ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ | | ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠳᠦᠷᠢᠮ | ︵2020 ᠣᠨ ᠤ 8 ᠳ᠋ᠣᠭᠠᠷ ᠰᠠᠷ᠎ᠠ ᠶᠢᠨ 18 ᠤ ᠡᠳᠣᠷ ᠣᠯᠠᠭᠠᠨᠴᠠᠪ ᠬᠤᠳᠠ ᠶᠢᠨ ᠲᠦᠷᠪᠳᠣᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ | ᠬᠤᠷᠠᠯᠳᠤᠭᠠᠨ ᠠᠴᠠ ᠪᠠᠲᠤᠯᠠᠪᠠ | 2020 ᠣᠨ ᠤ 9 ᠳ᠋ᠣᠭᠡᠷ ᠰᠠᠷ᠎ᠠ ᠶᠢᠨ 23 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠣᠭᠠᠷ ᠬᠤᠷᠠᠯᠳᠣᠭᠠᠨ ᠠᠴᠠ ᠵᠦᠪᠰᠢᠶᠠᠷᠡᠪᠡ︶ | ᠨᠢᠭᠡᠳᠦᠭᠡᠷ ᠵᠣᠷᠪᠣᠰ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠲᠠᠷᠢᠶᠠᠯᠠᠩ ᠤᠨ | ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠵᠤ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ | ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠬᠠᠶᠠᠭᠳᠠᠮᠠᠯ ᠬᠠᠭᠤᠴᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠡᠶᠢᠭᠤᠯᠣᠯᠳᠠ ᠶᠢ ᠠᠬᠢᠭᠤᠯᠬᠤ ᠶᠢᠨ ᠲᠥᠯᠥᠭᠡ᠂ ︽ | ᠪᠥᠬᠦᠳᠡ ᠨᠡᠶᠢᠷᠠᠮᠳᠠᠬᠤ ᠳᠤᠮᠳᠠᠳᠤ ᠠᠷᠠᠳ ᠤᠯᠤᠰ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ | ︽ᠪᠥᠬᠦᠳᠡ ᠨᠡᠶᠢᠷᠠᠮᠳᠠᠬᠤ ᠳᠤᠮᠳᠠᠳᠤ ᠠᠷᠠᠳ ᠤᠯᠤᠰ ᠠᠴᠠ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠤᠨ ᠲᠣᠭᠲᠠᠭᠠᠯ ᠢ | ᠦᠨᠳᠦᠰᠦᠯᠡᠨ᠂ ᠲᠣᠰ ᠬᠤᠲᠠ ᠶᠢᠨ ᠪᠣᠳᠠᠲᠤ ᠪᠡᠶᠢᠳᠡᠯ ᠲᠠᠢ ᠪᠠᠨ ᠤᠶᠠᠯᠳᠤᠭᠤᠯᠤᠨ ᠲᠣᠰ ᠳᠦᠷᠢᠮ ᠢ ᠲᠣᠭᠲᠠᠭᠠᠪᠠ᠃ | | ᠬᠤᠶᠠᠳᠤᠭᠠᠷ ᠵᠣᠷᠪᠣᠰ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠰᠦᠯᠢᠶᠣᠣ | ᠪᠦᠷᠬᠦᠪᠴᠢ ᠶᠢ ᠦᠢᠯᠡᠳᠪᠣᠷᠢᠯᠡᠬᠦ᠂ ᠪᠣᠷᠣᠯᠠᠭᠤᠯᠬᠤ᠂ ᠬᠡᠷᠡᠭᠯᠡᠬᠦ ᠪᠠ ᠬᠠᠶᠠᠭᠳᠠᠮᠠᠯ ᠬᠠᠭᠤᠴᠢᠨ ᠲᠠᠷᠢᠶᠠᠨ ᠭᠠᠵᠠᠷ ᠤᠨ | ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠳᠤ | ᠲᠣᠰ ᠲᠦᠷᠢᠮ ᠳᠣᠭᠢᠷᠠᠨ᠎ᠠ᠃ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠲᠣᠭᠲᠠᠭᠠᠯ ᠭᠠᠷᠭᠠᠭᠰᠠᠨ ᠪᠠᠶᠢᠪᠠᠯ᠂ | ᠲᠡᠷᠡ ᠲᠣᠭᠲᠠᠭᠠᠯ ᠢ ᠵᠢᠷᠤᠮᠯᠠᠨ᠎ᠠ᠃ | ᠲᠣᠰ ᠲᠦᠷᠢᠮ ᠳᠤ ᠬᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ︵ᠳᠣᠷᠣᠭᠰᠢ | ᠰᠦᠯᠢᠶᠣᠣ ᠪᠦᠷᠬᠦᠪᠴᠢ ᠭᠡᠵᠦ ᠲᠣᠪᠴᠢᠯᠠᠨ᠎ᠠ︶ ᠭᠡᠳᠡᠭ ᠨᠢ ᠲᠠᠷᠢᠶᠠᠯᠠᠩ ᠤᠨ ᠦᠢᠯᠡᠳᠪᠣᠷᠢᠯᠡᠯ ᠳᠤ ᠬᠡᠷᠡᠭᠯᠡᠬᠦ ᠭᠠᠵᠠᠷ | ᠳᠡᠭᠡᠷᠡᠬᠢ ᠪᠦᠷᠬᠦᠭᠦᠯ ᠪᠦᠷᠬᠦᠪᠴᠢ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠣᠷᠪᠣᠰ᠂ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ | ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠬᠦ ᠪᠠ ᠬᠡᠨ ᠬᠡᠷᠡᠭᠯᠡᠪᠡᠯ ᠬᠡᠨ ᠴᠡᠪᠡᠷᠯᠡᠬᠦ᠂ ᠬᠡᠨ ᠪᠣᠬᠢᠷᠲᠤᠭᠤᠯᠪᠠᠯ ᠬᠡᠨ | ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠳᠥᠷᠪᠡᠳᠦᠭᠡᠷ ᠵᠣᠷᠪᠣᠰ᠂ ᠬᠤᠲᠠ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠣᠷᠣᠨ ᠨᠤᠲᠤᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠬᠤ ᠶᠢᠨ ᠬᠠᠮᠲᠤ | ᠨᠡᠮᠡᠭᠳᠡᠭᠦᠯᠵᠦ᠂ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ | ᠬᠡᠷᠡᠭᠲᠡᠶ᠃ | ᠲᠠᠪᠤᠳᠤᠭᠠᠷ ᠵᠣᠷᠪᠣᠰ᠂ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠵᠣᠬᠢᠶᠠᠨ ᠪᠠᠶᠢᠭᠤᠯᠬᠤ᠂ ᠤᠳᠤᠷᠢᠳᠬᠤ᠂ | ᠵᠣᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠰᠢᠮᠳᠠᠭᠤᠯᠤᠨ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠭᠡᠨ᠂ ᠰᠦᠯᠢᠶᠣᠣ ᠪᠦᠷᠬᠦᠪᠴᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠣᠨ ᠤ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠᠲᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ᠎ᠠ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠵᠢᠯᠣᠭᠤᠳᠤᠨ ᠰᠦᠯᠢᠶᠣᠣ | ᠪᠦᠷᠬᠦᠪᠴᠢ ᠬᠡᠷᠡᠭᠯᠡᠭᠴᠢ ᠶᠢ ᠰᠢᠮᠳᠠᠭᠤᠯᠵᠤ ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ | ᠲᠤᠬᠠᠶ ᠳᠤᠨᠢ ᠲᠡᠭᠦᠵᠦ᠂ ᠲᠤᠰᠢᠶᠠᠨ ᠬᠤᠳᠠᠯᠳᠤᠭᠤᠯᠤᠨᠠ᠃ | ᠵᠢᠷᠭᠤᠳᠤᠭᠠᠷ ᠵᠣᠷᠪᠣᠰ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠣᠷᠴᠢᠨ ᠲᠣᠭᠤᠷᠢᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠦᠯᠢᠶᠣᠣ | ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠤᠬᠠᠶ ᠶᠢᠨ | ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠤᠯᠤᠰ ᠤᠨ | ᠪᠠᠷᠢᠮᠵᠢᠶ᠎ᠠ ᠶᠢ ᠦᠨᠳᠦᠰᠦᠯᠡᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠳᠠᠲᠠᠶ | ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠶᠢᠷᠠᠭᠤᠯᠤᠨ ᠵᠣᠬᠢᠶᠠᠨ᠎ᠠ᠃ ᠰᠦᠯᠢᠶᠣᠣ ᠪᠦᠷᠬᠦᠪᠴᠢ ᠶᠢᠨ ᠦᠯᠡᠳᠡᠭᠳᠡᠯ ᠨᠢ | ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠬᠢᠷᠲᠤᠯᠳᠤ ᠣᠷᠣᠨ ᠳᠤ ᠶᠡᠷᠦᠩᠬᠡᠶᠢᠯᠡᠨ ᠴᠡᠭᠴᠡᠯᠡᠨ ᠵᠠᠰᠠᠯᠲᠠ ᠶᠢ | ᠬᠡᠷᠡᠭᠵᠢᠭᠦᠯᠬᠦ ᠶᠢᠨ ᠬᠠᠮᠲᠤ᠂ ᠬᠠᠶᠠᠭᠳᠠᠮᠠᠯ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠰᠢᠲᠠᠭᠠᠬᠤ | ᠵᠡᠷᠭᠡ ᠣᠷᠴᠢᠨ ᠲᠣᠭᠤᠷᠢᠨ ᠢ ᠪᠣᠬᠢᠷᠲᠤᠭᠤᠯᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠣᠷᠢᠯᠡᠨ᠎ᠡ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ | ᠠᠬᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠶ ᠶᠢᠨ ᠵᠢᠯ ᠤᠨ ᠰᠦᠯᠢᠶᠣᠣ ᠪᠦᠷᠬᠦᠪᠴᠢ ᠶᠢ | ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠬᠤᠷᠢᠶᠠᠨ ᠠᠪᠬᠤ ᠡᠭᠦᠷᠭᠡ ᠶᠢᠨ ᠬᠠᠷᠠᠯᠲᠠ ᠶᠢ ᠵᠠᠳᠠᠯᠵᠤ᠂ ᠣᠨ ᠤ | ᠦᠯᠡᠳᠡᠭᠳᠡᠯ ᠢ ᠬᠢᠨᠠᠨ ᠬᠡᠮᠵᠢᠬᠦ ᠴᠡᠭ ᠢ ᠵᠦᠶ ᠵᠣᠬᠢᠰᠲᠠᠶ ᠪᠠᠶᠢᠷᠢᠯᠠᠭᠤᠯᠤᠨ᠂ ᠰᠦᠯᠢᠶᠣᠣ ᠪᠦᠷᠬᠦᠪᠴᠢ ᠶᠢᠨ | ᠦᠯᠡᠳᠡᠭᠳᠡᠯ ᠳᠤ ᠰᠠᠶᠢᠲᠤᠷ ᠪᠠᠶᠢᠴᠠᠭᠠᠯᠲᠠ ᠬᠢᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ | ᠠᠪᠬᠤ ᠠᠵᠤ ᠠᠬᠤᠶᠢᠯᠠᠯ᠂ ᠬᠤᠷᠢᠶᠠᠨ ᠠᠪᠬᠤ ᠲᠤᠤᠷ ᠴᠡᠭ ᠤᠨ ᠵᠦᠶ ᠵᠣᠬᠢᠰᠲᠠᠶ ᠪᠠᠶᠢᠷᠢᠯᠠᠭᠤᠯᠤᠯᠲᠠ ᠶᠢ | ᠵᠢᠯᠣᠭᠤᠳᠤᠨ᠎ᠠ᠃ ᠰᠦᠯᠢᠶᠣᠣ ᠪᠦᠷᠬᠦᠭᠦᠯ ᠢ ᠬᠡᠷᠡᠭᠯᠡᠬᠦ᠂ ᠡᠭᠡᠭᠦᠯᠦᠨ ᠬᠤᠷᠢᠶᠠᠬᠤ᠂ ᠳᠠᠬᠢᠨ ᠠᠰᠢᠭᠯᠠᠬᠤ ᠲᠥᠷᠥᠯ | ᠵᠣᠶᠢᠯ ᠤᠨ ᠪᠡᠯᠡ ᠮᠥᠩᠭᠦ ᠶᠢᠨ ᠮᠡᠳᠡᠭᠦᠯᠬᠦ ᠪᠠ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠰᠦᠯᠢᠶᠣᠣ | ᠪᠦᠷᠬᠦᠪᠴᠢ ᠬᠡᠷᠡᠭᠯᠡᠭᠴᠢ ᠶᠢ ᠳᠤᠷ᠎ᠠ ᠪᠠᠷ ᠢᠶᠠᠨ ᠪᠤᠯᠠᠬᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠬᠠᠶᠠᠬᠤ ᠵᠡᠷᠭᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠣᠷᠢᠯᠡᠨ᠎ᠡ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠦᠯᠢᠶᠣᠣ ᠪᠦᠷᠬᠦᠪᠴᠢ ᠦᠢᠯᠡᠳᠪᠣᠷᠢᠯᠡᠬᠦ᠂ ᠪᠣᠷᠣᠯᠠᠭᠤᠯᠬᠤ | ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠪᠠᠶᠢᠭᠤᠯᠬᠤ ᠶᠢ ᠬᠠᠷᠢᠭᠤᠴᠠᠵᠤ᠂ ᠰᠦᠯᠢᠶᠣᠣ ᠪᠦᠷᠬᠦᠪᠴᠢ ᠦᠢᠯᠡᠳᠪᠣᠷᠢᠯᠡᠬᠦ | ᠠᠵᠤ ᠠᠬᠤᠶᠢᠯᠠᠯ᠂ ᠪᠣᠷᠣᠯᠠᠭᠤᠯᠬᠤ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠳᠡᠩᠰᠡᠯᠡᠨ ᠬᠠᠮᠢᠶᠠᠷᠬᠤ | ᠲᠦᠷᠢᠮ ᠢ ᠬᠡᠷᠡᠭᠵᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ᠂ | ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠦᠯᠢᠶᠣᠣ | ᠪᠦᠷᠬᠦᠪᠴᠢ ᠦᠢᠯᠡᠳᠪᠣᠷᠢᠯᠡᠬᠦ᠂ ᠪᠣᠷᠣᠯᠠᠭᠤᠯᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠦᠢᠯᠡᠳᠪᠣᠷᠢᠯᠡᠬᠦ | ᠪᠠ ᠪᠣᠷᠣᠯᠠᠭᠤᠯᠬᠤ ᠳᠤ ᠥᠯᠥ ᠨᠡᠶᠢᠴᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠣᠷᠢᠯᠡᠨ᠎ᠡ᠃ | ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠣᠷᠢ ᠪᠠ ᠮᠡᠳᠡᠭᠡ ᠵᠠᠩᠭᠢᠵᠢᠯᠲᠠ᠂ | ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠤᠯᠪᠣᠭᠳᠠᠯ | ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠣᠳᠤᠭᠠᠷ ᠵᠣᠷᠪᠣᠰ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠵᠤᠵᠠᠭᠠᠨ ᠰᠦᠯᠢᠶᠣᠣ ᠪᠦᠷᠬᠦᠪᠴᠢ ᠶᠢ | ᠦᠢᠯᠡᠳᠪᠣᠷᠢᠯᠡᠬᠦ᠂ ᠪᠣᠷᠣᠯᠠᠭᠤᠯᠬᠤ᠂ ᠬᠡᠷᠡᠭᠯᠡᠬᠦ ᠶᠢ ᠴᠠᠭᠠᠵᠠᠯᠠᠨ᠎ᠠ᠃ | ᠨᠠᠢᠮᠠᠳᠣᠭᠠᠷ ᠵᠣᠷᠪᠣᠰ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ | ᠮᠥᠴᠢᠷ ᠤᠨ ᠪᠥᠬᠦ ᠠᠮᠢᠳᠤ ᠪᠣᠳᠠᠰ ᠤᠨ ᠵᠠᠳᠠᠷᠠᠨ ᠠᠷᠢᠯᠬᠤ ᠰᠦᠯᠢᠶᠣᠣ ᠪᠦᠷᠬᠦᠪᠴᠢ ᠶᠢ ᠣᠷᠣᠭᠤᠯᠤᠨ ᠠᠪᠴᠢᠷᠠᠬᠤ᠂ | ᠲᠤᠷᠰᠢᠬᠤ᠂ ᠳᠡᠯᠭᠡᠷᠡᠭᠦᠯᠬᠦ ᠶᠢ ᠵᠣᠷᠢᠭᠵᠢᠭᠤᠯᠤᠨ ᠳᠡᠮᠵᠢᠵᠦ᠂ ᠰᠦᠯᠢᠶᠣᠣ ᠪᠦᠷᠬᠦᠪᠴᠢ ᠬᠡᠷᠡᠭᠯᠡᠭᠴᠢ ᠶᠢ ᠬᠥᠲᠥᠯᠦᠨ | ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠳᠣᠭᠢᠷᠠᠭᠤᠯᠬᠤ᠂ ᠡᠭᠡᠯᠵᠢᠯᠡᠨ ᠳᠠᠷᠢᠬᠤ ᠪᠠ ᠣᠷᠴᠢᠨ | ᠲᠣᠭᠤᠷᠢᠨ ᠳᠤ ᠨᠥᠬᠦᠷᠰᠡᠭ ᠬᠡᠯᠪᠡᠷᠢ ᠶᠢᠨ ᠣᠷᠣᠯᠠᠬᠤ ᠴᠢᠨᠠᠷᠲᠠᠶ ᠪᠤᠰᠤᠳ ᠮᠡᠷᠭᠡᠵᠢᠯ ᠤᠨ ᠠᠷᠭ᠎ᠠ ᠬᠡᠮᠵᠢᠶ᠎ᠡ ᠶᠢ | ᠬᠡᠷᠡᠭᠯᠡᠨ᠂ ᠰᠦᠯᠢᠶᠣᠣ ᠪᠦᠷᠬᠦᠪᠴᠢ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ | ᠮᠠᠰᠢᠨ ᠢᠶᠠᠷ ᠰᠦᠯᠢᠶᠣᠣ ᠪᠦᠷᠬᠦᠪᠴᠢ ᠶᠢ ᠰᠡᠬᠦᠬᠦ᠂ ᠰᠦᠯᠢᠶᠣᠣ ᠪᠦᠷᠬᠦᠪᠴᠢ ᠲᠡᠭᠦᠬᠦ ᠮᠡᠷᠭᠡᠵᠢᠯ ᠢ ᠢᠳᠡᠪᠬᠢᠲᠡᠶ ᠪᠠᠷ | ᠰᠤᠳᠤᠯᠤᠨ ᠨᠡᠭᠡᠭᠡᠵᠦ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠳᠤ ᠠᠰᠢᠭᠲᠠᠶ ᠪᠦᠷᠬᠦᠪᠴᠢ ᠪᠦᠷᠬᠦᠬᠦ | ᠠᠷᠭ᠎ᠠ ᠮᠠᠶ᠋ᠢᠭ ᠢ ᠬᠡᠷᠡᠭᠯᠡᠨ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ | ᠶᠢᠰᠦᠳᠦᠭᠡᠷ ᠵᠣᠷᠪᠣᠰ᠂ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠤ | ᠦᠢᠯᠡᠳᠪᠣᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠵᠠᠬ᠎ᠠ ᠳᠡᠯᠭᠡᠭᠦᠷ ᠤᠨ ᠬᠢᠨᠠᠯᠲᠠ | ᠲᠠᠯᠪᠢᠬᠤ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠦᠯᠢᠶᠣᠣ ᠪᠦᠷᠬᠦᠪᠴᠢ ᠦᠢᠯᠡᠳᠪᠣᠷᠢᠯᠡᠬᠦ᠂ | ᠪᠣᠷᠣᠯᠠᠭᠤᠯᠬᠤ᠂ ᠬᠡᠷᠡᠭᠯᠡᠬᠦ ᠵᠡᠷᠭᠡ ᠡᠯ᠎ᠡ ᠭᠤᠭᠴᠣᠭᠠᠨ ᠳᠠᠬᠢ ᠡᠬᠡ ᠲᠠᠩᠰᠠ ᠶᠢᠨ ᠳᠡᠩᠰᠡᠯᠡᠨ ᠲᠡᠮᠳᠡᠭᠯᠡᠬᠦ ᠶᠢᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠰᠦᠯᠢᠶᠣᠣ ᠪᠦᠷᠬᠦᠪᠴᠢ ᠦᠢᠯᠡᠳᠪᠣᠷᠢᠯᠡᠭᠴᠢ᠂ | ᠪᠣᠷᠣᠯᠠᠭᠤᠯᠤᠭᠴᠢ᠂ ᠬᠡᠷᠡᠭᠯᠡᠭᠴᠢ ᠵᠢᠴᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠳ ᠳᠤᠤᠷᠠᠬᠢ ᠮᠡᠲᠦ | ᠠᠭᠤᠯᠭ᠎ᠠ ᠶᠣᠰᠣᠭᠠᠷ ᠡᠬᠡ ᠲᠠᠩᠰᠠ ᠶᠢᠨ ᠳᠡᠩᠰᠡᠯᠡᠨ ᠲᠡᠮᠳᠡᠭᠯᠡᠬᠦ ᠲᠦᠷᠢᠮ ᠢ ᠪᠠᠶᠢᠭᠤᠯᠵᠤ᠂ ᠡᠬᠡ ᠲᠠᠩᠰᠠ ᠶᠢᠨ | ᠲᠡᠮᠳᠡᠭᠯᠡᠯ ᠢ ᠠᠳᠠᠭ ᠲᠠᠭᠠᠨ ᠭᠤᠷᠪᠠᠨ ᠵᠢᠯ ᠬᠠᠳᠠᠭᠠᠯᠠᠬᠤ ᠬᠡᠷᠡᠭᠲᠡᠶ᠃ | ︵ᠨᠢᠭᠡ︶ ᠦᠢᠯᠡᠳᠪᠣᠷᠢᠯᠡᠭᠴᠢᠳ ᠨᠢ ᠤᠯᠤᠰ ᠤᠨ ᠰᠦᠯᠢᠶᠣᠣ ᠪᠦᠷᠬᠦᠪᠴᠢ ᠶᠢᠨ ᠠᠵᠢᠯ ᠲᠥᠷᠥᠯ ᠤᠨ | ᠵᠢᠷᠤᠮᠵᠢᠯ ᠤᠨ ᠲᠤᠬᠠᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠣᠷᠢᠯᠡᠬᠦ᠂ ᠪᠣᠷᠣᠯᠠᠭᠤᠯᠬᠤ ᠡᠬᠡ ᠲᠠᠩᠰᠠ | ᠪᠠᠶᠢᠭᠤᠯᠵᠤ᠂ ᠰᠦᠯᠢᠶᠣᠣ ᠪᠦᠷᠬᠦᠪᠴᠢ ᠶᠢᠨ ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ | ᠦᠢᠯᠡᠳᠪᠣᠷᠢᠯᠡᠭᠰᠡᠨ ᠡᠳᠦᠷ ᠬᠤᠭᠤᠴᠠᠭ᠎ᠠ ᠪᠠ ᠵᠥᠪᠰᠢᠶᠡᠷᠡᠭᠰᠡᠨ ᠳ᠋ᠤᠭᠠᠷ᠂ ᠦᠢᠯᠡᠳᠭᠦᠨ ᠤ ᠶᠠᠰᠤ ᠴᠢᠨᠠᠷ ᠢ ᠰᠢᠯᠭᠠᠨ | ᠪᠠᠶᠢᠴᠠᠭᠠᠭᠰᠠᠨ ᠮᠡᠳᠡᠭᠡ ᠵᠠᠩᠭᠢ᠂ ᠪᠠᠷᠠᠭ᠎ᠠ ᠬᠤᠳᠠᠯᠳᠤᠨ ᠠᠪᠤᠭᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ | ᠬᠡᠯᠪᠡᠷᠢ᠂ ᠪᠣᠷᠣᠯᠠᠭᠤᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ | ᠃ | ︵ᠬᠤᠶᠠᠷ︶ ᠪᠣᠷᠣᠯᠠᠭᠤᠯᠤᠭᠴᠢ ᠠᠴᠠ ᠰᠦᠯᠢᠶᠣᠣ ᠪᠦᠷᠬᠦᠪᠴᠢ ᠶᠢᠨ ᠦᠢᠯᠡᠳᠭᠦᠨ ᠤ ᠪᠣᠭᠤᠳᠠᠯ᠂ ᠱᠣᠰᠢᠭ᠎ᠠ᠂ | ᠶᠠᠰᠤ ᠴᠢᠨᠠᠷ ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠵᠤ᠂ ᠣᠷᠣᠭᠤᠯᠵᠤ | ᠪᠣᠷᠣᠯᠠᠭᠤᠯᠤᠭᠰᠠᠨ ᠡᠬᠡ ᠲᠠᠩᠰᠠ ᠪᠠᠶᠢᠭᠤᠯᠤᠨ᠂ ᠰᠦᠯᠢᠶᠣᠣ ᠪᠦᠷᠬᠦᠪᠴᠢ ᠶᠢᠨ ᠪᠠᠷᠠᠭ᠎ᠠ ᠣᠷᠣᠭᠤᠯᠤᠭᠰᠠᠨ ᠮᠡᠳᠡᠭᠡ | ᠵᠠᠩᠭᠢ᠂ ᠪᠠᠷᠠᠭ᠎ᠠ ᠬᠤᠳᠠᠯᠳᠤᠨ ᠠᠪᠤᠭᠴᠢ ᠶᠢᠨ ᠨᠡᠷᠡᠶᠢᠳᠦᠯ ᠵᠢᠴᠢ ᠬᠠᠷᠢᠯᠴᠠᠬᠤ ᠠᠷᠭ᠎ᠠ ᠮᠠᠶ᠋ᠢᠭ᠂ ᠦᠢᠯᠡᠳᠭᠦᠨ ᠤ | ᠨᠡᠷᠡᠶᠢᠳᠦᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ᠂ ᠪᠣᠷᠣᠯᠠᠭᠤᠯᠤᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ | ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ︵ᠭᠤᠷᠪᠠ︶ ᠬᠡᠷᠡᠭᠯᠡᠭᠴᠢ ᠨᠢ ᠰᠦᠯᠢᠶᠣᠣ ᠪᠦᠷᠬᠦᠪᠴᠢ ᠬᠡᠷᠡᠭᠯᠡᠭᠰᠡᠨ ᠲᠡᠮᠳᠡᠭᠯᠡᠯ ᠬᠢᠵᠦ᠂ ᠰᠦᠯᠢᠶᠣᠣ ᠪᠦᠷᠬᠦᠪᠴᠢ | ᠬᠡᠷᠡᠭᠯᠡᠭᠰᠡᠨ ᠴᠠᠭ᠂ ᠭᠠᠵᠠᠷ ᠵᠢᠴᠢ ᠰᠦᠯᠢᠶᠣᠣ ᠪᠦᠷᠬᠦᠪᠴᠢ ᠶᠢᠨ ᠨᠡᠷᠡᠶᠢᠳᠦᠯ᠂ ᠬᠡᠷᠡᠭᠯᠡᠭᠰᠡᠨ ᠬᠡᠮᠵᠢᠶ᠎ᠡ᠂ | ᠦᠢᠯᠡᠳᠪᠣᠷᠢᠯᠡᠭᠴᠢ᠂ ᠪᠣᠷᠣᠯᠠᠭᠤᠯᠤᠭᠴᠢ ᠵᠡᠷᠭᠡ ᠠᠭᠤᠯᠭ᠎ᠠ ᠶᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ︵ᠳᠥᠷᠪᠡ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠬᠠᠷᠢᠶᠠᠯᠠᠭᠳᠠᠬᠤ ᠰᠦᠯᠢᠶᠣᠣ ᠪᠦᠷᠬᠦᠪᠴᠢ | ᠬᠡᠷᠡᠭᠯᠡᠭᠰᠡᠨ ᠲᠡᠮᠳᠡᠭᠯᠡᠯ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠲᠣᠰᠬᠤᠨ ᠤ ᠬᠦᠷᠢᠶ᠎ᠡ ᠬᠡᠪᠴᠢᠶ᠎ᠡ᠂ ᠰᠦᠯᠢᠶᠣᠣ | ᠪᠦᠷᠬᠦᠪᠴᠢ ᠬᠡᠷᠡᠭᠯᠡᠭᠰᠡᠨ ᠲᠠᠯᠠᠪᠠᠶ᠂ ᠬᠡᠷᠡᠭᠯᠡᠭᠰᠡᠨ ᠬᠡᠮᠵᠢᠶ᠎ᠡ᠂ ᠬᠡᠪ ᠪᠠᠷᠢᠮᠵᠢᠶ᠎ᠠ ᠵᠢᠴᠢ ᠬᠡᠷᠡᠭᠯᠡᠭᠴᠢ ᠵᠡᠷᠭᠡ | ᠠᠭᠤᠯᠭ᠎ᠠ ᠶᠢ ᠦᠨᠡᠨ ᠪᠣᠳᠠᠲᠠᠶ ᠪᠠᠷ ᠲᠡᠮᠳᠡᠭᠯᠡᠬᠦ ᠬᠡᠷᠡᠭᠲᠡᠶ᠃ | ᠠᠷᠪᠠᠳᠤᠭᠠᠷ ᠵᠣᠷᠪᠣᠰ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠮᠠᠯ | ᠠᠵᠤ ᠠᠬᠤᠶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠬᠤ ᠰᠠᠨᠠᠯ ᠶᠣᠰᠣᠭᠠᠷ᠂ ᠰᠤᠮᠤ | ᠰᠢᠶᠠᠩ ᠪᠠᠯᠭᠠᠰᠤ ᠶᠢᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠠᠳᠠᠭᠠᠯᠠᠵᠤ ᠵᠥᠭᠡᠭᠡᠪᠦᠷᠢᠯᠡᠬᠦ | ᠥᠷᠲᠡᠭᠡ᠂ ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠲᠣᠣᠷ ᠴᠢᠭ ᠢ ᠵᠣᠬᠢᠶᠠᠨ ᠪᠠᠶᠢᠭᠤᠯᠤᠨ ᠪᠠᠶᠢᠭᠤᠯᠬᠤ | ᠬᠡᠷᠡᠭᠲᠡᠶ᠃ | ᠬᠤᠲᠠ᠂ ᠬᠤᠰᠢᠭᠤ ᠰᠢᠶᠠᠨ ᠤ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠪᠠᠶᠢᠭᠤᠯᠤᠮᠵᠢ ᠶᠢ ᠨᠢᠭᠡᠳᠦᠯᠲᠡᠶ ᠲᠥᠯᠥᠪᠯᠡᠵᠦ᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠬᠠᠳᠠᠭᠠᠯᠠᠬᠤ ᠲᠡᠭᠡᠭᠡᠪᠦᠷᠢᠯᠡᠬᠦ ᠥᠷᠲᠡᠭᠡ᠂ ᠬᠤᠳᠠᠯᠳᠤᠨ ᠠᠪᠬᠤ | ᠲᠤᠤᠷ ᠴᠢᠭ ᠢ ᠡᠭᠡᠭᠦᠯᠦᠨ ᠬᠤᠷᠢᠶᠠᠬᠤ ᠵᠡᠷᠭᠡ ᠡᠳᠦᠷ ᠲᠤᠲᠤᠮ ᠤᠨ ᠠᠵᠢᠯ ᠤᠨ ᠠᠵᠢᠯᠯᠠᠭᠠᠨ ᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠣᠷᠪᠣᠰ᠂ ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠲᠤᠤᠷ ᠴᠡᠭ ᠨᠢ ᠪᠡᠯᠡᠨ ᠵᠣᠭᠤᠰ | ᠂ ᠬᠠᠭᠤᠴᠢᠨ ᠢ ᠰᠢᠨ᠎ᠡ ᠶᠢ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠳᠠᠯᠳᠤᠨ ᠠᠪᠴᠤ᠂ ᠳᠡᠩᠰᠡᠯᠡᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠳᠠᠯᠳᠤᠨ | ᠠᠪᠬᠤ ᠪᠠᠷᠢᠮᠵᠢᠶ᠎ᠠ᠂ ᠦᠨ᠎ᠡ ᠬᠠᠩᠰᠢ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠡᠷᠭᠢᠯᠳᠦᠭᠦᠯᠦᠨ ᠲᠠᠷᠢᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠪᠤᠯᠠᠵᠤ᠂ ᠬᠠᠶᠠᠵᠤ᠂ | ᠰᠢᠲᠠᠭᠠᠬᠤ ᠪᠤᠶᠤ ᠠᠰᠢᠭᠯᠠᠵᠤ ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠥᠷᠥᠰᠥᠨ ᠳᠤ | ᠤᠷᠪᠠᠭᠤᠯᠵᠤ ᠪᠤᠯᠠᠵᠤ ᠪᠣᠯᠬᠤ ᠦᠭᠡᠢ᠃ | ᠠᠷᠪᠠᠨ ᠬᠤᠶᠠᠳᠤᠭᠠᠷ ᠵᠣᠷᠪᠣᠰ᠂ ᠬᠤᠲᠠ᠂ ᠬᠤᠰᠢᠭᠤ ᠰᠢᠶᠠᠨ ᠤ ᠱᠠᠲᠤᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠨᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠠᠵᠢᠯ ᠤᠨ ᠰᠢᠯᠭᠠᠨ | ᠦᠨᠡᠯᠡᠬᠦ ᠲᠣᠭᠲᠠᠴᠠ ᠶᠢ ᠪᠠᠶᠢᠭᠤᠯᠵᠤ᠂ ᠪᠤᠴᠠᠭᠠᠨ ᠬᠤᠷᠢᠶᠠᠬᠤ ᠲᠤᠤᠷ ᠴᠡᠭ ᠢ ᠵᠢᠯᠣᠭᠤᠳᠤᠨ ᠰᠢᠮᠳᠠᠭᠤᠯᠵᠤ | ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠬᠤᠳᠠᠯᠳᠤᠨ ᠠᠪᠬᠤ ᠪᠠ | ᠰᠢᠯᠵᠢᠭᠦᠯᠦᠨ ᠲᠡᠭᠡᠭᠡᠪᠦᠷᠢᠯᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠣᠷᠪᠣᠰ᠂ ᠰᠦᠯᠢᠶᠣᠣ ᠪᠦᠷᠬᠦᠪᠴᠢ ᠬᠡᠷᠡᠭᠯᠡᠭᠴᠢᠳ ᠲᠠᠷᠢᠶᠠᠨ ᠭᠠᠵᠠᠷ ᠢ ᠬᠠᠮᠠᠭᠠᠯᠠᠵᠤ᠂ | ᠲᠠᠷᠢᠮᠠᠯ ᠢ ᠬᠤᠷᠢᠶᠠᠭᠰᠠᠨ ᠤ ᠳᠠᠷᠠᠭ᠎ᠠ ᠬᠠᠶᠠᠭᠳᠠᠮᠠᠯ ᠰᠦᠯᠢᠶᠣᠣ ᠪᠦᠷᠬᠦᠪᠴᠢ ᠵᠢᠴᠢ ᠲᠡᠭᠦᠨ ᠤ ᠪᠣᠭᠤᠳᠠᠯ ᠪᠠᠭᠯᠠᠭ᠎ᠠ ᠶᠢ | ᠴᠠᠭ ᠲᠤᠬᠠᠶ ᠳᠤᠨᠢ ᠲᠡᠭᠦᠬᠦ ᠶᠢᠨ ᠬᠠᠮᠲᠤ ᠲᠣᠰ ᠣᠷᠣᠨ ᠳᠣᠲᠣᠷᠠᠬᠢ ᠬᠤᠷᠢᠶᠠᠨ ᠠᠪᠬᠤ ᠲᠤᠤᠷ ᠴᠡᠭ ᠲᠤ ᠲᠤᠰᠢᠶᠠᠨ | ᠬᠤᠳᠠᠯᠳᠤᠬᠤ ᠬᠡᠷᠡᠭᠲᠡᠶ᠃ | ᠡᠷᠭᠢᠯᠳᠦᠭᠦᠯᠦᠨ ᠲᠠᠷᠢᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠪᠤᠯᠠᠵᠤ᠂ ᠬᠠᠶᠠᠵᠤ᠂ | ᠰᠢᠲᠠᠭᠠᠬᠤ ᠪᠤᠶᠤ ᠠᠰᠢᠭᠯᠠᠵᠤ ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠥᠷᠥᠰᠥᠨ ᠳᠤ | ᠤᠷᠪᠠᠭᠤᠯᠵᠤ ᠪᠤᠯᠠᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠣᠷᠪᠣᠰ᠂ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠢ ᠢᠳᠡᠪᠬᠢᠲᠡᠶ | ᠣᠷᠣᠭᠤᠯᠤᠨ ᠠᠪᠴᠢᠷᠠᠬᠤ ᠪᠠ ᠲᠡᠳᠬᠦᠨ ᠳᠡᠮᠵᠢᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠤᠰᠤ | ᠬᠡᠷᠡᠭᠯᠡᠬᠦ ᠵᠡᠷᠭᠡ ᠲᠠᠯ᠎ᠠ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠤᠨ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠷᠠᠭᠠᠯᠵᠠᠯ ᠦᠵᠡᠭᠦᠯᠦᠨ᠎ᠡ᠃ | ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠤᠳ ᠰᠤᠮᠤ ᠰᠢᠶᠠᠩ | ᠪᠠᠯᠭᠠᠰᠤ ᠶᠢᠨ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠠᠳᠠᠭᠠᠯᠠᠵᠤ ᠵᠥᠭᠡᠭᠡᠪᠦᠷᠢᠯᠡᠬᠦ ᠥᠷᠲᠡᠭᠡ᠂ ᠭᠠᠴᠠᠭ᠎ᠠ | ᠲᠣᠰᠬᠤᠨ ᠤ ᠡᠭᠡᠭᠦᠯᠦᠨ ᠬᠤᠷᠢᠶᠠᠬᠤ ᠲᠤᠤᠷ ᠴᠡᠭ ᠯᠤᠭ᠎ᠠ ᠬᠠᠮᠲᠤᠷᠠᠯᠴᠠᠬᠤ ᠲᠣᠭᠲᠠᠴᠠ ᠶᠢ ᠪᠠᠶᠢᠭᠤᠯᠵᠤ᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠣᠯᠪᠠᠰᠤᠷᠠᠭᠤᠯᠵᠤ ᠳᠠᠬᠢᠨ ᠠᠰᠢᠭᠯᠠᠬᠤ ᠶᠢ ᠢᠳᠡᠪᠬᠢᠲᠡᠶ | ᠥᠷᠨᠢᠭᠦᠯᠬᠦ ᠬᠡᠷᠡᠭᠲᠡᠶ᠃ | ᠠᠷᠪᠠᠨ ᠲᠠᠪᠤᠳᠤᠭᠠᠷ ᠵᠣᠷᠪᠣᠰ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠤ | ᠠᠬᠤᠶᠢᠯᠠᠯ᠂ ᠰᠤᠮᠤ ᠰᠢᠶᠠᠩ ᠪᠠᠯᠭᠠᠰᠤ ᠶᠢᠨ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ᠂ ᠭᠠᠴᠠᠭ᠎ᠠ ᠲᠣᠰᠬᠤᠨ ᠤ | ᠡᠭᠡᠭᠦᠯᠦᠨ ᠬᠤᠷᠢᠶᠠᠬᠤ ᠲᠤᠤᠷ ᠴᠡᠭ ᠨᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠬᠤᠶᠠᠳᠠᠬᠢ | ᠤᠳᠠᠭᠠᠨ ᠤ ᠪᠣᠬᠢᠷᠲᠤᠯ ᠠᠴᠠ ᠵᠠᠶᠢᠯᠠᠰᠬᠢᠬᠦ ᠬᠡᠷᠡᠭᠲᠡᠶ᠃ | ᠠᠷᠪᠠᠨ ᠵᠢᠷᠭᠤᠳᠤᠭᠠᠷ ᠵᠣᠷᠪᠣᠰ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠷᠢᠶ᠎ᠠ ᠣᠷᠣᠨ ᠤ ᠳᠣᠲᠣᠷᠠᠬᠢ ᠵᠠᠮ ᠳᠠᠭᠠᠤ ᠵᠡᠷᠭᠡ ᠣᠯᠠᠨ ᠨᠡᠶᠢᠲᠡ ᠶᠢᠨ | ᠣᠷᠣᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠢᠯᠭᠠᠷᠠᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠣᠷᠪᠣᠰ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠲᠤᠰ ᠳᠦᠷᠢᠮ ᠤᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠬᠤᠲᠠ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ | ᠮᠠᠯ ᠠᠵᠤ ᠠᠬᠤᠶ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠢᠯᠡᠴᠢᠯᠡᠨ ᠮᠡᠳᠡᠭᠦᠯᠦᠭᠰᠡᠨ ᠢ ᠭᠥᠯᠢᠶᠡᠨ ᠠᠪᠤᠭᠰᠠᠨ ᠤ ᠳᠠᠷᠠᠭ᠎ᠠ ᠠᠷᠪᠠᠨ ᠲᠠᠪᠤᠨ ᠡᠳᠦᠷ ᠤᠨ | ᠳᠣᠲᠣᠷ᠎ᠠ ᠬᠢᠨᠠᠨ ᠪᠠᠶᠢᠴᠠᠭᠠᠵᠤ᠂ ᠳᠤᠤᠷᠠᠬᠢ ᠮᠡᠲᠦ ᠠᠷᠭ᠎ᠠ ᠮᠠᠶ᠋ᠢᠭ ᠢᠶᠠᠷ ᠲᠣᠰ ᠲᠣᠰ ᠰᠢᠢᠳᠪᠣᠷᠢᠯᠡᠬᠦ ᠬᠡᠷᠡᠭᠲᠡᠶ᠃ | ︵ᠨᠢᠭᠡ︶ ᠬᠦᠯᠢᠶᠡᠨ ᠠᠪᠴᠤ ᠰᠢᠢᠳᠪᠣᠷᠢᠯᠡᠬᠦ ᠨᠥᠬᠦᠴᠡᠯ ᠳᠤ ᠨᠡᠶᠢᠴᠡᠬᠦ ᠮᠥᠷᠲᠡᠭᠡᠨ ᠲᠤᠰ ᠰᠠᠯᠠᠭ᠎ᠠ | ᠮᠥᠴᠢᠷ ᠤᠨ ᠬᠠᠮᠢᠶᠠᠷᠤᠯᠲᠠ ᠳᠤ ᠬᠠᠷᠢᠶᠠᠯᠠᠭᠳᠠᠬᠤ ᠵᠦᠢᠯᠡᠰ ᠢ ᠪᠣᠯ᠂ ᠬᠦᠯᠢᠶᠡᠨ ᠠᠪᠴᠤ ᠰᠢᠢᠳᠪᠣᠷᠢᠯᠡᠬᠦ ᠶᠢᠨ ᠬᠠᠮᠲᠤ | ᠢᠯᠡᠴᠢᠯᠡᠨ ᠮᠡᠳᠡᠭᠦᠯᠦᠭᠴᠢ ᠳᠤ ᠪᠢᠴᠢᠭ ᠢᠶᠠᠷ ᠬᠦᠯᠢᠶᠡᠨ ᠠᠪᠴᠤ ᠰᠢᠢᠳᠪᠣᠷᠢᠯᠡᠬᠦ ᠮᠡᠳᠡᠭᠳᠡᠯ ᠤᠨ ᠪᠢᠴᠢᠭ ᠬᠢᠵᠦ | ᠥᠭᠬᠦ ᠬᠡᠷᠡᠭᠲᠡᠶ᠃ | ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠪᠣᠯᠪᠠᠴᠤ ᠪᠤᠰᠤᠳ ᠰᠠᠯᠠᠭ᠎ᠠ | ᠮᠥᠴᠢᠷ ᠤᠨ ᠬᠠᠮᠢᠶᠠᠷᠬᠤ ᠬᠠᠷᠢᠶᠠᠯᠠᠯ ᠳᠤ ᠬᠠᠷᠢᠶᠠᠯᠠᠭᠳᠠᠬᠤ ᠵᠦᠢᠯᠡᠰ ᠢ ᠬᠠᠮᠢᠶᠠᠷᠤᠨ ᠬᠠᠷᠢᠶᠠᠯᠠᠬᠤ ᠡᠷᠬᠡ ᠲᠠᠢ ᠰᠠᠯᠠᠭ᠎ᠠ | ᠮᠥᠴᠢᠷ ᠲᠤ ᠰᠢᠯᠵᠢᠭᠦᠯᠦᠨ ᠬᠦᠷᠭᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠢ᠃ | ︵ᠭᠤᠷᠪᠠ︶ ᠬᠦᠯᠢᠶᠡᠨ ᠠᠪᠴᠤ ᠰᠢᠢᠳᠪᠣᠷᠢᠯᠡᠬᠦ ᠨᠥᠬᠦᠴᠡᠯ ᠳᠤ ᠨᠡᠶᠢᠴᠡᠬᠦ ᠦᠭᠡᠶ ᠪᠣᠯ ᠬᠦᠯᠢᠶᠡᠨ ᠠᠪᠴᠤ | ᠰᠢᠢᠳᠪᠣᠷᠢᠯᠡᠬᠦ ᠦᠭᠡᠶ ᠭᠡᠰᠡᠨ ᠮᠡᠳᠡᠭᠳᠡᠬᠦ ᠪᠢᠴᠢᠭ ᠢᠶᠠᠨ ᠢᠯᠡᠴᠢᠯᠡᠨ ᠮᠡᠳᠡᠭᠦᠯᠦᠭᠴᠢ ᠳᠤ ᠭᠠᠷᠭᠠᠵᠤ ᠥᠭᠬᠦ ᠬᠡᠷᠡᠭᠲᠡᠶ᠃ | | ᠠᠷᠪᠠᠨ ᠨᠠᠢᠮᠠᠳᠣᠭᠠᠷ ᠵᠣᠷᠪᠣᠰ᠂ ᠲᠣᠰ ᠲᠦᠷᠢᠮ ᠤᠨ ᠳᠣᠯᠣᠳᠤᠭᠠᠷ ᠵᠣᠶᠢᠯ ᠤᠨ ᠲᠣᠭᠲᠠᠭᠠᠯ ᠢ ᠵᠥᠷᠢᠴᠡᠵᠦ᠂ | ᠦᠶ᠋ᠯᠡᠳᠪᠦᠷᠢᠯᠡᠭᠰᠡᠨ᠂ ᠪᠣᠷᠣᠯᠠᠭᠤᠯᠤᠭᠰᠠᠨ ᠵᠤᠵᠠᠭᠠᠨ ᠨᠢ 0 . 01 mm ᠵᠡᠷᠭᠡ ᠤᠯᠤᠰ ᠤᠨ ᠪᠠᠷᠢᠮᠵᠢᠶᠠᠲᠤ | ᠰᠦᠯᠢᠶᠣᠣ ᠪᠦᠷᠬᠦᠪᠴᠢ ᠳᠤ ᠨᠡᠶᠢᠴᠡᠬᠦ ᠥᠬᠡᠶ ᠪᠣᠯ᠂ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠦᠢᠯᠡᠳᠪᠣᠷᠢᠯᠡᠬᠦ᠂ ᠪᠣᠷᠣᠯᠠᠭᠤᠯᠬᠤ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠠᠴᠠ ᠵᠥᠷᠢᠴᠡᠵᠦ | ᠦᠢᠯᠡᠳᠪᠣᠷᠢᠯᠡᠭᠰᠡᠨ᠂ ᠪᠣᠷᠣᠯᠠᠭᠤᠯᠤᠭᠰᠠᠨ ᠰᠦᠯᠢᠶᠣᠣ ᠪᠦᠷᠬᠦᠪᠴᠢ ᠶᠢ ᠨᠢ ᠬᠤᠷᠢᠶᠠᠨ ᠠᠪᠬᠤ ᠶᠢᠨ ᠬᠠᠮᠲᠤ | ᠬᠠᠤᠯᠢ ᠠᠴᠠ ᠵᠥᠷᠢᠴᠡᠵᠦ ᠦᠢᠯᠡᠳᠪᠣᠷᠢᠯᠡᠭᠰᠡᠨ᠂ ᠪᠣᠷᠣᠯᠠᠭᠤᠯᠤᠭᠰᠠᠨ ᠦᠢᠯᠡᠳᠭᠦᠨ ᠤ ᠬᠢᠨᠢ ᠪᠠᠷᠠᠭᠠᠨ ᠤ | ᠥᠷᠲᠡᠭ ᠤᠨ ᠵᠣᠭᠤᠰ ᠤᠨ ᠲᠤᠭ᠎ᠠ ᠶᠢᠨ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠳᠬᠡᠨ᠎ᠡ᠃ ᠤᠢᠢᠯᠠ ᠪᠠᠶᠢᠳᠠᠯ ᠨᠢ | ᠬᠦᠨᠳᠦ ᠨᠣᠴᠢᠲᠠᠢ ᠪᠠᠶᠢᠪᠠᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠ ᠶᠢᠰᠦᠳᠦᠭᠡᠷ ᠵᠣᠷᠪᠣᠰ᠂ ᠲᠣᠰ ᠳᠦᠷᠢᠮ ᠤᠨ ᠠᠷᠪᠠᠨ ᠭᠤᠷᠪᠠᠳᠤᠭᠠᠷ ᠵᠣᠷᠪᠣᠰ ᠤᠨ ᠲᠣᠭᠲᠠᠭᠠᠯ ᠢ | ᠵᠥᠷᠢᠴᠡᠵᠦ᠂ ᠮᠠᠰᠢᠨ ᠵᠡᠷᠭᠡ ᠲᠣᠨᠤᠭ ᠲᠥᠬᠦᠭᠡᠷᠦᠮᠵᠢ ᠶᠢ ᠳᠤᠷ᠎ᠠ ᠪᠠᠷ ᠪᠤᠯᠠᠵᠤ᠂ ᠬᠠᠶᠠᠵᠤ᠂ ᠠᠰᠢᠭᠯᠠᠵᠤ ᠪᠠᠶᠢᠭᠠᠳ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠥᠷᠥᠰᠥᠨ ᠳᠤ ᠤᠷᠪᠠᠭᠤᠯᠵᠤ ᠪᠤᠯᠠᠭᠰᠠᠨ ᠪᠡᠶᠢᠪᠡᠯ᠂ ᠬᠤᠲᠠ᠂ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠤᠨ᠎ᠠ᠃ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠤᠭᠰᠠᠨ ᠦᠭᠡᠶ ᠪᠣᠯ ᠮᠦ ᠪᠦᠷᠢ ᠠᠴᠠ 20 | ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠠᠮᠤᠭ ᠤᠨ | ᠥᠨᠳᠥᠷ ᠲᠡᠭᠡᠨ 10 ᠲᠦᠮᠡᠨ ᠲᠥᠭᠦᠷᠢᠭ ᠠᠴᠠ ᠳᠠᠪᠠᠭᠤᠯᠬᠤ ᠦᠭᠡᠶ᠃ | ᠬᠠᠶᠠᠭᠳᠠᠮᠠᠯ ᠰᠦᠯᠢᠶᠣᠣ ᠪᠦᠷᠬᠦᠪᠴᠢ ᠶᠢ ᠰᠢᠲᠠᠭᠠᠪᠠᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠢ | ᠠᠬᠤᠢ ᠶᠢᠨ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠦ ᠪᠦᠷᠢ 50 | ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠠᠮᠤᠭ | ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ | ᠬᠤᠷᠢᠳᠤᠭᠠᠷ ᠵᠣᠷᠪᠣᠰ᠂ ᠬᠤᠲᠠ᠂ ᠬᠤᠰᠢᠭᠤ ᠰᠢᠶᠠᠨ ᠤ ᠱᠠᠲᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠳ ᠨᠢ ᠰᠦᠯᠢᠶᠣᠣ ᠪᠦᠷᠬᠦᠪᠴᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠵᠢᠯ ᠤᠨ ᠳᠤᠮᠳᠠ᠂ ᠲᠣᠰ ᠲᠦᠷᠢᠮ ᠤᠨ ᠲᠣᠭᠲᠠᠭᠠᠯ ᠠᠴᠠ | ᠵᠥᠷᠢᠴᠡᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯ | ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠵᠠᠰᠠᠭ ᠤᠨ ᠶᠠᠪᠤᠳᠠᠯ ᠤᠨ | ᠰᠢᠳᠬᠡᠯ ᠥᠭᠭᠦᠨ᠎ᠡ᠃ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ︵ᠨᠢᠭᠡ︶ ᠢᠯᠡᠴᠢᠯᠡᠨ ᠮᠡᠳᠡᠭᠦᠯᠦᠭᠰᠡᠨ ᠪᠠ ᠵᠠᠭᠠᠯᠳᠤᠭᠰᠠᠨ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ᠃ | ︵ᠬᠤᠶᠠᠷ︶ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠶᠣᠰᠣᠲᠠᠢ ᠪᠠᠶᠢᠲᠠᠯ᠎ᠠ ᠦᠯᠦ ᠬᠢᠭᠰᠡᠨ᠃ | ︵ᠭᠤᠷᠪᠠ︶ ᠡᠳ᠋ ᠤᠨ ᠵᠠᠰᠠᠭ ᠤᠨ ᠪᠡᠯᠡ ᠮᠥᠩᠭᠦ ᠶᠢ ᠨᠡᠭᠦᠯᠭᠡᠨ ᠬᠡᠷᠡᠭᠯᠡᠭᠰᠡᠨ᠃ | ︵ᠳᠥᠷᠪᠡ︶ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠬᠠᠷᠢᠭᠤᠴᠠᠯᠭ᠎ᠠ | ᠪᠤᠶᠤ ᠪᠤᠰᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ ᠠᠴᠠ ᠪᠣᠯᠵᠣ | ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ᠃ | ︵ᠲᠠᠪᠤ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠰᠤᠳ ᠪᠠᠶᠢᠳᠠᠯ᠃ | ᠬᠤᠷᠢᠨ ᠨᠢᠭᠡᠳᠦᠭᠡᠷ ᠵᠣᠷᠪᠣᠰ᠂ ᠲᠣᠰ ᠲᠦᠷᠢᠮ ᠢ 2021 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠲᠦᠷᠢᠮ᠃ | |