ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ ᠬᠤᠷᠢᠶᠠᠨ ᠤ ᠡᠷᠭᠢᠯᠡᠭᠴᠢ ᠭᠤᠤ ᠮᠢᠩ ᠷᠦ ᠲᠠᠭᠠᠭᠠᠴᠢᠯᠡᠨ ᠬᠤᠯᠪᠣᠭᠠᠯᠠᠭᠰᠡᠨ ᠪᠠᠭ᠎ᠠ ᠲᠣᠭᠤᠷᠢᠭ᠂ ᠪᠦᠭᠡᠮ ᠬᠦᠴᠢᠯ ᠢ ᠪᠠᠶᠢᠴᠠᠭᠠᠨ ᠰᠢᠯᠭᠠᠬᠤ ᠰᠣᠷᠢᠯᠲᠠ ᠶᠢᠨ ᠦᠯᠢᠭᠡᠷ ᠠᠪᠬᠤ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/11/1
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ  ᠶᠢᠨ ᠬᠤᠷᠢᠶᠠᠨ ᠤ ᠡᠷᠭᠢᠯᠡᠭᠴᠢ ᠭᠤᠤ ᠮᠢᠩ ᠷᠦ ᠲᠠᠭᠠᠭᠠᠴᠢᠯᠡᠨ ᠬᠤᠯᠪᠣᠭᠠᠯᠠᠭᠰᠡᠨ ᠪᠠᠭ᠎ᠠ ᠲᠣᠭᠤᠷᠢᠭ᠂ ᠪᠦᠭᠡᠮ ᠬᠦᠴᠢᠯ ᠢ ᠪᠠᠶᠢᠴᠠᠭᠠᠨ ᠰᠢᠯᠭᠠᠬᠤ ᠰᠣᠷᠢᠯᠲᠠ ᠶᠢᠨ ᠦᠯᠢᠭᠡᠷ ᠠᠪᠬᠤ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ      10 ᠰᠠᠷ᠎ᠠ ᠶᠢᠨ 28 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠮᠢᠩ ᠷᠦ᠂ ᠮᠠᠨ ᠤ ᠬᠤᠰᠢᠭᠤᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠰᠣᠷᠢᠯᠲᠠ ᠶᠢᠨ ᠥᠯᠢᠭᠡᠷ ᠠᠪᠬᠤ ᠴᠡᠭ ᠪᠠ ᠬᠡᠰᠡᠭ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃
     ᠬᠠᠭᠤᠴᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷ ᠪᠦᠯᠢ ᠶᠢᠨ ᠰᠠᠭᠤᠭᠠᠯᠢ ᠠᠷᠠᠳ ᠤᠨ ᠲᠣᠭᠤᠷᠢᠭ ᠲᠤ᠂ ᠭᠤᠤ ᠮᠢᠩ ᠷᠦ ᠵᠢᠵᠢᠭᠦᠷᠯᠡᠨ ᠰᠠᠬᠢᠬᠤ ᠬᠥᠮᠦᠰ ᠤᠨ ᠵᠢᠵᠢᠭ ᠲᠣᠭᠤᠷᠢᠭ ᠤᠨ ᠵᠢᠵᠢᠭᠦᠷᠯᠡᠨ ᠰᠠᠬᠢᠬᠤ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠨᠣᠮᠧᠷ ᠢ ᠪᠠᠶᠢᠴᠠᠭᠠᠨ ᠰᠢᠯᠭᠠᠬᠤ᠂ ᠭᠠᠳᠠᠨ᠎ᠠ ᠠᠴᠠ ᠢᠷᠡᠭᠰᠡᠨ ᠬᠥᠮᠦᠰ ᠤᠨ ᠳᠡᠩᠰᠡᠯᠡᠯᠲᠡ᠂ ᠣᠷᠴᠢᠨ ᠲᠣᠭᠤᠷᠢᠨ ᠤ ᠤᠰᠠᠳᠤᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠠᠮᠢᠶ᠎ᠠ ᠪᠥᠬᠦᠶ ᠲᠡᠮᠳᠡᠭᠯᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ᠃ ᠪᠠᠶᠠᠨᠴᠠᠭᠠᠨ ᠪᠠᠯᠭᠠᠰᠤᠨ ᠤ ᠬᠤᠶᠠᠳᠤᠭᠠᠷ ᠪᠥᠭᠡᠮ ᠬᠦᠴᠢᠯ ᠢ ᠰᠢᠯᠭᠠᠨ ᠪᠠᠶᠢᠴᠠᠭᠠᠵᠤ ᠦᠯᠢᠭᠡᠷ ᠠᠪᠬᠤ ᠴᠡᠭ ᠲᠤ᠂ ᠲᠤᠬᠠᠢ ᠶᠢᠨ ᠲᠠᠯᠠᠪᠠᠢ ᠳᠤ ᠴᠤᠭᠯᠠᠭᠤᠯᠬᠤ ᠶᠠᠪᠤᠴᠠ ᠶᠢ ᠪᠠᠶᠢᠴᠠᠭᠠᠨ ᠦᠵᠡᠭᠰᠡᠨ ᠪᠥᠭᠡᠳ ᠠᠵᠢᠯᠲᠠᠳ ᠠᠴᠠ ᠪᠥᠭᠡᠮ ᠬᠦᠴᠢᠯ ᠢ ᠴᠤᠭᠯᠠᠭᠤᠯᠬᠤ ᠠᠬᠢᠴᠠ ᠪᠣᠯᠤᠨ ᠦᠷ᠎ᠡ ᠪᠦᠲᠦᠮᠵᠢ ᠶᠢ ᠣᠶᠢᠯᠠᠭᠠᠪᠠ᠃
     ᠭᠤᠤ ᠮᠢᠩ ᠷᠦ ᠵᠢᠭᠠᠵᠤ ᠭᠠᠷᠭᠠᠭᠰᠠᠨ ᠨᠢ᠂ ᠴᠥᠮ᠎ᠡ ᠶᠢᠨ ᠬᠦᠴᠢᠯ ᠢ ᠪᠠᠶᠢᠴᠠᠭᠠᠨ ᠬᠡᠮᠵᠢᠬᠦ ᠪᠠ ᠪᠠᠭ᠎ᠠ ᠲᠣᠭᠤᠷᠢᠭ ᠲᠤ ᠵᠢᠵᠢᠭᠦᠷᠯᠡᠨ ᠰᠠᠬᠢᠬᠤ ᠪᠣᠯ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠴᠢᠬᠤᠯᠠ ᠭᠤᠭᠴᠤᠭ᠎ᠠ ᠮᠥᠨ᠂ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠳᠣᠬᠠᠨ ᠤ ᠬᠢᠵᠢᠭ ᠤᠨ ᠪᠠᠶᠢᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠤᠨ ᠲᠤᠬᠠᠶ ᠲᠠᠨᠢᠯᠲᠠ ᠶᠢ ᠴᠢᠩᠭᠠᠳᠬᠠᠬᠤ ᠬᠡᠷᠡᠭᠲᠡᠶ᠃ ᠪᠥᠭᠡᠮ ᠬᠦᠴᠢᠯ ᠢ ᠪᠠᠶᠢᠴᠠᠭᠠᠨ ᠬᠡᠮᠵᠢᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠴᠤᠭᠯᠠᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠴᠤᠭᠯᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠪᠠᠭ᠎ᠠ ᠲᠣᠭᠤᠷᠢᠭ ᠤᠨ ᠵᠢᠵᠢᠭᠦᠷᠯᠡᠨ ᠰᠠᠬᠢᠬᠤ ᠠᠵᠢᠯ ᠢ ᠪᠥᠬᠦ ᠲᠠᠯ᠎ᠠ ᠪᠠᠷ ᠨᠠᠷᠢᠨ ᠨᠢᠮᠪᠠᠶ ᠰᠠᠶᠢᠲᠤᠷ ᠬᠢᠵᠦ᠂ ᠣᠷᠣᠵᠤ ᠭᠠᠷᠬᠤ ᠶᠢ ᠳᠠᠩᠰᠠᠯᠠᠬᠤ᠂ ᠪᠠᠶᠢᠴᠠᠭᠠᠨ ᠰᠢᠯᠭᠠᠬᠤ ᠨᠣᠮᠧᠷ ᠵᠡᠷᠭᠡ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠪᠠᠲᠤ ᠪᠠᠬᠢ ᠪᠥᠭᠡᠳ ᠨᠢᠭᠲᠠ ᠰᠦᠯᠵᠢᠵᠦ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ︵ᠡᠬᠡ ᠪᠢᠴᠢᠭ ᠬᠠᠩᠭᠠᠭᠴᠢ᠄ ᠯᠢᠦ ᠬᠤᠸᠠ︶
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号