︽ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ ᠬᠢᠵᠢᠭ ᠤᠨ ᠪᠠᠶᠢᠳᠠᠯ ᠢ ᠡᠰᠡᠷᠭᠦᠴᠡᠶ᠎ᠡ︾ ᠬᠢᠵᠢᠭ ᠢ | ᠡᠰᠡᠷᠭᠦᠴᠡᠵᠦ ᠲᠤᠬᠠᠢ ᠶᠢᠨ ᠦᠶ᠎ᠡ ᠳᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠬᠠᠮᠲᠤ ᠪᠠᠷ ᠭᠠᠷ ᠬᠤᠯᠪᠤᠯᠴᠠᠶᠠ | ᠵᠣᠬᠢᠶᠠᠭᠴᠢ᠄ ᠯᠢ ᠰᠢᠤᠸᠠᠨ᠂ ᠯᠦ ᠱᠦ ᠫᠧᠩ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠡᠨᠡ ᠵᠢᠯ ᠤᠨ 10 ᠰᠠᠷ᠎ᠠ ᠶᠢᠨ ᠳᠤᠮᠳᠠᠴᠢ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠰᠢᠨ᠎ᠡ ᠨᠢᠭᠡᠨ ᠡᠭᠡᠯᠵᠢ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠴᠠᠶ᠃ ᠡᠭᠦᠨ ᠳᠤ᠂ ᠠᠯᠲᠠᠨ ᠰᠢᠷᠭᠠᠯ ᠲᠣᠤᠷᠠᠶ ᠶᠢᠨ ᠣᠶ ᠪᠠᠷ | ᠠᠯᠳᠠᠷᠰᠢᠭᠰᠠᠨ ᠠᠯᠠᠱᠠ ᠠᠶᠢᠮᠠᠭ ᠤᠨ ᠡᠵᠡᠨ᠎ᠡ ᠬᠤᠰᠢᠭᠤ ᠨᠢ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ | ᠵᠢᠭᠰᠠᠭᠠᠭᠳᠠᠵᠤ᠂ ᠬᠢᠵᠢᠭ ᠤᠨ ᠪᠠᠶᠢᠳᠠᠯ ᠬᠦᠨᠳᠦ ᠨᠣᠴᠢᠲᠠᠶ ᠪᠥᠭᠡᠳ ᠨᠠᠷᠢᠨ ᠪᠤᠳᠤᠯᠢᠶᠠᠨᠲᠠᠶ ᠪᠠᠶᠢᠵᠤ᠂ ᠥᠷᠭᠡᠨ | ᠣᠯᠠᠨ ᠡᠮᠴᠢ ᠰᠤᠪᠢᠯᠠᠭᠴᠢ ᠪᠠ ᠰᠠᠶᠢᠨ ᠳᠤᠷ᠎ᠠ ᠶᠢᠨ ᠠᠵᠢᠯᠯᠠᠭᠴᠢᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠹᠷᠣᠨᠲ ᠲᠤ ᠦᠳᠲᠡᠷ ᠲᠦᠷᠭᠡᠨ ᠣᠷᠣᠵᠤ᠂ ᠬᠠᠷᠢᠶᠠᠲᠤ ᠣᠷᠣᠨ ᠳᠤ ᠬᠢᠵᠢᠭ ᠤᠨ ᠪᠠᠶᠢᠳᠠᠯ ᠤᠨ | ᠬᠥᠭᠵᠢᠯᠲᠡ ᠶᠢᠨ ᠬᠠᠨᠳᠤᠰᠢ ᠰᠢᠨ᠎ᠡ ᠪᠠᠷ ᠢᠯᠡᠷᠡᠵᠦ᠂ ᠲᠤᠬᠠᠶ ᠶᠢᠨ ᠭᠠᠵᠠᠷ ᠤᠨ ᠠᠷᠠᠳ ᠣᠯᠠᠨ ᠪᠠ ᠨᠡᠶᠢᠭᠡᠮ ᠤᠨ | ᠡᠯ᠎ᠡ ᠡᠲᠡᠭᠡᠳ ᠤᠨ ᠬᠥᠮᠦᠰ ᠤᠨ ᠰᠡᠳᠬᠢᠯ ᠢ ᠭᠦᠨ᠎ᠡ ᠲᠠᠲᠠᠵᠤ ᠪᠠᠶᠢᠨ᠎ᠠ᠃ ᠡᠭᠦᠨ ᠤ ᠬᠠᠮᠲᠤ᠂ ᠥᠪᠥᠷ | ᠮᠣᠩᠭᠤᠯ ᠤᠨ ᠡᠯ᠎ᠡ ᠭᠠᠵᠠᠷ ᠣᠷᠣᠨ ᠳᠤ ᠰᠤᠶᠢᠳᠬᠡᠯ ᠬᠤᠷᠢᠶᠠᠬᠤ ᠥᠬᠡᠶ ᠪᠠᠷ ᠴᠥᠮ᠎ᠡ ᠶᠢᠨ ᠬᠦᠴᠢᠯ ᠤᠨ ᠪᠠᠶᠢᠴᠠᠭᠠᠨ | ᠬᠡᠮᠵᠢᠯᠲᠡ ᠶᠢ ᠡᠬᠢᠯᠡᠨ ᠬᠡᠷᠡᠭᠵᠢᠭᠦᠯᠵᠦ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠠᠴᠠ ᠰᠠᠭᠤᠭᠠᠯᠢ | ᠲᠣᠭᠤᠷᠢᠭ ᠲᠤ ᠲᠣᠮᠢᠯᠠᠨ ᠰᠠᠭᠤᠯᠭᠠᠵᠤ᠂ ᠡᠵᠡᠨ᠎ᠡ ᠬᠤᠰᠢᠭᠤ ᠲᠠᠢ ᠬᠠᠮᠲᠤ ᠪᠠᠷ ᠬᠢᠵᠢᠭ ᠤᠨ ᠪᠠᠶᠢᠳᠠᠯ ᠢ ᠬᠤᠷᠢᠭᠯᠠᠨ | ᠵᠣᠭᠰᠣᠭᠠᠪᠠ᠃ | | | | | ᠣᠳᠣᠬᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠣᠨᠴᠠᠭᠠᠶ ᠴᠠᠭ ᠦᠶ᠎ᠡ ᠳᠤ᠂ ᠲᠠᠩ ᠣᠪᠣᠭᠲᠤ ᠶᠢᠨ ᠨᠡᠭᠡᠭᠡᠨ ᠬᠥᠭᠵᠢᠭᠦᠯᠦᠯᠲᠡ ᠶᠢᠨ | ᠺᠣᠮᠫᠠᠨᠢ ᠬᠢᠵᠢᠭ ᠤᠨ ᠪᠠᠶᠢᠳᠠᠯ ᠤᠨ ᠪᠠᠶᠢᠳᠠᠯ ᠪᠣᠯᠤᠨ ᠬᠢᠵᠢᠭ ᠢ ᠰᠡᠷᠭᠡᠶᠢᠯᠡᠬᠦ ᠠᠵᠢᠯ ᠤᠨ ᠡᠮᠦᠨ᠎ᠡ ᠹᠷᠣᠨᠲ ᠤᠨ | ᠪᠠᠶᠢᠳᠠᠯ ᠢ ᠴᠠᠭ ᠢᠮᠠᠭᠲᠠ ᠠᠩᠬᠠᠷᠴᠤ᠂ ᠲᠡᠷᠡᠴᠢᠯᠡᠨ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠶᠢ ᠳᠡᠮᠵᠢᠵᠦ᠂ 10 ᠰᠠᠷ᠎ᠠ ᠶᠢᠨ 29 ᠤ ᠡᠳᠦᠷ᠂ ᠲᠠᠩ ᠣᠪᠣᠭᠲᠤ ᠶᠢᠨ ᠨᠡᠭᠡᠭᠡᠨ | ᠬᠥᠭᠵᠢᠭᠦᠯᠦᠯᠲᠡ ᠶᠢᠨ ᠺᠣᠮᠫᠠᠨᠢ ᠮᠠᠨ ᠤ ᠬᠤᠰᠢᠭᠤᠨ ᠤ ᠳᠡᠭᠡᠳᠦ ᠬᠤᠷᠳᠤᠴᠠᠲᠤ ᠵᠠᠮ ᠤᠨ ᠠᠭᠤᠯᠵᠠᠷ ᠤᠨ | ᠪᠠᠶᠢᠴᠠᠭᠠᠯᠲᠠ ᠶᠢᠨ ᠥᠷᠲᠡᠭᠡ᠂ ᠴᠠᠬᠠᠷ ᠲᠠᠯᠠᠪᠠᠶ ᠶᠢᠨ ᠪᠥᠭᠡᠮ ᠬᠦᠴᠢᠯ ᠤᠨ ᠥᠯᠢᠭᠡᠷ ᠠᠪᠬᠤ ᠭᠠᠵᠠᠷ᠂ ᠨᠠᠮ | ᠵᠠᠰᠠᠭ ᠤᠨ ᠲᠣᠮᠣ ᠠᠰᠠᠷ ᠵᠢᠴᠢ ᠣᠨᠴᠠ ᠵᠠᠷᠢᠮ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠳᠤ ᠳ᠋ᠠᠴᠠᠩ᠂ ᠲᠥᠬᠦᠮ | ᠮᠢᠨᠲᠤᠤᠷ ᠪᠠ ᠤᠰᠤ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ | ᠴᠢᠳᠠᠯ ᠢᠶᠠᠨ ᠡᠷᠭᠦᠵᠦ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠤᠶᠢᠯᠡᠳᠤᠯᠬᠡᠵᠢᠬᠦᠯᠵᠤ᠂ ᠺᠣᠮᠫᠠᠨᠢ ᠶᠢᠨ | ᠬᠠᠷᠢᠭᠤᠴᠠᠯᠭ᠎ᠠ ᠪᠠ ᠡᠭᠦᠷᠭᠡᠯᠡᠯ ᠢᠶᠠᠨ ᠬᠦᠢᠴᠡᠳ ᠪᠠᠳᠠᠷᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠤᠪᠢ ᠨᠡᠮᠡᠷᠢ ᠦᠵᠡᠭᠦᠯᠦᠭᠰᠡᠨ ᠢ ᠬᠠᠷᠠᠭᠤᠯᠵᠠᠶ᠃ |