᠭᠤᠯᠭ᠎ᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠷᠤᠭᠰᠢᠲᠠᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ | ᠮᠥᠨ᠃ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠥᠳᠡᠭᠡ ᠲᠣᠰᠬᠤᠨ ᠤ ᠦᠨᠳᠦᠰᠦᠨ | ᠱᠠᠲᠤᠨ ᠳᠤ ᠴᠠᠭ ᠲᠤᠬᠠᠶ ᠳᠤᠨᠢ ᠪᠦᠲᠦᠮᠵᠢᠲᠡᠶ ᠪᠠᠷ ᠤᠯᠠᠮᠵᠢᠯᠠᠵᠤ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠨ ᠱᠠᠲᠤᠨ ᠤ ᠥᠨᠢ ᠤᠳᠠᠭᠠᠨ ᠠᠮᠤᠷ ᠲᠦᠪᠰᠢᠨ | ᠪᠠᠶᠢᠬᠤ ᠶᠢ ᠪᠡᠶᠡᠯᠡᠭᠦᠯᠬᠦ ᠬᠡᠷᠡᠭᠲᠡᠶ᠃ | | | | | ᠸᠠᠩ ᠵᠢᠶ ᠴᠧᠩ ᠴᠢᠬᠤᠯᠠᠴᠢᠯᠠᠭᠰᠠᠨ ᠨᠢ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠨᠢᠭᠡᠴᠡ᠂ ᠡᠯ᠎ᠡ ᠰᠠᠯᠠᠭ᠎ᠠ | ᠮᠥᠴᠢᠷ ᠤᠳ ︽ᠭᠤᠷᠪᠠᠨ ᠠᠵᠢᠯ︾ ᠢ ᠢᠯᠡ ᠪᠣᠯᠭᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ | ︽ᠭᠤᠷᠪᠠᠨ ᠠᠵᠢᠯ︾ ᠢ ᠢᠯᠡ ᠪᠣᠯᠭᠠᠬᠤ ᠡᠯ᠎ᠡ ᠵᠤᠶᠢᠯ ᠤᠨ ᠭᠤᠤᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ | ᠠᠳᠬᠤᠵᠤ᠂ ᠡᠯ᠎ᠡ ᠰᠦᠯᠵᠢᠶᠡᠨ ᠤ ᠲᠠᠪᠴᠠᠩ᠂ APP ᠵᠡᠷᠭᠡ ᠣᠯᠠᠨ ᠠᠷᠭ᠎ᠠ ᠵᠠᠮ ᠢᠶᠠᠷ ᠢᠯᠡ ᠪᠣᠯᠭᠠᠬᠤ ᠶᠢ | ᠬᠦᠢᠴᠡᠳ ᠠᠰᠢᠭᠯᠠᠨ᠂ ᠪᠥᠬᠦ ᠲᠠᠯ᠎ᠠ ᠪᠠᠷ ᠢᠯᠡ ᠪᠣᠯᠭᠠᠬᠤ ᠡᠷᠴᠢᠮ ᠵᠢᠴᠢ ᠢᠯᠡ ᠪᠣᠯᠭᠠᠬᠤ ᠶᠢᠨ ᠭᠦᠨᠴᠡ ᠪᠠ | ᠥᠷᠭᠡᠴᠡ ᠶᠢ ᠨᠡᠮᠡᠭᠳᠡᠭᠦᠯᠦᠨ ᠭᠦᠨᠵᠡᠭᠡᠶᠢᠷᠡᠭᠦᠯᠬᠦ ᠬᠡᠷᠡᠭᠲᠡᠶ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠭᠤᠯᠭ᠎ᠠ ᠶᠢ | ᠴᠢᠨᠠᠭᠰᠢᠳᠠ ᠵᠢᠷᠤᠮᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ︽ᠭᠤᠷᠪᠠᠨ ᠠᠵᠢᠯ︾ ᠢ ᠢᠯᠡ ᠪᠣᠯᠭᠠᠬᠤ ᠠᠵᠢᠯ ᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠴᠢᠩᠭᠠᠳᠬᠠᠵᠤ᠂ ︽ᠭᠤᠷᠪᠠᠨ ᠠᠵᠢᠯ︾ ᠢ ᠢᠯᠡ ᠪᠣᠯᠭᠠᠬᠤ | ᠠᠵᠢᠯ ᠤᠨ ᠬᠠᠤᠯᠢ ᠶᠣᠰᠣᠭᠠᠷ ᠠᠵᠢᠯᠯᠠᠬᠤ᠂ ᠲᠦᠷᠢᠮ ᠶᠣᠰᠣᠭᠠᠷ ᠬᠡᠷᠡᠭ ᠡᠷᠭᠢᠯᠡᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠵᠤ᠂ ᠨᠠᠮ ᠢ ᠪᠥᠬᠦ ᠲᠠᠯ᠎ᠠ ᠪᠠᠷ | ᠴᠢᠩᠭ᠎ᠠ ᠵᠠᠰᠠᠬᠤ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠳᠥᠯᠭᠢᠨ ᠠᠬᠢᠭᠤᠯᠬᠤ ᠬᠡᠷᠡᠭᠲᠡᠶ᠃ ᠠᠵᠢᠯ ᠤᠨ | ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ︽ᠭᠤᠷᠪᠠᠨ ᠠᠵᠢᠯ︾ ᠢ ᠢᠯᠡ ᠪᠣᠯᠭᠠᠬᠤ ᠠᠵᠢᠯ ᠢ ᠰᠠᠶᠢᠲᠤᠷ | ᠬᠢᠬᠦ ᠳᠤ ᠬᠡᠷᠡᠮ ᠳᠤ ᠭᠠᠷᠬᠤ ᠠᠴᠠ ᠰᠦᠯᠵᠢᠶᠡᠨ ᠳᠤ ᠭᠠᠷᠬᠤ ᠬᠦᠷᠲᠡᠯ᠎ᠡ᠂ ᠣᠯᠠᠨ ᠲᠦᠮᠡᠨ ᠳᠤ ︽ᠭᠤᠷᠪᠠᠨ ᠠᠵᠢᠯ︾ | ᠢ ᠢᠯᠡ ᠪᠣᠯᠭᠠᠬᠤ ᠮᠡᠳᠡᠭᠡ ᠵᠠᠩᠭᠢ ᠶᠢ ᠳᠥᠭᠦᠮ ᠳᠥᠲᠡ᠂ ᠲᠦᠷᠭᠡᠨ ᠢᠶᠠᠷ ᠣᠶᠢᠯᠠᠭᠠᠭᠤᠯᠬᠤ ᠬᠡᠷᠡᠭᠲᠡᠶ᠃ ᠤᠯᠠᠨ | ᠵᠦᠢᠯ ᠤᠨ ᠬᠡᠯᠪᠡᠷᠢ ᠶᠢ ᠠᠰᠢᠭᠯᠠᠨ ︽ᠭᠤᠷᠪᠠᠨ ᠠᠵᠢᠯ︾ ᠢ ᠢᠯᠡ ᠪᠣᠯᠭᠠᠬᠤ ᠶᠢ ᠬᠡᠷᠡᠭᠵᠢᠭᠦᠯᠬᠦ ᠶᠢᠨ ᠴᠢᠬᠤᠯᠠ ᠶᠡᠭᠡ | ᠠᠴᠢ ᠬᠤᠯᠪᠣᠭᠳᠠᠯ ᠪᠠ ᠪᠣᠳᠠᠲᠠᠶ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠤᠯᠠᠨ ᠲᠦᠮᠡᠨ ᠢ ᠡ᠊ᠨᠡ ᠬᠦ ᠠᠵᠢᠯ ᠳᠤ ᠤᠬᠠᠮᠰᠠᠷ ᠠᠴᠠ ᠪᠠᠨ ᠦᠨᠡᠨ ᠬᠦ ᠣᠷᠣᠯᠴᠠᠭᠤᠯᠬᠤ ᠬᠡᠷᠡᠭᠲᠡᠶ | ᠃ |