ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠪᠥᠬᠦ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ | ᠵᠣᠬᠢᠶᠠᠭᠴᠢ᠄ ᠰᠦᠨ ᠶᠢᠩ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 11 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠪᠦᠭᠦ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠣ ᠮᠢᠩ ᠷᠤ᠋ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ ᠪᠢᠨ᠂ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠹᠦ᠋᠂ ᠬᠤᠰᠢᠭᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠣᠷᠣᠯᠠᠭᠴᠢ ᠡᠷᠬᠢᠯᠡᠭᠴᠢ ᠸᠠᠩ ᠵᠢᠶ ᠴᠧᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠬᠠᠶ ᠬᠤᠩ᠂ ᠬᠤᠰᠢᠭᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠯᠢᠦ ᠸᠧᠨ ᠬᠤᠶ᠂ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ | ᠹᠧᠩ ᠮᠢᠩ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠵᠧᠩ ᠵᠢᠶᠦ᠋ᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠯᠦᠸᠧ ᠰᠢᠤᠢ ᠪᠢᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᡁᠢ | ᠷᠦᠩ ᠵᠢᠴᠢ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠵᠠᠶ᠃ | | | | | ᠬᠤᠷᠠᠯ ᠠᠴᠠ ᠡᠯ᠎ᠡ ᠰᠣᠩᠭᠤᠭᠤᠯᠢ ᠶᠢᠨ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢᠨ ᠨᠡᠷᠡᠰ ᠢ ᠰᠣᠨᠣᠰᠤᠨ ᠬᠢᠨᠠᠨ ᠵᠥᠪᠯᠡᠵᠦ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠩᠬ᠎ᠠ ᠠᠯᠬᠤᠮ ᠤᠨ ᠵᠢᠱᠢᠭᠳᠡᠭᠴᠢ ᠶᠢᠨ ᠨᠡᠷᠡᠰ ᠢ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠳᠤ ᠳᠤᠰᠢᠶᠠᠪᠠ᠃ | ᠼᠦᠢ ᠶᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠵᠢᠯᠣᠭᠤᠳᠬᠤ ᠦᠵᠡᠯ ᠰᠠᠨᠠᠭ᠎ᠠ᠂ ᠭᠤᠣᠯ ᠡᠭᠦᠷᠭᠡ ᠪᠣᠯᠤᠨ ᠦᠨᠳᠦᠰᠦᠨ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳᠴᠢᠯᠠᠯ ᠢ ᠭᠦᠢᠴᠡᠳ ᠪᠠᠳᠠᠷᠠᠭᠤᠯᠬᠤ ᠪᠠ ᠬᠠᠤᠯᠢ ᠶᠢ ᠴᠢᠩᠭ᠎ᠠ | ᠵᠢᠷᠤᠮᠯᠠᠨ ᠰᠣᠩᠭᠤᠭᠤᠯᠢ ᠶᠠᠪᠤᠭᠤᠯᠬᠤ ᠶᠢ ᠪᠦᠬᠦ ᠶᠠᠪᠤᠴᠠ ᠳᠤ ᠲᠤᠤᠱᠯᠠᠭᠤᠯᠵᠤ᠂ ᠡᠯ᠎ᠡ ᠵᠦᠢᠯ ᠤᠨ ᠠᠵᠢᠯ ᠤᠨ | ᠵᠢᠯᠤᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠢ | ᠲᠣᠳᠣᠷᠬᠠᠢ ᠪᠣᠯᠭᠠᠵᠤ᠂ ᠬᠠᠷᠢᠯᠴᠠᠨ ᠬᠠᠮᠵᠢᠯᠴᠠᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠳᠡᠭᠡᠳᠦ | ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ᠂ ᠯᠠᠪᠳᠠᠭᠤᠨ ᠪᠠᠲᠤᠲᠠᠢ ᠪᠦᠲᠦᠮᠵᠢᠲᠡᠢ ᠰᠤᠷᠲᠠᠯ ᠢᠶᠠᠷ ᠲᠤᠰ | ᠤᠳᠠᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠬᠤᠭᠤᠴᠠᠭ᠎ᠠ ᠰᠣᠯᠢᠬᠤ ᠰᠣᠩᠭᠤᠭᠤᠯᠢ ᠪᠠᠷ ᠳᠠᠮᠵᠢᠨ ᠰᠢᠨ᠎ᠡ ᠡᠩᠨᠡᠭᠡ᠂ ᠰᠢᠨ᠎ᠡ ᠳᠦᠷᠰᠦ ᠪᠠᠶᠢᠳᠠᠯ᠂ ᠰᠢᠨ᠎ᠡ | ᠠᠮᠢᠵᠢᠷᠠᠯ ᠤᠨ ᠬᠦᠴᠦᠨ ᠲᠠᠢ ᠪᠣᠯᠬᠤ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠠᠶᠠᠨ ᠢᠶᠠᠨ ᠡᠬᠢᠯᠡᠭᠦᠯᠬᠦ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |