ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠣᠭᠲᠠᠭᠠᠯ ᠠᠴᠠ ᠵᠥᠷᠢᠴᠡᠭᠰᠡᠨ ᠲᠦᠷᠦᠯ ᠵᠦᠢᠯ ᠢ ᠪᠣᠯᠵᠣᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2021/11/3
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠣᠭᠲᠠᠭᠠᠯ ᠠᠴᠠ ᠵᠥᠷᠢᠴᠡᠭᠰᠡᠨ ᠲᠦᠷᠦᠯ ᠵᠦᠢᠯ ᠢ ᠪᠣᠯᠵᠣᠨ ᠶᠠᠷᠢᠯᠴᠠᠬᠤ ᠬᠤᠷᠠᠯ ᠬᠢᠪᠡ ᠵᠣᠬᠢᠶᠠᠭᠴᠢ᠄ ᠯᠢ ᠰᠢᠤᠸᠠᠨ᠂ ᠯᠦ ᠱᠦ ᠫᠧᠩ ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ  11 ᠰᠠᠷ᠎ᠠ ᠶᠢᠨ 2 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠣᠭᠲᠠᠭᠠᠯ ᠠᠴᠠ ᠵᠥᠷᠢᠴᠡᠭᠰᠡᠨ ᠲᠥᠷᠥᠯ ᠵᠤᠶᠢᠯ ᠤᠨ ᠲᠤᠬᠠᠶ ᠪᠣᠯᠵᠣᠨ ᠶᠠᠷᠢᠯᠴᠠᠬᠤ ᠬᠤᠷᠠᠯ ᠬᠢᠵᠦ᠂ ᠣᠳᠣᠨ ᠪᠥᠮᠪᠥᠷᠴᠡᠭ ᠤᠨ ᠰᠢᠨ᠎ᠡ ᠮᠠᠲ᠋ᠧᠷᠢᠶᠠᠯ᠂ ᠰᠢᠨ ᠶᠤᠸᠠᠨ ᠪᠠᠯ ᠴᠢᠯᠠᠭᠤᠨ ᠠᠯᠺᠤᠨ᠂ ᠺᠤᠨ᠋ᠳᠠᠲ ᠰᠢᠨ᠎ᠡ ᠮᠠᠲ᠋ᠧᠷᠢᠶᠠᠯ᠂ ᠮᠤᠩ ᠵᠢᠶ ᠰᠢᠨ᠎ᠡ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠢ ᠷᠧᠨ ᠰᠢᠨ᠎ᠡ ᠮᠠᠲ᠋ᠧᠷᠢᠶᠠᠯ᠂ ᠪᠠᠶᠢᠭᠤᠯᠤᠭᠰᠠᠨ ᠰᠢᠨ᠎ᠡ ᠮᠠᠲ᠋ᠧᠷᠢᠶᠠᠯ᠂ ᠹᠤᠩ ᠬᠤᠶ ᠰᠢᠨ᠎ᠡ ᠮᠠᠲ᠋ᠧᠷᠢᠶᠠᠯ᠂ ᠶᠢᠨ ᠢ ᠰᠢᠨ᠎ᠡ ᠮᠠᠲ᠋ᠧᠷᠢᠶᠠᠯ᠂ ᠰᠢᠨ ᠳ᠋ᠧ ᠮᠠ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠺᠧ ᠳᠤ ᠬᠢᠮᠢ ᠶᠢᠨ ᠠᠵᠤ ᠤᠶᠢᠯᠡᠳᠪᠤᠷᠢ ᠵᠡᠷᠭᠡ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠭᠠᠷ ᠬᠦᠢᠴᠡᠳᠬᠡᠯ ᠨᠢ ᠪᠦᠷᠢᠨ ᠪᠤᠰᠤ ᠪᠥᠭᠡᠳ ᠵᠢᠯ ᠳᠤ 5000 ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢ ᠡᠨᠧᠷᠭᠢ ᠶᠢᠨ ᠬᠤᠷᠣᠭᠳᠠᠯ ᠲᠠᠢ ᠲᠣᠭᠲᠠᠭᠠᠯ ᠠᠴᠠ ᠵᠥᠷᠢᠴᠡᠭᠰᠡᠨ 10 ᠲᠥᠷᠥᠯ ᠵᠤᠶᠢᠯ ᠤᠨ ᠲᠤᠬᠠᠶ ᠪᠣᠯᠵᠣᠨ ᠶᠠᠷᠢᠯᠴᠠᠵᠠᠶ᠃ ᠬᠤᠷᠠᠯ ᠢ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠤ᠋ ᠶᠠᠨ ᠹᠧᠩ ᠡᠷᠭᠢᠯᠡᠵᠡᠶ᠃ ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠤᠶᠢᠯᠡᠳᠪᠤᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ  ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ 10 ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠶᠢᠯᠡᠳᠪᠤᠷᠢᠯᠡᠯ ᠵᠣᠭᠰᠣᠭᠰᠠᠨ ᠬᠤᠭᠤᠴᠠᠭᠠᠨ ᠳᠤ ᠡᠨᠧᠷᠭᠢ ᠶᠢᠨ ᠦᠨᠡᠯᠡᠯᠲᠡ ᠶᠢᠨ ᠭᠠᠷ ᠬᠦᠢᠴᠡᠳᠬᠡᠯ ᠢ ᠲᠡᠭᠦᠯᠳᠡᠷᠵᠢᠭᠦᠯᠬᠦ᠂ ᠤᠶᠢᠯᠡᠳᠪᠤᠷᠢᠯᠡᠯ ᠢᠶᠠᠨ ᠡᠬᠢᠯᠡᠭᠦᠯᠦᠭᠰᠡᠨ ᠤ ᠳᠠᠷᠠᠭ᠎ᠠ ᠪᠥᠬᠦ ᠬᠤᠰᠢᠭᠤᠨ ᠤ ᠡᠨᠧᠷᠭᠢ ᠶᠢᠨ ᠬᠤᠷᠣᠭᠳᠠᠯ ᠤᠨ ᠲᠥᠰᠦᠪ ᠤᠨ ᠬᠠᠮᠢᠶᠠᠷᠤᠯᠲᠠ ᠶᠢ ᠴᠢᠩᠭ᠎ᠠ ᠵᠢᠷᠤᠮᠯᠠᠨ ᠬᠡᠷᠡᠭᠵᠢᠭᠦᠯᠦᠭᠰᠡᠨ ᠵᠡᠷᠭᠡ ᠪᠠᠶᠢᠳᠠᠯ ᠤᠨ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠲᠣᠭᠲᠠᠭᠠᠯ ᠠᠴᠠ ᠵᠥᠷᠢᠴᠡᠭᠰᠡᠨ ᠲᠥᠷᠥᠯ ᠵᠤᠶᠢᠯ ᠳᠤ ᠵᠣᠬᠢᠬᠤ ᠱᠠᠭᠠᠷᠳᠠᠯᠭ᠎ᠠ ᠳᠤᠷᠠᠳᠴᠠᠶ᠃  ᠬᠤ᠋ ᠶᠠᠨ ᠹᠧᠩ ᠵᠢᠭᠠᠵᠤ ᠭᠠᠷᠭᠠᠭᠰᠠᠨ ᠨᠢ᠂ ᠥᠨᠥᠳᠦᠷ ᠤᠨ ᠬᠤᠷᠠᠯ ᠪᠣᠯ ᠲᠣᠭᠲᠠᠭᠠᠯ ᠠᠴᠠ ᠵᠥᠷᠢᠴᠡᠭᠰᠡᠨ ᠵᠤᠶᠢᠯᠡᠰ ᠤᠨ ᠭᠠᠷ ᠬᠦᠢᠴᠡᠳᠭᠡᠯ ᠢ ᠲᠡᠭᠦᠯᠳᠡᠷᠵᠢᠭᠦᠯᠬᠦ ᠶᠢ ᠠᠬᠢᠭᠤᠯᠬᠤ ᠵᠠᠯᠬᠠᠭᠠᠨ ᠴᠡᠭᠡᠷᠯᠡᠭᠦᠯᠬᠦ ᠬᠤᠷᠠᠯ ᠮᠥᠨ ᠪᠥᠭᠡᠳ ᠪᠠᠰᠠ ᠴᠤ ᠠᠵᠤ ᠤᠶᠢᠯᠡᠳᠪᠤᠷᠢ ᠶᠢᠨ ᠠᠵᠤ ᠠᠬᠤᠶᠢᠯᠠᠯ ᠤᠨ ᠰᠢᠨ᠎ᠡ ᠪᠠᠶᠢᠳᠠᠯ ᠤᠨ ᠬᠥᠭᠵᠢᠯᠲᠡ ᠳᠤ ᠬᠡᠷᠬᠢᠨ ᠨᠠᠩ ᠰᠠᠶᠢᠨ ᠵᠣᠬᠢᠴᠠᠬᠤ ᠶᠢ ᠠᠬᠢᠭᠤᠯᠬᠤ ᠰᠣᠯᠢᠯᠴᠠᠭᠠᠨ ᠤ ᠶᠠᠷᠢᠯᠴᠠᠬᠤ ᠬᠤᠷᠠᠯ ᠮᠥᠨ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ ᠣᠳᠣᠬᠠᠨ ᠤ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠠᠵᠢᠯ ᠪᠠᠴᠢᠮ ᠪᠣᠯᠵᠣ ᠪᠠᠶᠢᠭ᠎ᠠ ᠪᠠᠶᠢᠳᠠᠯ ᠢ ᠬᠦᠢᠴᠡᠳ ᠲᠠᠨᠢᠵᠤ᠂ ᠲᠣᠰ ᠤᠳᠠᠭᠠᠨ ᠤ ᠪᠣᠯᠵᠣᠨ ᠶᠠᠷᠢᠯᠴᠠᠬᠤ ᠳᠤ ᠬᠢᠨᠠᠮᠠᠭᠠᠶ ᠬᠠᠨᠳᠤᠵᠤ᠂ ᠣᠪᠣᠷ ᠢᠶᠠᠨ ᠲᠥᠪ ᠪᠣᠯᠭᠠᠨ᠂ ᠰᠡᠳᠬᠢᠴᠡ ᠪᠠᠨ ᠲᠥᠪ ᠪᠣᠯᠭᠠᠵᠤ᠂ ᠠᠵᠤ ᠠᠬᠤᠶᠢᠯᠠᠯ ᠤᠨ ᠰᠢᠯᠭᠠᠷᠠᠭᠤᠯᠵᠤ ᠳᠡᠶᠢᠯᠬᠦ ᠭᠠᠷ ᠬᠦᠢᠴᠡᠳᠬᠡᠯ ᠢ ᠲᠡᠭᠦᠯᠳᠡᠷᠵᠢᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠬᠤ᠋ ᠶᠠᠨ ᠹᠧᠩ᠂ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠨᠠᠶᠢᠷᠠᠮᠳᠠᠯ ᠤᠨ ᠲᠤᠬᠠᠢ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠨᠠᠶᠢᠷᠠᠮᠳᠠᠯ ᠢ ᠪᠡᠶᠡᠯᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠠᠵᠤ ᠠᠬᠤᠶᠢᠯᠠᠯ ᠨᠢ ᠡᠨᠧᠷᠭᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠳᠠᠬᠢᠨ ᠰᠢᠨ᠎ᠡ ᠪᠠᠷ ᠲᠥᠰᠦᠭᠡᠯᠡᠨ ᠪᠤᠳᠤᠵᠤ᠂ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠮᠠᠭᠠᠶ ᠡᠮᠬᠢᠯᠡᠵᠦ᠂ ᠡᠨᠧᠷᠭᠢ ᠶᠢᠨ ᠦᠨᠡᠯᠡᠯᠲᠡ ᠶᠢᠨ ᠮᠡᠳᠡᠭᠦᠯᠦᠯᠲᠡ ᠳᠠᠬᠢ ᠡᠯ᠎ᠡ ᠵᠤᠶᠢᠯ ᠤᠨ ᠲᠤᠭ᠎ᠠ ᠪᠠᠷᠢᠮᠲᠠ ᠨᠢ ᠠᠵᠤ ᠠᠬᠤᠶᠢᠯᠠᠯ ᠤᠨ ᠲᠣᠰ ᠪᠡᠶ᠎ᠡ ᠶᠢᠨ ᠪᠣᠳᠠᠲᠠᠶ ᠲᠠᠢ ᠨᠡᠶᠢᠴᠡᠬᠦ ᠮᠥᠷᠲᠡᠭᠡᠨ ᠪᠠᠰᠠ ᠤᠯᠤᠰ ᠤᠨ ᠠᠵᠢᠯ ᠲᠥᠷᠥᠯ ᠤᠨ ᠪᠠᠷᠢᠮᠵᠢᠶ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠳ ᠤᠯᠤᠰ ᠤᠨ ᠠᠵᠢᠯ ᠲᠥᠷᠥᠯ ᠤᠨ ᠪᠠᠷᠢᠮᠵᠢᠶ᠎ᠠ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠠᠷᠢᠮᠵᠢᠶ᠎ᠠ ᠲᠠᠢ ᠬᠠᠷᠭᠤᠭᠤᠯᠵᠤ᠂  ᠤᠶᠢᠯᠡᠳᠪᠤᠷᠢᠯᠡᠯ ᠤᠨ ᠤᠷᠠᠨ ᠮᠡᠷᠭᠡᠰᠢᠯ᠂ ᠤᠶᠢᠯᠡᠳᠪᠤᠷᠢᠯᠡᠯ ᠤᠨ ᠮᠡᠷᠭᠡᠵᠢᠯ ᠤᠨ ᠰᠢᠨᠡᠴᠢᠯᠡᠯᠲᠡ ᠶᠢ ᠴᠢᠩᠭᠠᠳᠬᠠᠵᠤ᠂ ᠨᠢᠭᠡᠴᠢ ᠤᠶᠢᠯᠡᠳᠬᠦᠨ ᠤ ᠡᠨᠧᠷᠭᠢ ᠶᠢᠨ ᠬᠤᠷᠣᠭᠳᠠᠯ ᠢ ᠴᠢᠩᠭ᠎ᠠ ᠬᠢᠵᠠᠭᠠᠷᠯᠠᠵᠤ᠂ ᠬᠠᠮᠤᠭ ᠤᠨ ᠪᠠᠭ᠎ᠠ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠥᠷᠲᠡᠭ ᠢ ᠡᠭᠦᠳᠬᠦ ᠪᠠᠷ ᠴᠢᠷᠮᠠᠶᠢᠬᠤ ᠬᠡᠷᠡᠭᠲᠡᠶ᠃ ᠡᠭᠦᠨ ᠤ ᠵᠡᠷᠭᠡᠴᠡᠭᠡᠪᠡᠷ ᠰᠢᠨ᠎ᠡ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠬᠠᠮᠢᠶᠠᠷᠤᠯᠲᠠ ᠶᠢᠨ ᠰᠢᠰᠲ᠋ᠧᠮ ᠢ ᠲᠣᠭᠲᠠᠭᠠᠬᠤ ᠬᠡᠷᠡᠭᠲᠡᠶ᠃ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠪᠣᠭᠤᠮᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠪᠠᠲᠤ ᠡᠵᠡᠮᠳᠡᠬᠦ ᠬᠡᠷᠡᠭᠲᠡᠶ᠃ ᠡᠭᠦᠨ ᠤ ᠬᠠᠮᠲᠤ᠂  ᠤᠶᠢᠯᠡᠴᠢᠯᠡᠬᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠵᠣᠬᠢᠴᠠᠭᠤᠯᠵᠤ ᠪᠠᠶᠢᠭᠠᠳ ᠬᠠᠮᠢᠶ᠎ᠠ ᠪᠥᠬᠦᠶ ᠭᠠᠷᠳᠠᠮ ᠢ ᠨᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠭᠰᠡᠨ ᠤᠶᠢᠯᠡᠳᠪᠤᠷᠢᠯᠡᠯ ᠢ ᠪᠡᠶᠡᠯᠡᠭᠦᠯᠬᠦ ᠶᠢ ᠬᠠᠪᠰᠤᠷᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号