︽ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠵᠦ︾ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ | ᠬᠠᠪᠰᠤᠷᠤᠨ ᠲᠤᠰᠠᠯᠠᠵᠤ᠂ ᠬᠠᠶᠢᠷ᠎ᠠ ᠬᠠᠯᠠᠮᠵᠢ ᠪᠠᠨ ᠬᠠᠨᠳᠢᠪᠯᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠪᠠ — | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠤᠨ ᠬᠥᠮᠦᠰ ᠢ ᠲᠣᠬᠤᠨᠢᠭᠤᠯᠪᠠ | ᠵᠣᠬᠢᠶᠠᠭᠴᠢ᠄ ᠮᠠᠨᠳᠠ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 10 ᠰᠠᠷ᠎ᠠ ᠶᠢᠨ 30 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠸᠠ ᠰᠢᠨ ᠨᠢᠭᠲᠠᠯᠠᠨ | ᠪᠤᠳᠤᠭᠴᠢ ᠶᠢᠨ ᠬᠡᠷᠡᠭ ᠶᠠᠪᠤᠳᠠᠯ ᠤᠨ ᠬᠢᠵᠠᠭᠠᠷᠲᠤ ᠺᠣᠮᠫᠠᠨᠢ᠂ ᠾᠧᠩ ᠪᠠᠩ ᠪᠠᠷᠠᠭᠠᠨ ᠤ ᠭᠦᠢᠯᠭᠡᠭᠡ ᠠᠴᠠ ᠲᠦᠷᠭᠡᠨ | ᠳᠠᠪᠬᠢᠬᠤ ᠵᠠᠮ ᠤᠨ ᠠᠭᠤᠯᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠡᠭ᠂ ᠵᠥᠩ ᠰᠢᠨ | ᠵᠣᠴᠢᠳ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠲᠤᠰᠠᠭᠠᠷᠯᠠᠬᠤ ᠴᠡᠭ᠂ ᠴᠠᠬᠠᠷ ᠲᠠᠯᠠᠪᠠᠶ ᠶᠢᠨ ᠬᠢᠵᠢᠭ ᠤᠨ | ᠪᠠᠶᠢᠳᠠᠯ ᠤᠨ ᠦᠯᠢᠭᠡᠷ ᠠᠪᠬᠤ ᠴᠡᠭ᠂ ᠬᠠᠮ ᠵᠠᠭᠤᠴᠢᠯᠠᠭᠤᠷ ᠤᠨ ᠲᠥᠪ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠵᠡᠷᠭᠡ ᠭᠠᠵᠠᠷ ᠲᠤ ᠷᠠᠰᠢᠶᠠᠨ ᠤᠰᠤ᠂ ᠳᠥᠭᠦᠮ ᠮᠢᠨᠲᠤᠤᠷ ᠵᠡᠷᠭᠡ ᠡᠳ᠋ ᠪᠣᠳᠠᠰ ᠪᠠ ᠬᠡᠮᠡᠷᠯᠢᠭ ᠬᠤᠰᠢᠭᠤ ᠬᠠᠨᠳᠢᠪᠯᠠᠪᠠ | ᠃ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠬᠥᠮᠦᠰ ᠲᠤ ᠬᠦᠨᠳᠦᠳᠬᠡᠯ ᠳᠡᠪᠰᠢᠭᠦᠯᠵᠦ ᠪᠠᠶᠢᠬᠤ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠵᠦ ᠪᠠᠶᠢᠬᠤ ᠪᠠᠨ ᠢᠯᠡᠳᠬᠡᠵᠦ᠂ ︽ᠬᠢᠵᠢᠭ ᠤᠨ | ᠪᠠᠶᠢᠳᠠᠯ ᠳᠤ ᠬᠠᠶᠢᠷ᠎ᠠ ᠨᠠᠶᠢᠷ ᠥᠬᠡᠶ ᠬᠥᠮᠦᠨ ᠬᠠᠶᠢᠷ᠎ᠠ ᠨᠠᠶᠢᠷ ᠥᠬᠡᠶ︾ ᠪᠠᠶᠢᠬᠤ ᠶᠢ ᠪᠣᠳᠠᠲᠤ ᠠᠵᠢᠯᠯᠠᠭ᠎ᠠ ᠪᠠᠷ ᠢᠶᠠᠨ | ᠲᠠᠶᠢᠯᠪᠤᠷᠢᠯᠠᠭᠰᠠᠨ ᠪᠠᠶᠢᠨ᠎ᠠ᠃ | | | | | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ︽ᠬᠢᠵᠢᠭ︾ ᠤᠨ ᠳᠠᠶᠢᠯᠠᠯᠳᠤᠭᠠᠨ ᠳᠤ ᠬᠠᠶᠢᠷ᠎ᠠ ᠬᠠᠯᠠᠮᠵᠢ ᠬᠦᠷᠭᠡᠬᠦ | ᠠᠵᠢᠯᠯᠠᠭ᠎ᠠ ᠨᠢ ︽ᠬᠢᠵᠢᠭ︾ ᠤᠨ ᠱᠤᠭᠤᠮ ᠳᠤ ᠡᠷᠡᠯᠬᠡᠭᠯᠡᠨ ᠪᠠᠶᠢᠯᠳᠤᠵᠤ ᠪᠠᠶᠢᠭ᠎ᠠ ᠪᠠᠶᠢᠯᠳᠤᠭᠴᠢᠳ ᠲᠤ ᠬᠠᠶᠢᠷ᠎ᠠ | ᠬᠠᠯᠠᠮᠵᠢ ᠬᠦᠷᠭᠡᠭᠰᠡᠨ ᠢᠶᠠᠷ ᠪᠠᠷᠠᠬᠤ ᠦᠭᠡᠢ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠢ | ᠪᠠᠲᠤ ᠰᠠᠬᠢᠵᠤ ᠪᠠᠶᠢᠭ᠎ᠠ ᠠᠵᠢᠯᠲᠠᠳ ᠲᠤ ᠬᠥᠳᠡᠯᠭᠡᠬᠦ ᠬᠦᠴᠦᠨ ᠣᠯᠭᠤᠵᠤ᠂ ᠨᠡᠩ ᠴᠤ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠬᠠᠮᠲᠤᠪᠠᠷ ᠪᠠᠶᠢᠯᠳᠤᠵᠤ᠂ ᠢᠯᠠᠯᠲᠠ ᠶᠢ ᠲᠡᠮᠡᠴᠡᠨ ᠤᠯᠬᠤ | ᠢᠲᠡᠭᠡᠯ ᠵᠣᠷᠢᠭ ᠪᠠ ᠰᠥᠰᠥ ᠵᠣᠷᠢᠭ ᠢ ᠨᠡᠮᠡᠭᠳᠡᠭᠦᠯᠦᠭᠰᠡᠨ ᠪᠠᠶᠢᠨ᠎ᠠ᠃ |