ᠬᠠᠤᠯᠢ ᠴᠠᠭᠠᠵᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ | ᠬᠠᠮᠢᠶᠠᠷᠬᠤ ᠲᠦᠷᠢᠮ︾ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | 2021 ᠣᠨ ᠤ 7 ᠰᠠᠷ᠎ᠠ ᠶᠢᠨ 27 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ | ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ 746 ᠳ᠋ᠤᠭᠠᠷ ᠲᠣᠭᠠᠲᠤ ᠵᠠᠷᠯᠢᠭ ᠲᠤ ᠭᠠᠷ ᠤᠨ ᠥᠰᠥᠭ | ᠵᠢᠷᠤᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠳᠡᠩᠰᠡᠯᠡᠨ ᠬᠠᠮᠢᠶᠠᠷᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠪᠡ᠂ 2022 | ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠦᠷᠦᠭᠦᠬᠡᠨ᠂ ᠬᠠᠤᠯᠢ ᠴᠠᠭᠠᠵᠠ ᠶᠢᠨ | ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ | ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠲᠦᠷᠢᠮ︾ ᠢ ᠲᠣᠭᠲᠠᠭᠠᠭᠰᠠᠨ ᠬᠤᠯᠪᠣᠭᠳᠠᠯ ᠪᠥᠬᠦᠶ ᠠᠬᠤᠶ ᠪᠠᠶᠢᠳᠠᠯ ᠤᠨ ᠲᠤᠬᠠᠶ ᠲᠥᠬᠦᠮ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠳᠡᠩᠰᠡᠯᠡᠨ ᠲᠡᠮᠳᠡᠭᠯᠡᠵᠦ ᠬᠠᠮᠢᠶᠠᠷᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠤᠯᠤᠰ ᠤᠷᠢᠳ ᠬᠤᠵᠢᠳ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠳᠡᠩᠰᠡᠯᠡᠯᠲᠡ | ᠬᠠᠮᠢᠶᠠᠷᠤᠯᠲᠠ ᠶᠢᠨ ᠲᠦᠷᠢᠮ︾᠂ ︽ᠠᠵᠤ ᠠᠬᠤᠶᠢᠯᠠᠯ ᠤᠨ ᠨᠡᠷᠡᠶᠢᠳᠦᠯ ᠤᠨ ᠳᠡᠩᠰᠡᠯᠡᠯᠲᠡ ᠬᠠᠮᠢᠶᠠᠷᠤᠯᠲᠠ ᠶᠢᠨ | ᠲᠣᠭᠲᠠᠭᠠᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠳᠡᠩᠰᠡᠯᠡᠯᠲᠡ | ᠬᠠᠮᠢᠶᠠᠷᠤᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ | ᠠᠬᠤᠶᠢᠯᠠᠯ ᠤᠨ ᠳᠡᠩᠰᠡᠯᠡᠯᠲᠡ ᠬᠠᠮᠢᠶᠠᠷᠤᠯᠲᠠ ᠶᠢᠨ ᠠᠷᠭ᠎ᠠ︾᠂ ︽ᠠᠵᠤ ᠠᠬᠤᠶᠢᠯᠠᠯ ᠤᠨ ᠬᠠᠤᠯᠢ ᠶᠢᠨ ᠬᠥᠮᠦᠨ ᠤ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠳᠡᠩᠰᠡᠯᠡᠯᠲᠡ ᠬᠠᠮᠢᠶᠠᠷᠤᠯᠲᠠ ᠶᠢᠨ ᠲᠣᠭᠲᠠᠭᠠᠯ︾᠂ ︽ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠨ ᠤ ᠳᠡᠩᠰᠡᠯᠡᠯᠲᠡ ᠬᠠᠮᠢᠶᠠᠷᠤᠯᠲᠠ ᠶᠢᠨ ᠲᠦᠷᠢᠮ︾᠂ ︽ | ᠬᠤᠪᠢ ᠶᠢᠨ ᠦᠢᠯᠡᠳᠪᠣᠷᠢ ᠬᠤᠳᠠᠯᠳᠤᠭᠠᠨ ᠤ ᠡᠷᠦᠬᠡ ᠶᠢᠨ ᠲᠦᠷᠢᠮ︾ ᠵᠡᠷᠭᠡ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠳᠡᠩᠰᠡᠯᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠣᠯᠠᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠨᠡᠶᠢᠲᠡᠯᠡᠵᠦ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠳᠠᠯ ᠦᠢᠯᠡᠰ ᠴᠣᠭᠴᠠᠯᠠᠵᠤ ᠠᠵᠢᠯ | ᠣᠯᠭᠤᠬᠤ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠣᠯ ᠦᠵᠡᠭᠦᠯᠪᠡ᠃ ᠡᠭᠦᠨ ᠤ ᠬᠠᠮᠲᠤ᠂ ᠣᠲᠣ ᠶᠢᠨ | ᠬᠡᠷᠡᠭᠵᠢᠭᠦᠯᠵᠦ ᠪᠠᠶᠢᠭ᠎ᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠳᠡᠩᠰᠡᠯᠡᠯᠲᠡ ᠬᠠᠮᠢᠶᠠᠷᠤᠯᠲᠠ ᠶᠢᠨ | ᠲᠦᠷᠢᠮ ᠳᠤ ᠪᠠᠰᠠ ᠰᠢᠨ᠎ᠡ ᠴᠠᠭ ᠦᠶ᠎ᠡ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠲᠠᠢ | ᠵᠣᠬᠢᠴᠠᠬᠤ ᠥᠬᠡᠶ᠂ ᠵᠣᠬᠢᠴᠠᠯᠳᠤᠬᠤ ᠥᠬᠡᠶ ᠵᠠᠷᠢᠮ ᠠᠰᠠᠭᠤᠳᠠᠯ ᠠᠭᠠᠵᠢᠮ ᠢᠶᠠᠷ ᠢᠯᠡᠷᠡᠵᠦ ᠪᠠᠶᠢᠨ᠎ᠠ᠄ ᠨᠢᠭᠡ ᠳᠤ᠂ | ᠬᠠᠤᠯᠢ ᠲᠣᠭᠲᠠᠭᠠᠯᠲᠠ ᠨᠡᠯᠢᠶᠡᠳ ᠲᠠᠷᠠᠬᠠᠶ ᠪᠤᠲᠠᠷᠬᠠᠶ ᠪᠠᠶᠢᠵᠤ᠂ ᠠᠵᠤ ᠠᠬᠤᠶᠢᠯᠠᠯ ᠤᠨ ᠬᠠᠤᠯᠢ ᠶᠢᠨ ᠬᠥᠮᠦᠨ᠂ | ᠺᠣᠮᠫᠠᠨᠢ᠂ ᠬᠤᠷᠰᠢᠭᠰᠠᠨ ᠠᠵᠤ ᠠᠬᠤᠶᠢᠯᠠᠯ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠬᠤᠪᠢ ᠶᠢᠨ | ᠦᠢᠯᠡᠳᠪᠣᠷᠢ ᠬᠤᠳᠠᠯᠳᠤᠭᠠᠨ ᠤ ᠡᠷᠦᠬᠡ ᠵᠡᠷᠭᠡ ᠠᠳᠠᠯᠢ ᠪᠤᠰᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ | ᠴᠢᠭᠯᠡᠭᠦᠯᠦᠨ ᠲᠣᠰ ᠲᠣᠰ ᠬᠠᠤᠯᠢ ᠲᠣᠭᠲᠠᠭᠠᠵᠤ᠂ ᠳᠡᠩᠰᠡᠯᠡᠯᠲᠡ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ | ᠰᠢᠰᠲ᠋ᠧᠮ ᠨᠡᠯᠢᠶᠡᠳ ᠡᠷᠦᠶ ᠬᠤᠷᠤᠶ ᠥᠬᠡᠶ ᠪᠠᠶᠢᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠲᠣᠳᠣᠷᠬᠠᠶ | ᠵᠢᠯᠣᠭᠤᠳᠣᠯᠭ᠎ᠠ ᠬᠠᠩᠭᠠᠬᠤ ᠳᠤ ᠠᠰᠢᠭ ᠥᠬᠡᠶ ᠪᠠᠶᠢᠨ᠎ᠠ᠃ ᠬᠤᠶᠠᠷ ᠲᠤ᠂ ᠲᠦᠷᠢᠮ ᠲᠣᠭᠲᠠᠭᠠᠯ ᠨᠢᠭᠡᠳᠦᠯ ᠥᠬᠡᠶ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠵᠣᠶᠢᠯᠡᠰ᠂ ᠳᠡᠩᠰᠡᠯᠡᠨ ᠲᠡᠮᠳᠡᠭᠯᠡᠬᠦ ᠲᠠᠰ | ᠳᠠᠷᠠᠭᠠᠯᠠᠯ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠨᠡᠯᠢᠶᠡᠳ ᠶᠡᠭᠡ | ᠵᠥᠷᠢᠶ᠎ᠡ ᠲᠠᠢ ᠪᠠᠶᠢᠵᠤ᠂ ᠵᠠᠷᠢᠮ ᠲᠣᠭᠲᠠᠭᠠᠯ ᠳᠤ ᠲᠠᠪᠠᠭ᠋ᠣᠴᠠᠭᠰᠠᠨ ᠪᠠᠶᠢᠳᠠᠯ ᠣᠷᠣᠰᠢᠵᠤ᠂ ᠲᠦᠷᠢᠮ ᠲᠣᠭᠲᠠᠭᠠᠯ ᠤᠨ | ᠰᠢᠰᠲ᠋ᠧᠮᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ᠂ | ᠠᠭᠤᠯᠭ᠎ᠠ ᠨᠢ ᠬᠠᠷᠢᠴᠠᠩᠭᠤᠶ ᠪᠠᠷ ᠬᠤᠴᠣᠷᠴᠤ᠂ ᠣᠳᠣᠬᠠᠨ ᠤ ᠪᠣᠳᠠᠲᠤ ᠪᠠᠶᠢᠳᠠᠯ ᠲᠠᠢ ᠨᠡᠶᠢᠴᠡᠬᠦ ᠥᠬᠡᠶ ᠪᠠᠶᠢᠨ᠎ᠠ᠂ | ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢᠬᠢ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠦᠷᠭᠦᠯᠵᠢᠯᠡᠨ ᠶᠡᠬᠡᠪᠡᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ᠂ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠬᠠᠷᠰᠢᠯᠠᠬᠤ ᠲᠦᠷᠢᠮ ᠤᠨ ᠬᠦᠯᠢᠶᠡᠰᠦᠯᠡᠯ ᠢ ᠠᠷᠢᠯᠭᠠᠬᠤ | ᠱᠠᠭᠠᠷᠳᠠᠯᠭ᠎ᠠ ᠲᠠᠢ ᠬᠠᠷᠢᠴᠠᠭᠤᠯᠪᠠᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠳᠥᠷᠪᠡ ᠳᠤ᠂ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠳᠤ ᠬᠠᠷᠢᠭᠤᠯᠲᠠ ᠥᠭᠬᠦ ᠴᠢᠬᠤᠯᠠᠲᠠᠶ ᠪᠠᠶᠢᠨ᠎ᠠ᠃ ᠵᠢᠱᠢᠶᠡᠯᠡᠪᠡᠯ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢ ︽ᠲᠠᠩᠰᠠᠨ ᠠᠴᠠ ᠬᠠᠰᠤᠬᠤ ᠳᠤ ᠬᠦᠴᠢᠷᠲᠡᠶ ᠪᠠᠶᠢᠬᠤ︾᠂ ᠬᠤᠳᠠᠯ | ᠬᠠᠭᠤᠷᠮᠠᠭ ᠢᠶᠠᠷ ᠳᠡᠩᠰᠡᠯᠡᠨ ᠲᠡᠮᠳᠡᠭᠯᠡᠬᠦ᠂ ᠢᠯᠠᠩᠭᠤᠶ᠎ᠠ ︽ᠬᠠᠭᠤᠷᠮᠠᠭ ᠨᠡᠷ᠎ᠡ ᠪᠠᠷ ᠳᠡᠩᠰᠡᠯᠡᠨ ᠲᠡᠮᠳᠡᠭᠯᠡᠬᠦ︾ ᠵᠡᠷᠭᠡ | ᠠᠰᠠᠭᠤᠳᠠᠯ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠪᠠᠶᠢᠭᠠᠯᠢ ᠶᠢᠨ ᠭᠠᠶ ᠭᠠᠮᠰᠢᠭ᠂ ᠠᠳᠠᠯ ᠤᠨ ᠭᠠᠶ ᠭᠠᠮᠰᠢᠭ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ | ᠰᠢᠯᠲᠠᠭᠠᠨ ᠠᠴᠠ ᠡᠵᠡᠩᠨᠡᠯᠲᠡ ᠨᠢ ᠬᠦᠴᠢᠷᠲᠡᠶ ᠪᠣᠯᠵᠣ᠂ ᠠᠵᠢᠯ ᠵᠣᠭᠰᠣᠬᠤ ᠪᠠᠷ ᠳᠡᠮᠵᠢᠨ ᠥᠪᠡᠷ ᠤᠨ ᠥᠷᠲᠡᠭ ᠢ | ᠪᠠᠭᠤᠷᠠᠭᠤᠯᠬᠤ ᠴᠢᠬᠤᠯᠠᠲᠠᠶ ᠪᠠᠶᠢᠬᠤ ᠵᠡᠷᠭᠡ ᠶᠢ ᠲᠦᠷᠢᠮ ᠤᠨ ᠲᠠᠯ᠎ᠠ ᠠᠴᠠ ᠵᠢᠷᠤᠮᠵᠢᠭᠤᠯᠬᠤ ᠴᠢᠬᠤᠯᠠᠲᠠᠶ ᠪᠠᠶᠢᠨ᠎ᠠ᠃ | ᠡᠶᠢᠮᠦ ᠠᠴᠠ ᠨᠢᠭᠡᠳᠦᠯᠲᠡᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠬᠤ ᠬᠠᠤᠯᠢ ᠲᠣᠭᠲᠠᠭᠠᠯᠲᠠ ᠶᠢ | ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠨᠡᠩ ᠰᠠᠶᠢᠲᠤᠷ ᠲᠦᠯᠬᠢᠨ | ᠠᠬᠢᠭᠤᠯᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ | ᠬᠠᠤᠯᠢ ᠴᠠᠭᠠᠵᠠ ᠶᠢᠨ ᠶᠠᠮᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠠᠢ | ᠬᠠᠮᠲᠤᠷᠠᠨ ᠣᠶᠢᠷ᠎ᠠ ᠶᠢᠨ ᠵᠢᠯ ᠤᠨ ᠲᠤᠷᠰᠢᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ | ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠢᠨᠠᠮᠠᠭᠠᠶ ᠳ᠋ᠦᠩᠨᠡᠵᠦ᠂ ᠭᠦᠨᠵᠡᠭᠡᠶ ᠪᠠᠶᠢᠴᠠᠭᠠᠨ ᠰᠤᠳᠤᠯᠵᠤ | ᠨᠤᠲᠠᠯᠠᠯᠲᠠ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ᠂ ᠵᠠᠬ᠎ᠠ ᠳᠡᠯᠭᠡᠭᠦᠷ ᠤᠨ ᠭᠤᠤᠯ ᠴᠣᠭᠴᠠ᠂ ᠬᠤᠯᠪᠣᠭᠳᠠᠯ ᠪᠥᠬᠦᠶ ᠠᠵᠢᠯ ᠲᠥᠷᠥᠯ ᠤᠨ ᠨᠡᠶᠢᠭᠡᠮᠯᠢᠭ ᠪᠣᠯᠤᠨ | ᠨᠡᠶᠢᠭᠡᠮ ᠨᠡᠶᠢᠲᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ︽ᠲᠦᠷᠢᠮ︾ ᠢ ᠲᠤᠭᠤᠷᠪᠢᠪᠠ᠃ | ᠠᠰᠠᠭᠤᠯᠲᠠ᠄ ︽ᠲᠦᠷᠢᠮ︾ ᠢ ᠲᠣᠭᠲᠠᠭᠠᠭᠰᠠᠨ ᠶᠡᠷᠦᠩᠬᠡᠶ ᠰᠡᠳᠬᠢᠮᠵᠢ ᠨᠢ ᠶᠠᠭᠤ ᠪᠣᠶ︖ | ᠬᠠᠷᠢᠭᠤᠯᠳᠠ᠄ ᠨᠢᠭᠡ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠠᠵᠢᠯ ᠢ | ᠬᠠᠤᠯᠢ ᠶᠣᠰᠣᠭᠠᠷ ᠵᠢᠷᠤᠮᠵᠢᠭᠤᠯᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠳᠡᠩᠰᠡᠯᠡᠨ ᠲᠡᠮᠳᠡᠭᠯᠡᠬᠦ ᠲᠦᠷᠢᠮ ᠲᠣᠭᠲᠠᠭᠠᠯ ᠢ ᠨᠢᠭᠡᠳᠬᠡᠨ᠂ ᠳᠡᠩᠰᠡᠯᠡᠨ ᠲᠡᠮᠳᠡᠭᠯᠡᠬᠦ ᠵᠣᠶᠢᠯᠡᠰ᠂ | ᠳᠡᠩᠰᠡᠯᠡᠨ ᠲᠡᠮᠳᠡᠭᠯᠡᠬᠦ ᠲᠠᠰ ᠳᠠᠷᠠᠭᠠᠯᠠᠯ᠂ ᠪᠣᠳᠠᠲᠠᠶ ᠱᠠᠭᠠᠷᠳᠠᠯᠭ᠎ᠠ ᠵᠡᠷᠭᠡ ᠲᠠᠯ᠎ᠠ ᠶᠢᠨ ᠬᠠᠮᠲᠤ ᠶᠢᠨ ᠲᠦᠷᠢᠮ ᠢ | ᠲᠣᠳᠣᠷᠬᠠᠶᠢᠯᠠᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ | ᠲᠠᠯ᠎ᠠ ᠶᠢᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠳᠡᠩᠰᠡᠯᠡᠨ ᠲᠡᠮᠳᠡᠭᠯᠡᠬᠦ ᠮᠠᠲ᠋ᠧᠷᠢᠶᠠᠯ ᠪᠤᠳᠤᠯᠢᠶᠠᠨᠲᠠᠶ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ︽ᠲᠠᠩᠰᠠᠨ ᠠᠴᠠ ᠬᠠᠰᠤᠬᠤ ᠳᠤ ᠬᠦᠴᠢᠷᠲᠡᠶ︾᠂ ᠬᠤᠳᠠᠯ ᠬᠠᠭᠤᠷᠮᠠᠭ ᠢᠶᠠᠷ | ᠳᠡᠩᠰᠡᠯᠡᠨ ᠲᠡᠮᠳᠡᠭᠯᠡᠬᠦ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠯᠲᠦ ᠴᠢᠨᠠᠷᠲᠠᠶ ᠲᠣᠭᠲᠠᠭᠠᠯ ᠭᠠᠷᠭᠠᠵᠤ᠂ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠭᠤᠷᠪᠡ ᠳᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ | ᠭᠤᠤᠯᠳᠠᠭᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠦᠨᠳᠦᠰᠦᠨ | ᠲᠦᠷᠢᠮ ᠢ ᠲᠣᠳᠣᠷᠬᠠᠶᠢᠯᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠥᠷᠥᠯ ᠬᠡᠯᠪᠡᠷᠢ ᠪᠠ | ᠪᠣᠳᠠᠲᠠᠶ ᠬᠡᠷᠡᠭᠴᠡᠭᠡ ᠶᠢ ᠦᠨᠳᠦᠰᠦᠯᠡᠨ ᠬᠠᠮᠢᠶ᠎ᠠ ᠪᠥᠬᠦᠶ ᠲᠣᠭᠲᠠᠭᠠᠯ ᠢ ᠨᠠᠷᠢᠯᠢᠬᠵᠢᠭᠤᠯᠵᠤ᠂ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠬᠦ ᠳᠤ ᠲᠦᠷᠢᠮ ᠤᠨ ᠣᠷᠣᠨ ᠵᠠᠶ ᠦᠯᠡᠳᠡᠭᠡᠵᠦ ᠥᠭᠭᠦᠨ᠎ᠡ᠃ | ᠠᠰᠠᠭᠤᠯᠲᠠ᠄ ︽ᠲᠦᠷᠢᠮ︾ ᠨᠢ ᠶᠠᠮᠠᠷ ᠶᠠᠮᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ | ᠲᠡᠮᠳᠡᠭᠯᠡᠬᠦ ᠬᠠᠮᠢᠶᠠᠷᠤᠯᠲᠠ ᠳᠤ ᠳᠣᠭᠢᠷᠠᠬᠤ ᠪᠣᠶ︖ | ᠬᠠᠷᠢᠭᠤᠯᠲᠠ᠄ ᠵᠠᠬ᠎ᠠ ᠳᠡᠯᠭᠡᠭᠦᠷ ᠤᠨ ᠭᠤᠤᠯ ᠴᠣᠭᠴᠠ ᠨᠢ ︽ᠲᠦᠷᠢᠮ︾ ᠶᠣᠰᠣᠭᠠᠷ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠳᠠᠩᠰᠠᠯᠠᠯ ᠢ ᠭᠦᠢᠴᠡᠳᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠳᠠᠩᠰᠠᠯᠠᠯ ᠳᠤ ᠪᠠᠶᠢᠭᠤᠯᠬᠤ ᠳᠠᠩᠰᠠᠯᠠᠯ᠂ ᠬᠤᠪᠢᠷᠠᠭᠤᠯᠬᠤ ᠳᠠᠩᠰᠠᠯᠠᠯ ᠪᠠ ᠬᠦᠴᠦᠨ ᠦᠭᠡᠶ ᠪᠣᠯᠭᠠᠬᠤ ᠳᠠᠩᠰᠠᠯᠠᠯ | ᠪᠠᠭᠲᠠᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠠᠩᠰᠠᠯᠠᠭᠤᠯᠬᠤ ᠴᠢᠬᠤᠯᠠ ᠦᠭᠡᠢ | ᠭᠡᠵᠦ ᠲᠣᠭᠲᠠᠭᠠᠭᠰᠠᠨ ᠢ ᠭᠠᠷᠭᠠᠪᠠᠯ᠂ ᠳᠠᠩᠰᠠᠯᠠᠭᠤᠯᠤᠭᠰᠠᠨ ᠦᠭᠡᠢ ᠪᠣᠯ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠨᠡᠷ᠎ᠡ ᠪᠠᠷ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠦᠭᠡᠢ᠃ | ᠠᠰᠠᠭᠤᠯᠲᠠ᠄ ︽ᠲᠦᠷᠢᠮ︾ ᠳᠤ ᠳᠠᠩᠰᠠᠯᠠᠬᠤ ᠪᠠᠶᠢᠭᠤᠯᠭ᠎ᠠ ᠳᠤ ᠶᠠᠮᠠᠷ ᠶᠠᠮᠠᠷ ᠠᠵᠢᠯ ᠤᠨ ᠱᠠᠭᠠᠷᠳᠠᠯᠭ᠎ᠠ | ᠳᠤᠷᠠᠳᠤᠭᠰᠠᠨ ᠪᠣᠶ︖ | ᠬᠠᠷᠢᠭᠤᠯᠲᠠ᠄ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠨᠢ ᠬᠠᠤᠯᠢ | ᠶᠣᠰᠣᠭᠠᠷ ᠲᠣᠭᠲᠠᠭᠠᠯ ᠳᠤ ᠨᠡᠶᠢᠴᠡᠭᠰᠡᠨ᠂ ᠵᠢᠷᠤᠮᠵᠢᠯ ᠲᠠᠢ ᠨᠢᠭᠡᠳᠦᠯᠲᠡᠶ᠂ ᠢᠯᠡ ᠲᠣᠳᠣ᠂ ᠳᠥᠭᠦᠮ ᠳᠥᠲᠡ | ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠦᠬᠦ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ ᠲᠠᠩᠰᠠᠯᠠᠨ ᠬᠠᠮᠢᠶᠠᠷᠬᠤ ᠠᠵᠢᠯ ᠢ ᠡᠷᠬᠢᠯᠡᠨ ᠬᠠᠮᠢᠶᠠᠷᠬᠤ ᠳᠠᠭᠠᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠲᠠᠩᠰᠠᠯᠠᠨ ᠲᠡᠮᠳᠡᠭᠯᠡᠬᠦ ᠨᠢᠭᠡᠳᠦᠯᠲᠡᠢ ᠲᠤᠭ᠎ᠠ ᠪᠠᠷᠢᠮᠲᠠ ᠪᠠ ᠰᠢᠰᠲ᠋ᠧᠮ ᠤᠨ | ᠪᠠᠶᠢᠭᠤᠯᠤᠯᠲᠠ ᠶᠢᠨ ᠵᠢᠷᠤᠮᠵᠢᠯ ᠢ ᠲᠣᠭᠲᠠᠭᠠᠬᠤ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤᠰ ᠬᠠᠷᠢᠶ᠎ᠠ ᠣᠷᠣᠨ ᠤ ᠪᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠠᠩᠰᠠᠯᠠᠨ ᠬᠠᠮᠢᠶᠠᠷᠬᠤ | ᠠᠵᠢᠯ ᠢ ᠡᠷᠬᠢᠯᠡᠨ ᠬᠠᠮᠢᠶᠠᠷᠴᠤ᠂ ᠨᠢᠭᠡᠳᠦᠯᠲᠡᠢ ᠲᠥᠯᠥᠪᠯᠡᠨ ᠵᠢᠯᠣᠭᠤᠳᠬᠤ ᠪᠠ ᠬᠢᠨᠠᠵᠤ ᠬᠠᠮᠢᠶᠠᠷᠬᠤ ᠪᠠᠨ | ᠴᠢᠩᠭᠠᠳᠬᠠᠨ᠎ᠠ᠃ ᠳᠠᠩᠰᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ | ᠲᠡᠮᠳᠡᠭᠯᠡᠵᠦ ᠭᠦᠢᠴᠡᠳᠭᠡᠬᠦ ᠴᠤᠪᠤᠷᠠᠯ ᠢ ᠰᠢᠯᠢᠳᠡᠭᠵᠢᠭᠦᠯᠵᠦ᠂ ᠲᠡᠷᠡ ᠳᠤᠤᠷ᠎ᠠ ᠨᠢ ᠭᠦᠢᠴᠡᠳᠭᠡᠵᠦ ᠳᠠᠭᠤᠰᠬᠠᠬᠤ᠂ | ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠬᠤ᠂ ᠴᠠᠭ ᠬᠢᠵᠠᠭᠠᠷᠯᠠᠨ ᠭᠦᠢᠴᠡᠳᠭᠡᠵᠦ ᠳᠠᠭᠤᠰᠬᠠᠬᠤ ᠵᠡᠷᠭᠡ | ᠲᠦᠷᠢᠮ ᠢ ᠬᠡᠷᠡᠭᠵᠢᠭᠦᠯᠵᠦ᠂ ᠲᠥᠪᠯᠡᠷᠡᠭᠦᠯᠦᠨ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠰᠦᠯᠵᠢᠶᠡᠨ | ᠳᠡᠭᠡᠷ᠎ᠡ ᠭᠦᠢᠴᠡᠳᠭᠡᠬᠦ᠂ ᠤᠨᠳᠤᠤ ᠭᠠᠵᠠᠷ ᠲᠤ ᠭᠦᠢᠴᠡᠳᠭᠡᠵᠦ ᠪᠣᠯᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠳᠡᠩᠰᠡᠯᠡᠨ ᠲᠡᠮᠳᠡᠭᠯᠡᠭᠦᠯᠬᠦ ᠶᠢᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠵᠠᠰᠠᠭ ᠤᠨ ᠣᠷᠳᠣᠨ ᠤ ᠪᠤᠰᠤᠳ ᠮᠡᠳᠡᠭᠡ | ᠵᠠᠩᠭᠢ ᠯᠤᠭ᠎ᠠ ᠬᠠᠮᠲᠤᠪᠠᠷ ᠡᠳᠡᠯᠡᠬᠦ ᠪᠠ ᠬᠡᠷᠡᠭᠯᠡᠬᠦ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ | ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠠᠰᠠᠭᠤᠯᠲᠠ᠄ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠪᠡᠰᠦ ᠵᠣᠬᠢᠬᠤ ᠵᠣᠶᠢᠯᠡᠰ ᠨᠢ | ᠭᠤᠤᠯᠳᠠᠭᠤ ᠶᠠᠭᠤ ᠶᠠᠭᠤ ᠪᠠᠶᠢᠬᠤ ᠪᠣᠶ︖ | ᠬᠠᠷᠢᠭᠤᠯᠲᠠ᠄ ᠡᠭᠦᠨ ᠠᠴᠠ ᠭᠠᠳᠠᠨ᠎ᠠ᠂ ᠠᠳᠠᠯᠢ ᠪᠤᠰᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠨᠢ ᠪᠠᠰᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠪᠢ ᠣᠷᠣᠭᠤᠯᠤᠭᠴᠢ᠂ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠭᠦᠰᠭᠡᠨ ᠪᠠᠶᠢᠭᠤᠯᠤᠭᠴᠢ᠂ ᠬᠤᠪᠢ ᠬᠥᠮᠦᠨ ᠤ ᠲᠤᠰᠠᠭᠠᠷ | ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠡᠯᠡ ᠣᠷᠣᠭᠤᠯᠤᠭᠴᠢ᠂ ᠬᠤᠷᠰᠢᠭᠰᠠᠨ ᠠᠵᠤ ᠠᠬᠤᠶᠢᠯᠠᠯ ᠤᠨ | ᠬᠤᠷᠰᠢᠬᠴᠢ ᠵᠢᠴᠢ ᠲᠡᠭᠦᠨ ᠤ ᠬᠠᠷᠢᠭᠤᠴᠠᠯᠭ᠎ᠠ ᠡᠭᠦᠷᠭᠡᠯᠡᠬᠦ ᠠᠷᠭ᠎ᠠ ᠮᠠᠶ᠋ᠢᠭ ᠵᠡᠷᠭᠡ ᠶᠢ ᠲᠤᠰ ᠲᠤᠰ ᠳᠠᠩᠰᠠᠯᠠᠬᠤ | ᠬᠡᠷᠡᠭᠲᠡᠢ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠭᠤᠯᠬᠤ ᠵᠣᠶᠢᠯᠡᠰ ᠲᠤ᠄ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠲᠦᠷᠢᠮ ᠪᠤᠶᠤ ᠬᠤᠷᠰᠢᠬᠤ ᠬᠡᠯᠡᠯᠴᠡᠭᠡᠷ᠂ ᠡᠵᠡᠩᠨᠡᠯᠲᠡ ᠶᠢᠨ ᠬᠤᠭᠤᠴᠠᠭ᠎ᠠ ᠪᠤᠶᠤ ᠬᠤᠷᠰᠢᠬᠤ | ᠬᠤᠭᠤᠴᠠᠭ᠎ᠠ᠂ ᠳᠠᠭᠠᠭᠠᠨ ᠲᠤᠰᠢᠶᠠᠭᠰᠠᠨ ᠪᠠᠯᠠ ᠭᠠᠷᠭᠠᠬᠤ ᠲᠤᠭ᠎ᠠ ᠬᠡᠮᠵᠢᠶ᠎ᠡ᠂ ᠺᠣᠮᠫᠠᠨᠢ ᠶᠢᠨ ᠬᠡᠷᠡᠭ ᠮᠡᠳᠡᠭᠴᠢ᠂ | ᠬᠢᠨᠠᠯᠲᠠ ᠲᠠᠯᠪᠢᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠲᠠᠷᠢᠶᠠᠴᠢᠳ ᠤᠨ ᠲᠤᠰᠬᠠᠶ | ᠠᠵᠢᠯ ᠤᠨ ᠬᠤᠷᠰᠢᠶ᠎ᠠ ︵ᠬᠤᠯᠪᠣᠭᠠᠲᠤ ᠬᠤᠷᠰᠢᠶ᠎ᠠ︶ ᠶᠢᠨ ᠪᠦᠷᠢᠯᠳᠦᠬᠦᠨ᠂ ᠡᠵᠡᠩᠨᠡᠯᠲᠡ ᠳᠤ ᠣᠷᠣᠯᠴᠠᠭᠰᠠᠨ | ᠬᠤᠪᠢ ᠶᠢᠨ ᠦᠢᠯᠡᠳᠪᠣᠷᠢ ᠬᠤᠳᠠᠯᠳᠤᠭᠠᠨ ᠤ ᠡᠷᠦᠬᠡ ᠶᠢᠨ ᠬᠡᠷ ᠪᠦᠯᠢ ᠶᠢᠨ ᠪᠦᠷᠢᠯᠳᠦᠬᠦᠨ ᠤ ᠣᠪᠣᠭ ᠨᠡᠷ᠎ᠡ᠂ | ᠺᠣᠮᠫᠠᠨᠢ᠂ ᠬᠤᠷᠰᠢᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠰᠢᠭ ᠭᠥᠷᠳᠡᠭᠰᠡᠨ | ᠥᠮᠴᠢᠯᠡᠭᠴᠢ ᠶᠢᠨ ᠬᠠᠮᠢᠶ᠎ᠠ ᠪᠥᠬᠦᠶ ᠮᠡᠳᠡᠭᠡ ᠵᠠᠩᠭᠢ ᠵᠡᠷᠭᠡ ᠵᠣᠶᠢᠯᠡᠰ ᠪᠠᠭᠲᠠᠨ᠎ᠠ᠃ | ᠠᠰᠠᠭᠤᠯᠲᠠ᠄ ᠳᠠᠩᠰᠠᠯᠠᠭᠤᠯᠬᠤ ᠲᠠᠰ ᠳᠠᠷᠠᠭᠠᠯᠠᠯ ᠤᠨ ᠲᠠᠯ᠎ᠠ ᠪᠠᠷ᠂ ︽ᠲᠦᠷᠢᠮ︾ ᠳᠤ ᠶᠠᠮᠠᠷ ᠶᠠᠮᠠᠷ ᠲᠣᠭᠲᠠᠭᠠᠯ | ᠭᠠᠷᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠦᠷᠦᠯ ᠬᠡᠯᠪᠡᠷᠢ ᠶᠢ | ᠦᠨᠳᠦᠰᠦᠯᠡᠨ ᠳᠠᠩᠰᠠᠯᠠᠬᠤ ᠮᠠᠲ᠋ᠧᠷᠢᠶᠠᠯ ᠤᠨ ᠲᠣᠳᠣᠷᠬᠠᠢ ᠬᠠᠭᠤᠳᠠᠰᠤ ᠪᠣᠯᠤᠨ ᠪᠢᠴᠢᠭ ᠬᠠᠷ᠎ᠠ ᠶᠢᠨ ᠵᠠᠭᠪᠤᠷ | ᠵᠠᠭᠪᠤᠷ ᠢ ᠲᠤᠰ ᠲᠤᠰ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢᠶᠠᠷ ᠳᠡᠮᠵᠢᠨ ᠣᠯᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ | ᠭᠤᠶᠤᠴᠢᠯᠠᠭᠴᠢ ᠪᠠᠷ ᠳᠠᠬᠢᠨ ᠳᠠᠪᠲᠠᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ ᠬᠤᠶᠠᠷ ᠲᠤ᠂ ᠳᠠᠩᠰᠠᠯᠠᠬᠤ | ᠪᠠᠶᠢᠭᠤᠯᠭ᠎ᠠ ᠠᠴᠠ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠭᠤᠶᠤᠴᠢᠯᠠᠯ ᠤᠨ | ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠵᠦ ᠪᠠᠶᠢᠪᠠᠯ ᠨᠤᠲᠠᠯᠠᠬᠤ ᠶᠢᠨ | ᠬᠠᠮᠲᠤ ᠲᠡᠷᠡ ᠳᠣᠣᠷ᠎ᠠ ᠨᠢ ᠲᠠᠩᠰᠠᠯᠠᠨ᠎ᠠ᠃ ᠲᠡᠷᠡ ᠳᠠᠷᠤᠶ ᠳᠤᠨᠢ ᠳᠠᠩᠰᠠᠯᠠᠭᠤᠯᠵᠤ ᠳᠡᠶᠢᠯᠬᠦ ᠦᠭᠡᠶ ᠪᠣᠯ 3 | ᠠᠵᠢᠯᠯᠠᠬᠤ ᠡᠳᠦᠷ ᠤᠨ ᠳᠣᠲᠣᠷ᠎ᠠ ᠳᠠᠩᠰᠠᠯᠠᠭᠤᠯᠬᠤ ᠬᠡᠷᠡᠭᠲᠡᠶ᠃ ᠪᠠᠶᠢᠳᠠᠯ ᠨᠢ ᠪᠤᠳᠤᠯᠢᠶᠠᠨᠲᠠᠶ ᠪᠣᠯ ᠳᠠᠩᠰᠠᠯᠠᠬᠤ | ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠳᠠᠬᠢᠨ 3 ᠠᠵᠢᠯᠯᠠᠬᠤ ᠡᠳᠦᠷ ᠤᠷᠲᠤᠳᠬᠠᠵᠤ | ᠪᠣᠯᠤᠨ᠎ᠠ᠃ ᠭᠤᠷᠪᠠ ᠳᠤ᠂ ᠪᠠᠶᠢᠭᠤᠯᠬᠤ ᠳᠡᠩᠰᠡᠯᠡᠯᠲᠡ᠂ ᠬᠤᠪᠢᠷᠠᠭᠤᠯᠬᠤ ᠳᠡᠩᠰᠡᠯᠡᠯᠲᠡ᠂ ᠬᠦᠴᠦᠨ ᠥᠬᠡᠶ | ᠪᠣᠯᠭᠠᠬᠤ ᠳᠡᠩᠰᠡᠯᠡᠯᠲᠡ ᠨᠢ ︽ᠲᠦᠷᠢᠮ︾ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ᠳᠥᠷᠪᠡ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭᠠᠨ ᠤ ᠡᠷᠬᠡ ᠥᠷᠢ ᠥᠭᠴᠡᠭᠡ ᠡᠭᠦᠰᠦᠭᠰᠡᠨ | ᠥᠬᠡᠶ ᠪᠤᠶᠤ ᠨᠢᠭᠡᠨᠲᠡ ᠠᠪᠴᠠᠭᠠᠨ ᠤ ᠡᠷᠬᠡ ᠥᠷᠢ ᠥᠭᠴᠡᠭᠡ ᠪᠠᠨ ᠳᠥᠯᠥᠵᠦ ᠳᠠᠭᠤᠰᠬᠠᠭᠰᠠᠨ᠂ ᠠᠵᠢᠯᠲᠠᠨ | ᠠᠵᠢᠯᠴᠢᠨ ᠤ ᠴᠠᠯᠢᠩ᠂ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ᠂ ᠲᠤᠰᠢᠶᠠᠪᠠᠰᠤ ᠵᠣᠬᠢᠬᠤ ᠭᠠᠶᠢᠯᠢ ᠶᠢᠨ ᠵᠣᠭᠤᠰ | ᠵᠡᠷᠭᠡ ᠶᠢ ᠨᠢᠭᠡᠨᠲᠡ ᠲᠡᠰᠦᠯᠦᠨ ᠪᠤᠳᠤᠵᠤ ᠳᠠᠭᠤᠰᠬᠠᠭᠰᠠᠨ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠪᠠᠷ ᠪᠢᠴᠢᠭ ᠢᠶᠠᠷ ᠠᠮᠠᠯᠠᠬᠤ ᠶᠢᠨ ᠬᠠᠮᠲᠤ ᠲᠣᠭᠲᠠᠭᠠᠯ ᠶᠣᠰᠣᠭᠠᠷ ᠢᠯᠡ | ᠨᠡᠶᠢᠲᠡᠯᠡᠭᠰᠡᠨ ᠪᠠᠶᠢᠪᠠᠯ᠂ ᠲᠥᠬᠦᠮ ᠲᠠᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠬᠤ ᠳᠠᠩᠰᠠᠯᠠᠯ ᠢ ᠭᠦᠢᠴᠡᠳᠭᠡᠵᠦ | ᠪᠣᠯᠤᠨ᠎ᠠ᠂ ᠬᠤᠪᠢ ᠶᠢᠨ ᠠᠵᠤ ᠦᠢᠯᠡᠳᠪᠣᠷᠢ ᠬᠤᠳᠠᠯᠳᠤᠭᠠᠨ ᠤ ᠡᠷᠦᠬᠡ ᠶᠢ ᠢᠯᠡ ᠨᠡᠶᠢᠲᠡᠯᠡᠬᠦ ᠴᠢᠬᠤᠯᠠ ᠥᠬᠡᠶ᠃ | ᠠᠰᠠᠭᠤᠯᠲᠠ᠄ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ︽ᠲᠦᠷᠢᠮ︾ ᠳᠤ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠤᠯᠤᠰ ᠤᠨ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ ᠪᠠ ᠳᠡᠩᠰᠡᠯᠡᠨ ᠲᠡᠮᠳᠡᠭᠯᠡᠭᠰᠡᠨ ᠬᠠᠮᠢᠶ᠎ᠠ ᠪᠥᠬᠦᠶ ᠮᠡᠳᠡᠭᠡ ᠵᠠᠩᠭᠢ ᠪᠠᠨ | ᠨᠡᠶᠢᠲᠡ ᠳᠤ ᠵᠠᠷᠯᠠᠬᠤ ᠬᠡᠷᠡᠭᠲᠡᠶ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠡᠵᠡᠩᠨᠡᠯᠲᠡ ᠶᠢᠨ | ᠦᠨᠡᠮᠯᠡᠯ ᠢ ᠬᠡᠷᠡᠭᠯᠡᠬᠦ ᠳᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃ ᠭᠤᠷᠪᠠ ᠳᠤ᠂ ᠳᠠᠩᠰᠠᠯᠠᠬᠤ | ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠢ | ᠦᠨᠳᠦᠰᠦᠯᠡᠨ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠢᠶᠠᠷ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠳᠥᠷᠪᠡ ᠳᠤ᠂ | ᠳᠠᠩᠰᠠᠯᠠᠬᠤ ᠪᠠᠶᠢᠭᠤᠯᠭ᠎ᠠ ᠠᠴᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠣᠷᠢᠯᠡᠬᠦ ᠳᠤ | ᠠᠪᠴᠤ ᠪᠣᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠲᠠᠪᠤ ᠳᠤ᠂ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠬᠤ | ᠪᠤᠶᠤ ᠪᠤᠰᠤᠳ ᠮᠡᠬᠡᠯᠡᠬᠦ ᠠᠷᠭ᠎ᠠ ᠪᠠᠷᠢᠯ ᠢᠶᠠᠷ ᠴᠢᠬᠤᠯᠠ ᠪᠣᠳᠠᠲᠤ ᠬᠡᠷᠡᠭ ᠢ ᠨᠢᠭᠤᠨ ᠳᠠᠯᠳᠠᠯᠠᠵᠤ ᠪᠠᠶᠢᠭᠠᠳ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯ ᠢ ᠣᠯᠤᠭᠰᠠᠨ᠂ ᠬᠤᠳᠠᠯ ᠬᠠᠭᠤᠷᠮᠠᠭ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠳᠠᠩᠰᠠᠯᠠᠯ ᠳᠤ ᠨᠥᠯᠥᠭᠡᠯᠡᠭᠳᠡᠭᠰᠡᠨ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ | ᠵᠣᠬᠢᠶᠠᠨ ᠪᠠᠶᠢᠭᠤᠯᠤᠯᠲᠠ ᠨᠢ ᠳᠠᠩᠰᠠᠯᠠᠬᠤ ᠪᠠᠶᠢᠭᠤᠯᠭ᠎ᠠ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯ ᠢ | ᠬᠦᠴᠦᠨ ᠥᠬᠡᠶ ᠪᠣᠯᠭᠠᠬᠤ ᠭᠤᠶᠤᠴᠢᠯᠠᠯ ᠭᠠᠷᠭᠠᠵᠤ ᠪᠣᠯᠤᠨ᠎ᠠ᠂ ᠳᠠᠩᠰᠠᠯᠠᠬᠤ ᠪᠠᠶᠢᠭᠤᠯᠭ᠎ᠠ ᠨᠢ ᠬᠠᠮᠢᠶ᠎ᠠ ᠪᠥᠬᠦᠶ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠯ ᠢ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃ ᠵᠢᠷᠭᠤᠭ᠎ᠠ ᠳᠤ | ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠵᠠᠰᠠᠭ | ᠵᠠᠬᠢᠷᠭᠠᠨ ᠤ ᠰᠢᠳᠬᠡᠯ ᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠦᠨᠡᠨᠴᠢ ᠢᠲᠡᠭᠡᠮᠵᠢᠲᠡᠢ ᠪᠠᠶᠢᠬᠤ᠂ ᠲᠥᠪ | ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠪᠠ᠃ | ᠠᠰᠠᠭᠤᠯᠲᠠ᠄ ︽ᠲᠦᠷᠢᠮ︾ ᠳᠤ ᠠᠵᠢᠯ ᠵᠣᠭᠰᠣᠬᠤ ᠲᠦᠷᠢᠮ ᠢ ᠪᠠᠶᠢᠭᠤᠯᠬᠤ ᠶᠢᠨ ᠭᠤᠤᠯ ᠪᠣᠳᠣᠯᠬᠢᠯᠠᠯ ᠨᠢ | ᠶᠠᠭᠤ ᠪᠣᠶ᠂ ᠪᠣᠳᠠᠲᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ | ᠂ ᠬᠡᠰᠡᠭ ᠵᠠᠬ᠎ᠠ ᠳᠡᠯᠭᠡᠭᠦᠷ ᠤᠨ ᠭᠤᠤᠯ ᠴᠣᠭᠴᠠ ᠬᠢᠵᠢᠭ ᠤᠨ ᠨᠥᠯᠥᠭᠡ ᠶᠢ ᠭᠥᠷᠳᠡᠪᠡ᠃ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠥᠪᠡᠷ ᠤᠨ ᠥᠷᠲᠡᠭ ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠲᠦᠷᠢᠮ︾ ᠳᠤ ᠠᠵᠢᠯ ᠵᠣᠭᠰᠣᠬᠤ ᠲᠦᠷᠢᠮ ᠢ | ᠲᠣᠭᠲᠠᠭᠠᠪᠠ᠃ ︽ᠲᠦᠷᠢᠮ︾ ᠳᠤ᠄ ᠪᠠᠶᠢᠭᠠᠯᠢ ᠶᠢᠨ ᠭᠠᠮᠰᠢᠭ᠂ ᠠᠳᠡᠯ ᠤᠨ ᠬᠥᠨᠥᠭᠡᠯ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠰᠢᠯᠲᠠᠭᠠᠨ ᠠᠴᠠ ᠪᠤᠯᠵᠤ | ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ ᠪᠠᠶᠢᠪᠠᠯ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠨᠢ ᠵᠣᠬᠢᠬᠤ | ᠬᠤᠭᠤᠴᠠᠭᠠᠨ ᠳᠣᠲᠣᠷ᠎ᠠ ᠠᠵᠢᠯ ᠢᠶᠠᠨ ᠵᠣᠭᠰᠣᠬᠤ ᠪᠠᠷ ᠪᠡᠶ᠎ᠡ ᠪᠠᠨ ᠳᠠᠭᠠᠭᠠᠵᠤ ᠲᠣᠭᠲᠠᠭᠠᠵᠤ ᠪᠣᠯᠤᠨ᠎ᠠ᠃ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠠᠵᠢᠯ ᠢᠶᠠᠨ ᠵᠣᠭᠰᠣᠭᠠᠬᠤ ᠠᠴᠠ ᠡᠮᠦᠨ᠎ᠡ ᠠᠵᠢᠯᠲᠠᠨ ᠠᠵᠢᠯᠴᠢᠨ ᠯᠤᠭ᠎ᠠ | ᠬᠥᠳᠡᠯᠮᠦᠷᠢ ᠶᠢᠨ ᠬᠠᠷᠢᠴᠠᠭ᠎ᠠ ᠶᠢ ᠰᠢᠢᠳᠪᠣᠷᠢᠯᠡᠬᠦ ᠵᠡᠷᠭᠡ ᠬᠤᠯᠪᠣᠭᠳᠠᠯ ᠪᠥᠬᠦᠶ ᠵᠣᠶᠢᠯᠡᠰ ᠢ ᠬᠠᠤᠯᠢ ᠶᠣᠰᠣᠭᠠᠷ | ᠵᠥᠪᠳᠡᠯᠴᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠵᠢᠯ ᠢᠶᠠᠨ ᠵᠣᠭᠰᠣᠭᠠᠬᠤ ᠠᠴᠠ ᠡᠮᠦᠨ᠎ᠡ | ᠳᠡᠩᠰᠡᠯᠡᠨ ᠲᠡᠮᠳᠡᠭᠯᠡᠬᠦ ᠪᠠᠶᠢᠭᠤᠯᠭ᠎ᠠ ᠳᠤ ᠳᠡᠩᠰᠡᠯᠡᠨ ᠲᠡᠮᠳᠡᠭᠯᠡᠭᠦᠯᠬᠦ ᠬᠡᠷᠡᠭᠲᠡᠶ᠂ ᠳᠡᠩᠰᠡᠯᠡᠨ ᠲᠡᠮᠳᠡᠭᠯᠡᠬᠦ | ᠪᠠᠶᠢᠭᠤᠯᠭ᠎ᠠ ᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ | ᠰᠢᠰᠲ᠋ᠧᠮ ᠢᠶᠠᠷ ᠳᠡᠮᠵᠢᠨ ᠠᠵᠢᠯ ᠢᠶᠠᠨ ᠵᠣᠭᠰᠣᠬᠤ ᠴᠠᠭ ᠬᠤᠭᠤᠴᠠᠭ᠎ᠠ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ | ᠬᠦᠷᠭᠡᠬᠦ ᠬᠠᠶ᠋ᠢᠭ ᠵᠡᠷᠭᠡ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠵᠠᠷᠯᠠᠨ᠎ᠠ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠵᠢᠯ ᠵᠣᠭᠰᠣᠬᠤ ᠬᠤᠭᠤᠴᠠᠭ᠎ᠠ ᠶᠢ ᠬᠠᠮᠤᠭ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ | ᠦᠭᠡᠶ᠂ ᠠᠵᠢᠯ ᠠᠮᠠᠷᠠᠬᠤ ᠬᠤᠭᠤᠴᠠᠭᠠᠨ ᠳᠤ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠪᠠᠯ | ᠡᠵᠡᠩᠨᠡᠯᠲᠡ ᠪᠠᠨ ᠰᠡᠷᠭᠦᠭᠡᠭᠰᠡᠨ ᠢᠶᠠᠷ ᠦᠵᠡᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠵᠣᠭᠰᠣᠭᠰᠠᠨ | ᠬᠤᠭᠤᠴᠠᠭᠠᠨ ᠳᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠦᠷᠭᠡᠭᠰᠡᠨ ᠬᠠᠶ᠋ᠢᠭ ᠢᠶᠠᠷ ᠰᠠᠭᠤᠭ᠎ᠠ ᠭᠠᠵᠠᠷ ᠪᠤᠶᠤ | ᠭᠤᠣᠯ ᠡᠵᠡᠩᠨᠡᠯᠲᠡ ᠶᠢᠨ ᠲᠠᠯᠠᠪᠤᠷ ᠭᠠᠵᠠᠷ ᠢ ᠣᠷᠣᠯᠠᠭᠤᠯᠵᠤ ᠪᠣᠯᠤᠨ᠎ᠠ᠃ |