ᠵᠠᠩ ᠵᠢᠶᠠᠨ ᠪᠢᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ | ᠡᠷᠭᠢᠯᠡᠨ ᠬᠤᠷᠠᠯᠳᠤᠭᠤᠯᠪᠠ | ᠵᠣᠬᠢᠶᠠᠭᠴᠢ᠄ ᠰᠦᠯᠳᠡ᠂ ᠯᠢᠨᠠ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 11 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠣᠷᠣᠯᠠᠭᠴᠢ ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤᠳᠤᠷᠢᠳᠤᠯᠭ᠎ᠠ ᠸᠠᠩ ᠵᠢᠶ ᠴᠧᠩ᠂ ᠯᠢ ᠱᠣ᠋ ᠸᠧᠶ᠂ ᠵᠠᠩ | ᠰᠢᠤ ᠴᠢᠩ᠂ ᠵᠠᠩ ᠬᠠᠶ ᠬᠤᠩ᠂ ᠯᠢᠦ ᠸᠧᠨ ᠬᠤᠶ᠂ ᠵᠧᠩ ᠵᠢᠶᠦ᠋ᠨ᠂ ᠳᠡᠯᠭᠡᠷ᠂ ᠬᠤᠤ ᠰᠢᠶᠤᠤ ᠫᠢᠩ᠂ | ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠰᠢᠭᠦᠬᠦ ᠬᠤᠷᠢᠶ᠎ᠠ | ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | ᠬᠤᠷᠠᠯ ᠠᠴᠠ 12 ᠬᠤᠯᠪᠣᠭᠳᠠᠯ ᠪᠦᠬᠦᠢ ᠨᠢᠭᠡᠴᠢ ᠶᠢᠨ ᠲᠤᠰ ᠰᠠᠯᠠᠭ᠎ᠠ ᠮᠥᠴᠢᠷ ᠤᠨ ᠢᠶᠠᠨ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠢ ᠬᠠᠮᠲᠤ ᠪᠠᠷ ᠵᠠᠳᠠᠯᠤᠨ ᠰᠤᠳᠤᠯᠵᠤ ᠮᠠᠭᠠᠳᠯᠠᠭᠠᠳ᠂ ᠬᠡᠷᠡᠭ ᠨᠢᠭᠡᠪᠦᠷᠢ ᠳᠤ ᠠᠩᠬ᠎ᠠ | ᠠᠯᠬᠤᠮ ᠤᠨ ᠰᠢᠢᠳᠪᠤᠷᠢᠯᠡᠬᠦ ᠰᠠᠨᠠᠯ ᠢ ᠪᠤᠢ ᠪᠣᠯᠭᠠᠪᠠ᠃ | | | | | ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠪᠠᠴᠢᠮ | ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠪᠦᠬᠦ | ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠪᠣᠯᠤᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ ᠲᠠᠨᠢᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠬᠤᠷᠴᠠ | ᠰᠡᠷᠭᠡᠭ ᠴᠢᠨᠠᠷ ᠪᠠ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠨᠠᠩ ᠶᠡᠭᠡ ᠡᠷᠴᠢᠮ᠂ ᠨᠠᠩ ᠪᠣᠳᠠᠲᠠᠶ | ᠠᠷᠭ᠎ᠠ ᠬᠡᠮᠵᠢᠶ᠎ᠡ ᠪᠠᠷ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠥᠬᠦ | ᠬᠤᠰᠢᠭᠤᠨ ᠤ ᠬᠢᠯᠪᠠᠷ ᠪᠤᠰᠤ ᠪᠠᠷ ᠢᠷᠡᠭᠰᠡᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠶᠢ | ᠰᠠᠶᠢᠲᠤᠷ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠦᠨᠡᠨᠬᠦ ᠪᠠᠬᠢᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠪᠠ ᠰᠠᠯᠠᠭ᠎ᠠ | ᠮᠥᠴᠢᠷ ᠤᠳ ᠵᠠᠪᠠᠯ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ︽ | ᠭᠤᠷᠪᠠ ᠶᠢ ᠪᠣᠳᠠᠲᠠᠶᠢᠵᠢᠭᠤᠯᠵᠤ᠂ ᠨᠢᠭᠡ ᠶᠢ ᠰᠢᠢᠳᠪᠤᠷᠢᠯᠡᠬᠦ︾ ᠱᠠᠭᠠᠷᠳᠠᠯᠭ᠎ᠠ ᠶᠣᠰᠣᠭᠠᠷ᠂ ᠵᠠᠬᠢᠳᠠᠯ | ᠰᠤᠷᠪᠤᠯᠵᠢᠯᠠᠭ᠎ᠠ ᠶᠢᠨ ᠵᠤᠶᠢᠯᠡᠰ ᠢ ᠬᠡᠷᠡᠭ ᠶᠠᠪᠤᠳᠠᠯ ᠢ ᠳᠠᠭᠤᠰᠬᠠᠬᠤ᠂ ᠵᠠᠬᠢᠳᠠᠯ ᠰᠤᠷᠪᠤᠯᠵᠢᠯᠠᠭ᠎ᠠ ᠬᠢᠭᠰᠡᠳ | ᠵᠠᠭᠠᠯᠳᠤᠯᠭ᠎ᠠ ᠪᠠᠨ ᠵᠣᠭᠰᠣᠭᠠᠵᠤ ᠰᠤᠷᠪᠤᠯᠵᠢᠯᠠᠭ᠎ᠠ ᠬᠢᠬᠦ ᠪᠠᠨ ᠵᠣᠭᠰᠣᠭᠠᠬᠤ ᠪᠠᠷ ᠬᠠᠷᠠᠯᠲᠠ ᠪᠣᠯᠭᠠᠵᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠤᠰᠢᠶᠠᠨ ᠰᠢᠢᠳᠪᠤᠷᠢᠯᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ | ᠵᠤᠶᠢᠯᠡᠰ ᠪᠠ ᠣᠷᠣᠨ ᠬᠤᠲᠠ ᠳᠤ ᠬᠦᠷᠴᠦ ᠵᠠᠬᠢᠳᠠᠯ ᠰᠤᠷᠪᠤᠯᠵᠢᠯᠠᠭ᠎ᠠ ᠶᠢᠨ ᠵᠦᠶ᠋ᠯᠡᠰ ᠢ ᠰᠢᠢᠳᠪᠤᠷᠢᠯᠡᠬᠦ ᠠᠵᠢᠯ ᠢ | ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠦᠯᠡᠳᠡᠭᠡᠯ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠪᠠᠭᠠᠰᠬᠠᠨ | ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠨᠠᠮᠳᠠᠭᠤᠯᠤᠨ ᠰᠢᠢᠳᠪᠦᠷᠢᠯᠡᠬᠦ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠪᠣᠯᠤᠨ ᠰᠤᠮᠤ ᠰᠢᠶᠠᠩ | ᠪᠠᠯᠭᠠᠰᠤ ᠨᠢ ᠪᠠᠶᠢᠴᠠᠭᠠᠨ ᠭᠠᠷᠭᠠᠬᠤ᠂ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠳᠣᠷᠣᠭᠰᠢ ᠪᠠᠭᠤᠵᠤ | ᠰᠤᠷᠪᠤᠯᠵᠢᠯᠠᠬᠤ᠂ ᠢᠳᠬᠠᠨ ᠪᠤᠴᠠᠭᠠᠬᠤ᠂ ᠠᠷᠢᠯᠭᠠᠬᠤ᠂ ᠰᠢᠢᠳᠪᠤᠷᠢᠯᠡᠬᠦ ᠡᠯ᠎ᠡ ᠵᠠᠩᠭᠢᠯᠠᠭ᠎ᠠ ᠠᠴᠠ ᠠᠵᠢᠯ ᠤᠨ | ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠵᠤ᠂ ᠡᠷᠬᠡᠪᠰᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠶ᠃ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠭ᠎ᠠ ᠶᠢ | ᠭᠥᠯᠢᠶᠡᠨ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠥᠯᠢᠶᠡᠨ ᠠᠪᠴᠤ ᠢᠳᠬᠠᠨ ᠠᠪᠴᠢᠷᠠᠬᠤ ᠠᠵᠢᠯ ᠢ | ᠬᠠᠤᠯᠢ ᠶᠣᠰᠣᠭᠠᠷ ᠥᠷᠨᠢᠭᠦᠯᠵᠦ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠤᠷᠢᠯᠡᠬᠦ ᠠᠵᠢᠯ ᠢ ᠴᠢᠩᠭᠠᠳᠬᠠᠬᠤ | ᠬᠡᠷᠡᠭᠲᠡᠶ᠃ |