ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠣᠣ ᠮᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠪᠠ | ᠵᠣᠬᠢᠶᠠᠭᠴᠢ᠄ ᠰᠦᠨ ᠶᠢᠩ᠂ ᠹᠠᠨ ᠵᠢᠶᠠ ᠸᠧᠨ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 10 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢ ᠶᠤᠸᠠᠨ ᡁᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ᠂ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠤᠬᠠᠶ ᠶᠢᠨ ᠲᠠᠯᠠᠪᠤᠷ ᠲᠤ | ᠬᠢᠨᠠᠨ ᠵᠢᠯᠣᠭᠤᠳᠪᠠ᠃ | ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠬᠠᠶ ᠬᠤᠩ᠂ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢᠦ ᠸᠧᠨ ᠬᠤᠶ᠂ | ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ | ᠹᠧᠩ ᠮᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳᠠᠷᠤᠭ᠎ᠠ ᠳᠡᠯᠭᠡᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠢᠦᠶ ᠯᠢ ᠱᠧᠩ ᠵᠢᠴᠢ ᠬᠠᠮᠢᠶ᠎ᠠ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠪᠠᠷ᠎ᠠ ᠪᠣᠯᠵᠣ ᠬᠢᠨᠠᠨ ᠵᠢᠯᠣᠭᠤᠳᠪᠠ᠃ | | | | | G55 ᠲᠦᠷᠭᠡᠨ ᠳᠠᠪᠬᠢᠬᠤ ᠵᠠᠰᠠᠮᠠᠯ ᠵᠠᠮ ᠤᠨ ᠪᠠᠶᠠᠨᠴᠠᠭᠠᠨ ᠪᠠᠯᠭᠠᠰᠤᠨ ᠤ ᠭᠠᠷᠬᠤ ᠡᠭᠦᠳᠡ᠂ ᠮᠠᠰᠢᠨ ᠲᠡᠷᠭᠡᠨ ᠤ | ᠥᠷᠲᠡᠭᠡ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠲᠤ᠂ ᠤᠣ ᠮᠠᠨ ᠪᠢᠨ ᠵᠠᠮ ᠬᠠᠷᠢᠯᠴᠠᠭᠠᠨ ᠤ | ᠪᠣᠭᠤᠮᠲᠠ ᠳᠠᠬᠢ ᠭᠠᠳᠠᠨ᠎ᠠ ᠠᠴᠠ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠵᠦ ᠵᠢᠭᠰᠠᠭᠠᠨ ᠪᠠᠶᠢᠴᠠᠭᠠᠬᠤ᠂ ᠵᠠᠮ | ᠬᠠᠷᠢᠯᠴᠠᠭᠠᠨ ᠤ ᠦᠷᠳᠡᠭᠡ ᠴᠡᠭ ᠢ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ P C R ᠲᠤᠷᠰᠢᠯᠲᠠ ᠶᠢᠨ ᠲᠠᠰᠤᠭ ᠤᠨ ᠠᠵᠢᠯᠯᠠᠭᠠᠨ ᠤ | ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭᠠᠨ ᠤ | ᠪᠣᠭᠤᠮᠲᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠬᠠᠯᠬᠠᠪᠴᠢ ᠮᠥᠨ᠂ ᠡᠯ᠎ᠡ ᠵᠤᠶᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ︽ᠲᠡᠷᠭᠡ ᠳᠠᠭᠠᠷᠠᠪᠠᠯ ᠵᠠᠪᠠᠯ ᠪᠠᠶᠢᠴᠠᠭᠠᠵᠤ᠂ ᠬᠥᠮᠦᠨ | ᠳᠠᠭᠠᠷᠠᠪᠠᠯ ᠵᠠᠪᠠᠯ ᠪᠠᠶᠢᠴᠠᠭᠠᠬᠤ︾ ᠶᠢ ᠪᠡᠶᠡᠯᠡᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠨᠠᠷᠢᠨ | ᠨᠢᠮᠪᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ | ᠰᠦᠯᠵᠢᠵᠦ᠂ ᠵᠠᠮ ᠬᠠᠷᠢᠯᠴᠠᠭᠠᠨ ᠤ ᠪᠣᠭᠤᠮᠲᠠ ︽ᠰᠡᠷᠭᠡᠶᠢᠯᠡᠯᠲᠡ ᠶᠢᠨ ᠬᠡᠷᠡᠮ︾ ᠢ ᠪᠠᠲᠤ ᠪᠠᠬᠢ ᠪᠠᠬᠢᠵᠢᠭᠦᠯᠬᠦ | ᠬᠡᠷᠡᠭᠲᠡᠶ᠃ ᠡᠭᠦᠨ ᠤ ᠬᠠᠮᠲᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠰᠡᠷᠭᠡᠶᠢᠯᠡᠨ ᠬᠢᠵᠠᠭᠠᠷᠯᠠᠬᠤ | ᠨᠠᠷᠢᠨ ᠵᠦᠢᠯᠡᠰ ᠢ ᠴᠢᠩᠭᠠᠷᠠᠭᠤᠯᠬᠤ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠲᠣᠬᠢᠷᠠᠭᠤᠯᠬᠤ᠂ ᠣᠷᠴᠢᠨ | ᠠᠬᠤᠶ ᠶᠢ ᠤᠰᠠᠳᠬᠠᠬᠤ ᠵᠡᠷᠭᠡ ᠠᠵᠢᠯ ᠢ ᠥᠷᠨᠢᠭᠦᠯᠬᠦ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠡᠭᠦᠨ ᠤ | ᠵᠡᠷᠭᠡ ᠳᠤ ᠡᠳ᠋ ᠪᠣᠳᠠᠰ ᠨᠥᠭᠡᠴᠡᠯᠡᠬᠦ ᠬᠥᠮᠥᠷᠭᠡ ᠳᠤ ᠬᠦᠷᠴᠦ ᠡᠮᠴᠢᠯᠡᠭᠡᠨ ᠳᠤ ᠬᠡᠷᠡᠭᠯᠡᠬᠦ ᠶᠢ ᠤᠰᠠᠳᠬᠠᠬᠤ᠂ | ᠬᠠᠩᠭᠠᠯᠭ᠎ᠠ ᠶᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠵᠡᠷᠭᠡ ᠨᠥᠭᠡᠴᠡᠯᠡᠵᠦ ᠪᠠᠶᠢᠭ᠎ᠠ | ᠪᠠᠶᠢᠳᠠᠯ ᠢ ᠣᠶᠢᠯᠠᠭᠠᠵᠤ ᠪᠠᠶᠢᠴᠠᠭᠠᠨ ᠦᠵᠡᠬᠦ ᠬᠡᠷᠡᠭᠲᠡᠶ᠃ | | | | | ᠣᠣ ᠮᠠᠨ ᠪᠢᠨ ᠨᠠᠷ ᠪᠠᠰᠠ ᠴᠠᠬᠠᠷ ᠠᠭᠤᠳᠠᠮ ᠲᠠᠯᠠᠪᠠᠢ᠂ ᠪᠠᠶᠠᠨᠵᠣᠴᠢᠳ ᠤᠨ ᠪᠠᠭᠤᠳᠠᠯ᠂ ᠹᠦ᠋ ᠱᠧᠩ ᠶᠤᠸᠠᠨ | ᠪᠠᠭ᠎ᠠ ᠲᠣᠭᠤᠷᠢᠭ᠂ ᠬᠤᠶᠠᠳᠤᠭᠠᠷ ᠪᠠᠭ᠎ᠠ ᠰᠤᠷᠭᠠᠭᠤᠯᠢ ᠵᠡᠷᠭᠡ ᠲᠠᠯᠠᠪᠤᠷ ᠢ ᠲᠤᠬᠠᠢ ᠶᠢᠨ ᠭᠠᠵᠠᠷ ᠲᠤᠨᠢ | ᠰᠤᠷᠪᠤᠯᠵᠢᠯᠠᠵᠤ᠂ ᠪᠦᠬᠦ ᠬᠥᠮᠦᠰ ᠤᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠣᠳᠠᠲᠤ ᠪᠠᠶᠢᠯᠳᠤᠭᠠᠨ ᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠪᠠᠶᠢᠳᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠤᠨ ᠪᠠᠶᠢᠳᠠᠯ ᠢ | ᠲᠤᠰ ᠲᠤᠰ ᠨᠠᠷᠢᠨ ᠣᠶᠢᠯᠠᠭᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃ ᠲᠡᠷᠡ ᠴᠢᠬᠤᠯᠠᠴᠢᠯᠠᠭᠰᠠᠨ ᠨᠢ᠂ | ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨ᠎ᠡ ᠪᠠᠶᠢᠳᠠᠯ ᠤᠨ ᠡᠮᠦᠨ᠎ᠡ᠂ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ | ᠵᠦᠢᠯ ᠤᠨ ᠠᠵᠢᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠢᠩᠭᠠᠯᠠᠵᠤ᠂ ᠮᠢᠨᠴᠦᠭᠦᠷᠡᠬᠦ ᠦᠵᠡᠯ | ᠰᠠᠨᠠᠭ᠎ᠠ ᠶᠢ ᠡᠷᠡᠰ ᠲᠡᠪᠴᠢᠵᠦ᠂ ᠢᠳᠡᠪᠬᠢᠲᠡᠢ ᠪᠠᠷ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠰᠡᠷᠭᠡᠶᠢᠯᠡᠵᠦ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ᠂ | ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠤᠯᠠᠨ ᠨᠡᠶᠢᠲᠡ ᠶᠢᠨ ᠲᠠᠯᠠᠪᠤᠷ ᠤᠨ ᠨᠣᠮᠧᠷ ᠢ ᠰᠢᠷᠪᠢᠬᠦ᠂ | ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠢᠴᠢᠶᠡᠨ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ᠠᠵᠢᠯ ᠤᠨ ᠲᠣᠭᠲᠠᠴᠠ ᠶᠢ ᠤᠯᠠᠮ ᠨᠢᠭᠡ | ᠠᠯᠬᠤᠮ ᠪᠠᠶᠢᠭᠤᠯᠤᠨ ᠪᠦᠷᠢᠨᠰᠢᠬᠦᠯᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ︽ᠪᠠᠶᠢᠴᠠᠭᠠᠬᠤ | ᠶᠣᠰᠣᠲᠠᠶ ᠶᠢ ᠨᠢ ᠴᠥᠮ ᠪᠠᠶᠢᠴᠠᠭᠠᠬᠤ︾ ᠶᠢ ᠴᠢᠩᠭ᠎ᠠ ᠪᠥᠭᠡᠳ ᠪᠣᠳᠠᠲᠠᠶ ᠪᠠᠷ ᠨᠠᠶᠢᠳᠠᠪᠤᠷᠢᠵᠢᠭᠤᠯᠵᠤ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠶ᠃ | ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠰᠡᠷᠭᠡᠶᠢᠯᠡᠨ ᠬᠠᠮᠠᠭᠠᠯᠠᠬᠤ | ᠤᠬᠠᠮᠰᠠᠷ ᠢ ᠳᠡᠭᠡᠭᠰᠢᠯᠡᠭᠦᠯᠵᠦ᠂ ᠰᠡᠷᠭᠡᠶᠢᠯᠡᠯᠲᠡ ᠶᠢᠨ ᠱᠤᠭᠤᠮ ᠢ ᠡᠷᠡᠰ ᠬᠤᠷᠢᠭᠯᠠᠵᠤ᠂ ᠬᠤᠷᠢᠭ᠎ᠠ ᠱᠤᠭᠤᠮ ᠢ ᠪᠠᠲᠤ | ᠰᠠᠬᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |