ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠥᠪ ᠪᠦᠭᠦ ᠬᠤᠰᠢᠭᠤᠨ ᠤ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠲᠦᠢᠮᠡᠷ ᠢ ᠰᠡᠷᠭᠡᠶᠢᠯᠡᠬᠦ ᠡᠭᠦᠷᠭᠡ ᠭᠦᠢᠴᠡᠳᠬᠡᠵᠦ ᠪᠤᠢ
ᠨᠡᠶᠢᠲᠡᠯᠡᠭᠰᠡᠨ ᠴᠠᠭ᠄
2021/11/3
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠥᠪ ᠪᠦᠭᠦ ᠬᠤᠰᠢᠭᠤᠨ ᠤ ᠲᠦᠢᠮᠡᠷ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠲᠦᠢᠮᠡᠷ ᠢ ᠰᠡᠷᠭᠡᠶᠢᠯᠡᠬᠦ ᠡᠭᠦᠷᠭᠡ ᠭᠦᠢᠴᠡᠳᠬᠡᠵᠦ ᠪᠤᠢ  ᠵᠣᠬᠢᠶᠠᠭᠴᠢ᠄ ᠪᠦᠦ ᠯᠦᠩ᠂ ᠸᠠᠩ ᠱᠣ᠋ ᠸᠧᠨ ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ  11 ᠰᠠᠷ᠎ᠠ ᠶᠢᠨ 1 ᠤ ᠡᠳᠦᠷ᠂ ᠮᠠᠨ ᠤ ᠬᠤᠰᠢᠭᠤᠨ ᠤ ᠣᠢ ᠰᠢᠭᠤᠶ ᠶᠢᠨ ᠲᠦᠢᠮᠡᠷ ᠢ ᠰᠡᠷᠭᠡᠶᠢᠯᠡᠬᠦ ᠲᠥᠪ ᠤᠨ ᠬᠢᠨ ᠪᠦᠭᠦ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠶᠤᠯ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠦᠭᠦ  ᠲᠠᠯ᠎ᠠ ᠪᠠᠷ ᠶᠠᠪᠤᠭᠳᠠᠭᠤᠯᠵᠠᠢ᠃  ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠰᠢᠭᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠥᠪ ᠤᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠭᠡᠰᠢᠭᠦᠳ ᠭᠤᠤᠯᠳᠠᠯᠭ᠎ᠠ ᠲᠠᠢ ᠨᠣᠭᠤᠭᠠᠷᠠᠭᠤᠯᠤᠯᠲᠠ ᠶᠢᠨ ᠣᠷᠣᠨ ᠳᠤ ᠭᠠᠯ ᠰᠡᠷᠭᠡᠶᠢᠯᠡᠬᠦ ᠮᠡᠳᠡᠯᠭᠡ ᠶᠢᠨ ᠫᠠᠶᠢᠰᠠ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠬᠤᠰᠢᠭᠤ ᠡᠯᠭᠦᠬᠦ᠂ ᠬᠠᠭᠤᠷᠠᠶ ᠰᠢᠲᠠᠮᠠᠬᠠᠶ ᠪᠣᠳᠠᠰ ᠢ ᠠᠷᠢᠯᠭᠠᠬᠤ ᠵᠡᠷᠭᠡ ᠠᠵᠢᠯ ᠢ ᠥᠷᠨᠢᠭᠦᠯᠪᠡ᠃
 ᠣᠶᠢᠷ᠎ᠠ ᠶᠢᠨ ᠵᠢᠯ ᠳᠤ᠂ ᠮᠠᠨ ᠤ ᠬᠤᠰᠢᠭᠤᠨ ᠤ ᠠᠮᠢ ᠠᠬᠤᠶ ᠶᠢᠨ ᠰᠡᠷᠭᠦᠯᠲᠡ᠂ ᠨᠣᠭᠤᠭᠠᠷᠠᠭᠤᠯᠤᠯᠲᠠ ᠶᠢᠨ ᠲᠠᠯᠠᠪᠠᠶ ᠶᠢᠨ ᠨᠡᠮᠡᠭᠳᠡᠬᠦ ᠶᠢ ᠳᠠᠭᠠᠯᠳᠤᠨ᠂ ᠬᠤᠰᠢᠭᠤᠨ ᠤ ᠭᠠᠯ ᠰᠡᠷᠭᠡᠶᠢᠯᠡᠬᠦ ᠲᠥᠪ ᠤᠨ ᠬᠢᠨ ᠥᠩᠭᠡᠷᠡᠭᠰᠡᠨ ᠤ ᠬᠢ ᠠᠴᠠ ᠨᠠᠩ ᠴᠢᠩᠭ᠎ᠠ᠂ ᠨᠠᠩ ᠪᠣᠳᠠᠲᠠᠶ᠂ ᠨᠠᠩ ᠬᠦᠴᠦᠲᠡᠶ ᠠᠷᠭ᠎ᠠ ᠬᠡᠮᠵᠢᠶ᠎ᠡ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠬᠤᠷᠢᠭᠯᠠᠪᠠ᠃ ᠣᠳᠣᠬᠠᠨ ᠳᠤ ᠮᠠᠨ ᠤ ᠬᠤᠰᠢᠭᠤᠨ ᠤ ᠣᠢ ᠰᠢᠭᠤᠶ ᠶᠢᠨ ᠲᠦᠢᠮᠡᠷ ᠢ ᠰᠡᠷᠭᠡᠶᠢᠯᠡᠬᠦ ᠪᠠᠶᠢᠳᠠᠯ ᠮᠥᠨ ᠬᠦ ᠲᠦᠢᠯ ᠤᠨ ᠬᠦᠨᠳᠦ ᠬᠡᠴᠡᠭᠦᠦ ᠪᠠᠶᠢᠵᠤ᠂ ᠲᠦᠢᠮᠡᠷ ᠢ ᠰᠡᠷᠭᠡᠶᠢᠯᠡᠬᠦ ᠣᠷᠭᠢᠯ ᠤᠨ ᠬᠤᠭᠤᠴᠠᠭᠠᠨ ᠳᠤ ᠠᠯᠢᠪᠠ ᠨᠢᠭᠡᠴᠡ ᠪᠣᠯᠤᠨ ᠬᠤᠪᠢ ᠬᠥᠮᠦᠨ ᠬᠦᠵᠢ ᠶᠢᠨ ᠵᠤᠯᠠ᠂ ᠭᠦᠨ ᠴᠠᠭᠠᠰᠤ᠂ ᠫᠤᠤᠵᠢᠩ ᠵᠡᠷᠭᠡ ᠨᠣᠴᠣᠮᠠᠲᠠᠭᠠᠶ ᠪᠣᠳᠠᠰ ᠢ ᠭᠠᠯ ᠰᠡᠷᠭᠡᠶᠢᠯᠡᠯᠲᠡ ᠶᠢᠨ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠲᠦᠢᠮᠡᠷ ᠢ ᠰᠡᠷᠭᠡᠶᠢᠯᠡᠬᠦ ᠰᠡᠷᠭᠡᠶᠢᠯᠡᠯᠲᠡ ᠶᠢᠨ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠲᠥᠪ ᠤᠨ ᠠᠵᠢᠯᠲᠠᠳ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠣᠷᠣᠬᠤ ᠡᠭᠦᠳᠡᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠪᠠᠶᠢᠭᠤᠯᠵᠤ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠬᠡᠭᠡᠷ᠎ᠡ ᠶᠢᠨ ᠭᠠᠯ ᠤᠨ ᠢᠷᠡᠯᠲᠡ ᠶᠢ ᠵᠠᠬᠢᠷᠤᠨ ᠬᠠᠮᠢᠶᠠᠷᠬᠤ ᠪᠠᠷ ᠭᠤᠤᠯᠳᠠᠯᠭ᠎ᠠ ᠪᠣᠯᠭᠠᠭᠰᠠᠨ ᠲᠣᠭᠤᠷᠢᠨ ᠴᠠᠭᠳᠠᠬᠤ ᠠᠵᠢᠯ ᠢ ᠥᠷᠨᠢᠭᠦᠯᠵᠦ᠂ ᠭᠠᠯ ᠤᠨ ᠢᠷᠡᠯᠲᠡ ᠶᠢ ᠡᠷᠡᠰ ᠢᠶᠠᠷ ᠬᠠᠮᠢᠶᠠᠷᠤᠨ᠎ᠠ᠃ ᠲᠣᠭᠲᠠᠭᠠᠯ ᠠᠴᠠ ᠵᠥᠷᠢᠴᠡᠨ ᠭᠠᠯ ᠤᠨ ᠠᠶᠤᠯ ᠭᠠᠷᠭᠠᠭᠰᠠᠨ ᠪᠣᠯ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠴᠢᠩᠭ᠎ᠠ ᠪᠥᠭᠡᠳ ᠲᠦᠷᠭᠡᠨ᠂ ᠬᠦᠨᠳᠦ ᠪᠠᠷ ᠰᠢᠢᠳᠪᠤᠷᠢᠯᠡᠬᠦᠯᠬᠦ ᠬᠡᠷᠡᠭᠲᠡᠶ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号