ᠬᠤᠰᠢᠭᠤᠨ ᠤ ᠨᠠᠮ ᠤᠨ ᠬᠤᠷᠢᠶᠠᠨ ᠤ ᠱᠦᠵᠢ ᠴᠦᠢ ᠶᠦᠩ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/1
ᠬᠤᠰᠢᠭᠤᠨ ᠤ ᠨᠠᠮ ᠤᠨ ᠬᠤᠷᠢᠶᠠᠨ ᠤ ᠱᠦᠵᠢ ᠴᠦᠢ ᠶᠦᠩ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ  ᠵᠣᠬᠢᠶᠠᠭᠴᠢ᠄ ᠰᠦᠨ ᠶᠢᠩ᠂ ᠵᠣᠣ ᠪᠦᠦ ᠲᠦᠩ  ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ  10 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠮᠠᠨ ᠤ ᠬᠤᠰᠢᠭᠤᠨ ᠤ ᠬᠡᠰᠡᠭ ᠵᠢᠵᠢᠭ ᠲᠣᠭᠤᠷᠢᠭ᠂ ᠰᠤᠷᠭᠠᠭᠤᠯᠢ᠂ ᠲᠡᠷᠭᠡᠨ ᠥᠷᠲᠡᠭᠡ᠂ ᠰᠤᠶᠢᠳᠬᠡᠯ ᠬᠤᠷᠢᠶᠠᠬᠤ ᠥᠷᠲᠡᠭᠡ ᠂ ᠡᠮᠨᠡᠯᠭᠡ ᠶᠢᠨ ᠬᠤᠷᠢᠶ᠎ᠠ ᠵᠡᠷᠭᠡ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃  ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠵᠠᠷ ᠲᠤ᠂ ᠼᠦᠢ ᠶᠦᠩ ᠮᠠᠰᠢᠨ ᠲᠡᠷᠭᠡᠨ ᠤ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ᠂ ᠠᠵᠢᠯᠳᠠᠨ ᠡᠭᠡᠯᠵᠢᠯᠡᠨ ᠵᠢᠵᠢᠭᠦᠷᠯᠡᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ᠂ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠷᠢᠭᠤᠴᠠᠯᠭ᠎ᠠ ᠡᠭᠦᠷᠭᠡᠯᠡᠬᠦ ᠠᠴᠠ ᠠᠶᠤᠬᠤ ᠥᠬᠡᠶ ᠪᠠᠶᠢᠯᠳᠤᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠨ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠴᠤᠪᠤᠷᠠᠯ ᠢ ᠨᠠᠷᠢᠯᠢᠬᠵᠢᠭᠤᠯᠤᠨ ᠵᠢᠷᠤᠮᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠶ᠃ ᠡᠭᠦᠨ ᠤ ᠬᠠᠮᠲᠤ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡ ᠂ ᠬᠡᠷᠡᠭ ᠡᠷᠭᠢᠯᠡᠬᠦ ᠲᠢᠩᠬᠢᠮ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠷᠬᠡᠪᠰᠢ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠡᠨᠡ ᠬᠦ ᠭᠤᠤᠯ ᠵᠠᠩᠭᠢᠯᠠᠭ᠎ᠠ ᠶᠢ ᠴᠢᠩᠭ᠎ᠠ ᠠᠩᠬᠠᠷᠴᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠵᠡᠷᠭᠡ ᠬᠡᠪᠰᠢᠭᠰᠡᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠼᠦᠢ ᠶᠦᠩ ᠪᠠᠰᠠ ᠡᠮᠦᠨ᠎ᠡ ᠹᠷᠣᠨᠲ ᠤᠨ ᠠᠵᠢᠯᠲᠠᠳ ᠲᠤ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠠ ᠥᠪᠡᠷ ᠤᠨ ᠪᠡᠶ᠎ᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠬᠠᠮᠢᠶ᠎ᠠ ᠪᠥᠬᠦᠶ ᠨᠢᠭᠡᠴᠡ ᠨᠦᠭᠦᠳ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠬᠠᠩᠭᠠᠯᠭ᠎ᠠ ᠪᠠ ᠠᠷᠤ ᠲᠠᠯ᠎ᠠ ᠶᠢᠨ ᠤᠶᠢᠯᠡᠴᠢᠯᠡᠬᠡᠨ ᠤ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠠᠵᠢᠯᠲᠠᠨ ᠤ ᠣᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢᠶᠠᠷ ᠡᠯ᠎ᠡ  ᠵᠤᠶᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃
 ᠳᠠᠷᠠᠭ᠎ᠠ ᠨᠢ᠂ ᠼᠦᠢ ᠶᠦᠩ ᠬᠡᠰᠡᠭ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠪᠠᠭᠰᠢ ᠰᠤᠷᠤᠭᠴᠢᠳ ᠤᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠭᠰᠠᠨ᠂ ᠰᠤᠷᠤᠭᠴᠢᠳ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠤᠰᠠᠳᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠦᠯ ᠢ ᠲᠣᠭᠲᠠᠭᠠᠭᠰᠠᠨ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠪᠠᠭᠰᠢ ᠰᠤᠷᠤᠭᠴᠢ ᠣᠯᠠᠨ᠂ ᠬᠥᠮᠦᠨ ᠣᠯᠠᠨ ᠪᠠᠶᠢᠬᠤ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠤᠯᠠᠮ ᠨᠢᠭᠡ ᠠᠯᠬᠤᠮ ᠭᠦᠢᠴᠡᠳ ᠪᠡᠯᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠢᠨᠴᠦᠭᠦᠷᠡᠨ ᠰᠤᠯᠠᠷᠠᠭᠤᠯᠵᠤ ᠪᠣᠯᠬᠤ ᠦᠭᠡᠢ᠂ ᠪᠠᠭᠰᠢ ᠠᠵᠢᠯᠳᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠳᠠᠨ ᠤ ᠣᠷᠣᠵᠤ ᠭᠠᠷᠬᠤ ᠶᠢ ᠬᠠᠮᠢᠶᠠᠷᠬᠤ᠂ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠬᠤᠪᠢ ᠬᠥᠮᠦᠨ ᠤ ᠬᠢᠵᠢᠭ ᠢ ᠰᠡᠷᠭᠡᠶᠢᠯᠡᠨ ᠬᠠᠮᠠᠭᠠᠯᠠᠬᠤ᠂ ᠣᠷᠴᠢᠨ ᠲᠣᠭᠤᠷᠢᠨ ᠢ ᠤᠰᠠᠳᠬᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠨᠡᠩ ᠤᠯᠠᠨ ᠭᠡᠷ ᠪᠦᠯᠢ ᠳᠤ ᠬᠦᠷᠭᠡᠵᠦ᠂ ᠭᠡᠷ ᠪᠦᠯᠢ ᠪᠠ ᠰᠤᠷᠭᠠᠭᠤᠯᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠷᠠᠳ ᠤᠯᠠᠨ ᠤ ᠠᠮᠤᠷ ᠲᠦᠪᠰᠢᠨ ᠡᠷᠡᠭᠦᠯ ᠮᠡᠨᠳᠦ ᠶᠢ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠬᠢ ᠪᠠᠶᠢᠭᠤᠯᠬᠤ ᠬᠡᠷᠡᠭᠲᠡᠢ᠃  ᠬᠠᠮᠢᠶ᠎ᠠ ᠪᠦᠬᠦᠢ ᠲᠡᠷᠭᠡᠨ ᠦᠷᠳᠡᠭᠡ᠂ ᠰᠦᠢᠳᠬᠡᠯ ᠬᠤᠷᠢᠶᠠᠬᠤ ᠦᠷᠳᠡᠭᠡ ᠵᠢᠴᠢ ᠡᠮᠨᠡᠯᠭᠡ ᠶᠢᠨ ᠬᠤᠷᠢᠶ᠎ᠡ ᠵᠡᠷᠭᠡ ᠳᠤ ᠂ ᠼᠦᠢ ᠶᠦᠩ ᠨᠠᠰᠢ ᠴᠠᠰᠢ ᠥᠩᠭᠡᠷᠡᠬᠦ ᠮᠠᠰᠢᠨ ᠲᠡᠷᠭᠡᠨ ᠤ ᠨᠣᠮᠧᠷ ᠢ ᠰᠢᠷᠪᠢᠬᠦ᠂ ᠳᠤᠯᠠᠭᠠᠨ ᠢ ᠬᠡᠮᠵᠢᠬᠦ᠂ ᠳᠠᠩᠰᠠᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠶᠠᠪᠤᠴᠠ ᠶᠢ ᠨᠠᠷᠢᠨ ᠣᠶᠢᠯᠠᠭᠠᠪᠠ᠃ ᠲᠡᠷᠡ᠂ ᠡᠯ᠎ᠡ ᠪᠣᠭᠤᠮᠲᠠ ᠶᠢ ᠴᠢᠩᠭ᠎ᠠ ᠠᠳᠬᠤᠵᠤ᠂ ᠵᠢᠭᠰᠠᠭᠠᠨ ᠪᠠᠶᠢᠴᠠᠭᠠᠬᠤ᠂ ᠰᠠᠯᠭᠠᠨ ᠰᠠᠯᠭᠠᠬᠤ᠂ ᠬᠠᠮᠢᠶᠠᠷᠤᠨ ᠡᠵᠡᠮᠳᠡᠬᠦ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ ᠲᠤᠷᠰᠢᠯᠲᠠ ᠶᠢᠨ ᠨᠣᠮᠧᠷ ᠢᠶᠠᠷ ᠳᠤᠯᠠᠭᠠᠨ ᠢ ᠬᠡᠮᠵᠢᠬᠦ᠂ ᠨᠡᠪᠲᠡᠷᠡᠬᠦ ᠶᠢ ᠬᠢᠨᠠᠨ ᠪᠠᠶᠢᠴᠠᠭᠠᠬᠤ᠂ ᠠᠮᠠᠪᠴᠢ ᠵᠡᠭᠦᠬᠦ᠂ ᠠᠷᠢᠭᠤᠳᠬᠠᠨ ᠠᠷᠢᠯᠭᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ᠂ ᠠᠷᠢᠭᠤᠨ ᠴᠡᠪᠡᠷ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠨᠡᠯᠭᠡ ᠶᠢᠨ ᠬᠤᠷᠢᠶ᠎ᠠ ᠶᠢᠨ ᠰᠡᠷᠡᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠡᠬᠡ ᠲᠠᠩᠰᠠ ᠶᠢ ᠪᠦᠷᠢᠨᠰᠢᠬᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳᠦᠷ ᠲᠤᠳᠤᠮ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠡᠷᠡᠭᠴᠡᠭᠡ ᠪᠣᠯᠤᠨ ᠪᠦᠬᠦ ᠠᠵᠢᠯᠳᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠠᠯ᠎ᠠ ᠶᠢᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠦᠴᠦᠨ ᠢ ᠪᠦᠲᠦᠮᠵᠢᠲᠡᠢ ᠡᠮᠬᠢ ᠵᠢᠷᠤᠮ ᠲᠠᠢ ᠲᠤᠬᠢᠷᠠᠭᠤᠯᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃  ᠼᠦᠢ ᠶᠦᠩ ᠪᠠᠰᠠ ᠡᠮ ᠤᠨ ᠳᠡᠯᠭᠡᠭᠦᠷ᠂ ᠬᠡᠲᠦ ᠳᠡᠯᠭᠡᠭᠦᠷ ᠵᠡᠷᠭᠡ ᠳᠤ ᠲᠣᠬᠢᠶᠠᠯᠳᠤᠯ ᠢᠶᠠᠷ ᠬᠦᠷᠴᠦ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号