ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ | ᠬᠠᠤᠯᠢ ᠠᠴᠠ ᠵᠥᠷᠢᠴᠡᠨ ᠲᠠᠷᠢᠶᠠᠯᠠᠵᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ | ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠵᠢᠴᠢ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠢᠶᠠᠷᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠵᠣᠷᠢᠭ ᠰᠠᠨᠠᠭᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠶᠢᠨ ᠬᠢᠨ ᠥᠩᠭᠡᠷᠡᠭᠰᠡᠨ ᠤ ᠵᠢᠯ ᠤᠳ ᠲᠤ ᠬᠠᠤᠯᠢ ᠶᠢ ᠵᠥᠷᠢᠴᠡᠨ | ᠲᠠᠷᠢᠶᠠᠨ ᠭᠠᠵᠠᠷ ᠢ ᠡᠵᠡᠯᠡᠨ ᠬᠡᠷ ᠪᠠᠶᠢᠰᠢᠩ ᠪᠠᠷᠢᠭᠰᠠᠨ᠂ ᠬᠦᠷᠢᠶ᠎ᠡ ᠴᠠᠷᠠᠭ᠎ᠠ ᠪᠠᠷᠢᠭᠰᠠᠨ᠂ ᠬᠦᠷᠢᠶ᠎ᠡ ᠬᠠᠰᠢᠶ᠎ᠠ | ᠪᠠᠷᠢᠭᠰᠠᠨ ᠵᠡᠷᠭᠡ ᠰᠡᠵᠢᠭᠯᠡᠯᠲᠡᠶ ᠤᠶᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠷᠵᠤ᠂ ᠴᠡᠭᠴᠡᠯᠡᠨ ᠵᠠᠰᠠᠪᠠ᠃ | | | ᠣᠶᠢᠯᠠᠭᠠᠭᠰᠠᠨ ᠢᠶᠠᠷ᠂ 11 ᠰᠠᠷ᠎ᠠ ᠶᠢᠨ 14 ᠤ ᠡᠳᠦᠷ ᠪᠣᠯᠲᠠᠯ᠎ᠠ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠲᠠᠷᠢᠶᠠᠨ ᠭᠠᠵᠠᠷ ᠤᠨ ᠣᠳᠣᠬᠢ ᠪᠠᠶᠢᠳᠠᠯ ᠢ ᠬᠢᠨᠠᠨ ᠬᠡᠮᠵᠢᠭᠰᠡᠨ 56 ᠵᠢᠷᠤᠭ ᠢ | ᠢᠯᠡᠷᠡᠭᠦᠯᠵᠦ᠂ ᠥᠪᠡᠷ ᠤᠨ ᠪᠠᠶᠢᠴᠠᠭᠠᠯᠲᠠ ᠪᠠᠷ ᠳᠡᠮᠵᠢᠨ 26 ᠭᠠᠵᠠᠷ ᠲᠠᠷᠢᠶᠠᠨ ᠭᠠᠵᠠᠷ ᠢ ᠡᠵᠡᠯᠡᠨ ᠬᠡᠷ ᠪᠠᠶᠢᠰᠢᠩ | ᠪᠠᠷᠢᠭᠰᠠᠨ᠂ ᠬᠦᠷᠢᠶ᠎ᠡ ᠬᠠᠰᠢᠶ᠎ᠠ ᠪᠠᠷᠢᠭᠰᠠᠨ᠂ ᠬᠦᠷᠢᠶ᠎ᠡ ᠬᠡᠷᠡᠮ ᠪᠠᠷᠢᠭᠰᠠᠨ ᠵᠡᠷᠭᠡ ᠰᠡᠵᠢᠭᠯᠡᠯᠲᠡᠶ ᠤᠶᠢᠯᠡ | ᠠᠵᠢᠯᠯᠠᠭ᠎ᠠ ᠶᠢ ᠢᠯᠡᠷᠡᠭᠦᠯᠪᠡ᠃ | | | | ᠪᠠᠶᠠᠨᠴᠠᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ ᠵᠠᠩ ᠸᠧᠨ ᠰᠢᠤᠸᠠᠢ ᠬᠡᠯᠡᠬᠦ ᠳᠡᠭᠡᠨ᠄ 11 ᠰᠠᠷ᠎ᠠ ᠶᠢᠨ 5 ᠤ ᠡᠳᠦᠷ᠂ ᠪᠠᠶᠠᠨᠴᠠᠭᠠᠨ ᠪᠠᠯᠭᠠᠰᠤᠨ ᠤ ᠨᠠᠮ ᠤᠨ | ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠳᠣᠣᠷ᠎ᠠ᠂ ᠪᠠᠶᠠᠨᠴᠠᠭᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠦᠷᠦᠭᠦᠯᠡᠨ ᠲᠥᠪᠯᠡᠷᠡᠭᠦᠯᠦᠨ ᠴᠡᠭᠴᠡᠯᠡᠨ ᠵᠠᠰᠠᠵᠤ᠂ ᠮᠠᠨ ᠤ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠭᠠᠴᠠᠭᠠᠨ ᠤ ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ | ᠠᠵᠢᠯᠯᠠᠬᠤ ᠠᠩᠭᠢ ᠲᠠᠢ ᠬᠤᠯᠪᠣᠭᠠᠯᠠᠨ ᠲᠤᠬᠠᠶ ᠶᠢᠨ ᠬᠥᠮᠦᠨ ᠳᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ | ᠵᠢᠴᠢ ᠬᠠᠤᠯᠢ ᠶᠢ ᠵᠥᠷᠢᠴᠡᠭᠰᠡᠨ ᠪᠠᠷᠢᠯᠭ᠎ᠠ ᠶᠢᠨ ᠦᠷ᠎ᠡ ᠳ᠋ᠦᠩ ᠢ ᠲᠠᠶᠢᠯᠪᠤᠷᠢᠯᠠᠬᠤ ᠪᠠᠷ ᠳᠠᠮᠵᠢᠭᠤᠯᠤᠨ᠂ ᠲᠤᠬᠠᠶ ᠶᠢᠨ | ᠬᠥᠮᠦᠨ ᠳᠤ ᠬᠠᠤᠯᠢ ᠶᠢ ᠵᠥᠷᠢᠴᠡᠭᠰᠡᠨ ᠤᠶᠢᠯᠡ ᠠᠵᠢᠯᠯᠠᠭ᠎ᠠ ᠶᠢᠨ ᠡᠭᠦᠷᠭᠡᠯᠡᠬᠦ ᠬᠠᠤᠯᠢ ᠴᠠᠭᠠᠵᠠ ᠶᠢᠨ ᠦᠷ᠎ᠡ ᠳ᠋ᠦᠩ ᠢ | ᠲᠠᠨᠢᠭᠤᠯᠵᠤ᠂ ᠥᠪᠡᠷ ᠤᠨ ᠬᠠᠤᠯᠢ ᠶᠢ ᠵᠥᠷᠢᠴᠡᠭᠰᠡᠨ ᠤᠶᠢᠯᠡ ᠠᠵᠢᠯᠯᠠᠭ᠎ᠠ ᠪᠠᠨ ᠴᠠᠭ ᠲᠤᠬᠠᠶ ᠳᠤᠨᠢ ᠵᠠᠯᠠᠷᠠᠭᠤᠯᠵᠤ᠂ | ᠲᠠᠷᠢᠶᠠᠨ ᠭᠠᠵᠠᠷ ᠳᠡᠭᠡᠷᠡᠬᠢ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠨ ᠤ ᠬᠠᠮᠲᠤ ᠪᠠᠶ | ᠵᠧᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭ ᠲᠤᠬᠠᠶ ᠳᠤᠨᠢ ᠪᠣᠶ ᠪᠥᠬᠦᠶ ᠭᠠᠴᠠᠭ᠎ᠠ | ᠲᠣᠰᠬᠤᠨ ᠢ ᠵᠣᠬᠢᠶᠠᠨ ᠪᠠᠶᠢᠭᠤᠯᠵᠤ ᠪᠠᠶᠢᠭᠠᠳ ᠬᠥᠳᠡᠭᠡ ᠲᠣᠰᠬᠤᠨ ᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ | ᠠᠰᠠᠭᠤᠳᠠᠯ ᠤᠨ ᠨᠢᠭᠡ ᠠᠴᠠ ᠵᠤᠶᠢᠴᠢᠯᠡᠵᠤ ᠨᠦᠬᠦᠭᠡ ᠶᠢ ᠮᠡᠳᠡᠵᠦ ᠥᠪᠡᠷ ᠢ ᠪᠠᠨ ᠪᠠᠶᠢᠴᠠᠭᠠᠨ ᠣᠶᠢᠯᠠᠭᠠᠵᠤ᠂ | ᠲᠥᠪᠯᠡᠷᠡᠭᠦᠯᠦᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠬᠦᠴᠦᠯᠡᠨ ᠪᠠᠲᠤᠯᠠᠵᠤ᠂ | ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ᠂ ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ | ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠶ᠃ | | | ᠣᠶᠢᠯᠠᠭᠠᠭᠰᠠᠨ ᠢᠶᠠᠷ᠂ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠠᠶᠠᠨᠴᠠᠭᠠᠨ | ᠪᠠᠯᠭᠠᠰᠤᠨ ᠤ ᠬᠢᠨ ᠨᠡᠶᠢᠲᠡ 27 ᠰᠠᠤᠷᠢ ᠮᠠᠰᠢᠨ᠂ 10 ᠰᠠᠤᠷᠢ ᠵᠢᠵᠢᠭ ᠮᠠᠰᠢᠨ ᠬᠥᠯᠥᠰᠥᠯᠡᠵᠦ᠂ 434 ᠰᠠᠤᠷᠢ | ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ᠂ ᠪᠠᠷᠤᠭ 9980 ᠪᠣᠰᠤᠭ᠎ᠠ ᠳᠥᠷᠪᠡᠯᠵᠢᠨ ᠮᠧᠲᠷ ᠤᠨ 434 ᠮᠠᠰᠢᠨ | ᠲᠡᠷᠭᠡᠨ ᠤ ᠬᠤᠭ ᠨᠣᠪᠰᠢ ᠶᠢ ᠴᠡᠪᠡᠷᠯᠡᠪᠡ︔ ᠨᠡᠶᠢᠲᠡ 45 ᠬᠠᠤᠯᠢ ᠠᠴᠠ ᠵᠥᠷᠢᠴᠡᠭᠰᠡᠨ ᠬᠦᠷᠢᠶᠡᠨ ᠤ ᠬᠡᠷᠡᠮ ᠢ | ᠨᠤᠷᠠᠭᠠᠪᠠ ︵ᠡᠭᠦᠨ ᠤ ᠳᠣᠲᠣᠷ᠎ᠠ ᠬᠠᠤᠯᠢ ᠠᠴᠠ ᠵᠥᠷᠢᠴᠡᠭᠰᠡᠨ ᠵᠢᠷᠤᠭ ᠤᠨ ᠳᠣᠲᠣᠷ᠎ᠠ 31 ᠭᠠᠵᠠᠷ᠂ 14 ᠭᠠᠵᠠᠷ ᠢ | ᠥᠪᠡᠷ ᠢᠶᠠᠨ ᠪᠠᠶᠢᠴᠠᠭᠠᠵᠤ ᠲᠡᠮᠲᠡᠷᠢᠨ ᠵᠢᠭᠰᠠᠭᠠᠨ᠎ᠠ︶᠃ | ᠵᠣᠬᠢᠶᠠᠭᠴᠢ᠄ ᠯᠢ ᠰᠢᠤᠸᠠᠨ | ᠣᠷᠴᠢᠭᠤᠯᠣᠭᠴᠢ᠄ ᠡᠷᠳᠡᠨᠢᠴᠢᠮᠡᠭ | |