ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠳᠥᠷᠪᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠬᠤᠷᠠᠯ ᠬᠤᠷᠠᠯᠳᠤᠭᠤᠯᠪᠠ | ᠵᠣᠬᠢᠶᠠᠭᠴᠢ᠄ ᠰᠦᠯᠳᠡ᠂ ᠯᠢᠨᠠ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 11 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠪᠠᠶᠢᠩᠬᠤ ᠶᠢᠨ ᠳᠡᠳ᠋ ᠳᠠᠷᠤᠭ᠎ᠠ ᠯᠢ ᠱᠣ᠋ ᠸᠧᠶ ᠪᠦᠭᠦ ᠬᠤᠰᠢᠭᠤᠨ ᠤ 2021 ᠣᠨ ᠤ ᠳᠥᠷᠪᠡᠳᠦᠭᠡᠷ | ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ | ᠵᠠᠰᠠᠭ ᠤᠨ ᠣᠷᠳᠣᠨ ᠤ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠯᠭ᠎ᠠ ᠶᠢᠨ ᠬᠤᠪᠢᠶᠠᠷᠢ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ | ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠡᠯ᠎ᠡ ᠰᠤᠮᠤ | ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠯᠢ ᠱᠣ᠋ ᠸᠧᠶ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ︽ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ | ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ᠂ ᠭᠦᠨ ᠬᠥᠪ ᠲᠤ ᠬᠦᠷᠦᠭᠰᠡᠨ ᠮᠡᠲᠦ ᠣᠶᠤᠨ ᠰᠠᠨᠠᠭᠠᠨ ᠤ ᠳᠦᠷᠰᠦ | ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ | ᠬᠢᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠨᠠᠷᠢᠨ ᠨᠢᠮᠪᠠᠶ ᠲᠣᠬᠢᠷᠠᠭᠤᠯᠵᠤ᠂ ᠨᠠᠷᠢᠨ ᠨᠢᠮᠪᠠᠶ | ᠪᠠᠶᠢᠷᠢᠯᠠᠭᠤᠯᠵᠤ᠂ ᠡᠯ᠎ᠡ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠤᠯᠠᠮ ᠨᠢᠭᠡ ᠠᠯᠬᠤᠮ | ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠵᠦ᠂ ᠣᠳᠣᠬᠠᠨ ᠤ ᠠᠵᠢᠯ ᠤᠨ ᠳᠤᠮᠳᠠᠬᠢ ᠳᠤᠪᠤᠶᠢᠮ᠎ᠠ ᠠᠰᠠᠭᠤᠳᠠᠯ | ᠪᠠ ᠪᠠᠭᠤᠷᠠᠶ ᠭᠤᠭᠴᠤᠭ᠎ᠠ ᠶᠢ ᠨᠠᠷᠢᠨ ᠬᠢᠨᠠᠮᠠᠭᠠᠶ ᠪᠠᠶᠢᠴᠠᠭᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠴᠢᠩᠭ᠎ᠠ | ᠰᠡᠷᠭᠡᠶᠢᠯᠡᠨ᠂ ᠡᠯ᠎ᠡ ᠲᠦᠷᠦᠯ ᠤᠨ ᠠᠵᠢᠯ ᠢ ᠪᠣᠳᠠᠲᠠᠶᠢᠵᠢᠭᠤᠯᠵᠤ᠂ ᠨᠠᠷᠢᠨ ᠨᠢᠮᠪᠠᠶ ᠬᠢᠵᠦ᠂ ᠪᠣᠳᠠᠲᠠᠶ ᠪᠠᠷ | ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠪᠦᠭᠦ | ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠪᠦᠭᠦ | ᠬᠦᠴᠦᠨ ᠢᠶᠠᠷ ᠢᠶᠠᠨ ᠬᠠᠮᠠᠭᠠᠯᠠᠨ᠎ᠠ᠃ ᠬᠦᠴᠦᠲᠡᠶ ᠠᠷᠭ᠎ᠠ ᠬᠡᠮᠵᠢᠶ᠎ᠡ ᠠᠪᠴᠤ ᠠᠮᠤᠷ ᠲᠦᠪᠰᠢᠨ ᠤ ᠠᠳᠡᠯ ᠢ ᠡᠷᠡᠰ | ᠰᠡᠷᠭᠡᠶᠢᠯᠡᠨ ᠬᠤᠷᠢᠭᠯᠠᠵᠤ᠂ ᠠᠶᠤᠯᠭᠦᠶ ᠤᠶᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ | ᠭᠦᠨᠵᠡᠭᠡᠶ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠶᠤᠯᠭᠦᠶ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠶᠤᠯᠭᠦᠶ ᠤᠶᠢᠯᠡᠳᠪᠤᠷᠢᠯᠡᠯ ᠤᠨ ᠡᠯ᠎ᠡ ᠵᠤᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ |