ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/11/3
ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠪᠠ ᠵᠣᠬᠢᠶᠠᠭᠴᠢ᠄ ᠴᠢ ᠷᠦᠢ ᠶᠢᠨ᠂ ᠯᠦ ᠮᠢᠩ ᠳ᠋ᠦᠸ᠋ ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ  11 ᠰᠠᠷ᠎ᠠ ᠶᠢᠨ 1 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠦᠢ ᠶᠦᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠤ ᠮᠢᠩ ᠷᠦ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠬᠠᠶ ᠬᠤᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢᠦ ᠸᠧᠨ ᠬᠤᠶ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠤ  ᠹᠧᠩ ᠮᠢᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠠᠩ ᠢᠦᠶ ᠮᠢᠩ᠂ ᠯᠦᠸᠧ ᠰᠢᠤᠢ ᠪᠢᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 ᠬᠤᠷᠠᠯ ᠳᠡᠭᠡᠷ᠎ᠡ᠂ ᠹᠦ᠋ ᠵᠢᠶᠦ᠋ᠨ ᠹᠧᠩ ᠮᠠᠨ ᠤ ᠬᠤᠰᠢᠭᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠭᠤᠴᠠᠭ᠎ᠠ ᠰᠣᠯᠢᠬᠤ ᠰᠣᠩᠭᠤᠭᠤᠯᠢ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ᠂ ᠤᠬᠠᠭᠤᠯᠤᠨ ᠳᠠᠶᠢᠴᠢᠯᠠᠭᠰᠠᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ᠂ ᠣᠳᠣᠬᠢ ᠱᠠᠲᠤᠨ ᠤ ᠠᠵᠢᠯ ᠪᠠ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃  ᠹᠦ᠋ ᠵᠢᠶᠦ᠋ᠨ ᠹᠧᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠡᠨᠡ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠯ᠎ᠡ ᠵᠠᠩᠭᠢᠯᠠᠭ᠎ᠠ ᠳᠠᠬᠢ ᠠᠷᠠᠳᠴᠢᠯᠠᠯ ᠤᠨ ᠵᠢᠷᠤᠮ ᠢ ᠵᠢᠷᠤᠮᠵᠢᠭᠤᠯᠵᠤ᠂ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠬᠡᠷᠡᠭᠲᠡᠶ᠃ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠰᠣᠩᠭᠤᠭᠤᠯᠢ ᠶᠢᠨ ᠠᠷᠠᠳ ᠤᠨ ᠬᠠᠤᠯᠢ ᠪᠠᠷ ᠵᠠᠰᠠᠬᠤ ᠦᠵᠡᠯᠲᠡ ᠪᠠ ᠠᠷᠠᠳᠴᠢᠯᠠᠯ ᠤᠨ ᠤᠬᠠᠮᠰᠠᠷ ᠢ ᠴᠢᠩᠭᠠᠳᠬᠠᠵᠤ᠂ ᠣᠷᠣᠯᠴᠠᠬᠤ ᠢᠳᠡᠪᠬᠢᠵᠢᠯ ᠢ ᠨᠢ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠴᠢᠭᠯᠡᠯ ᠤᠨ ᠵᠥᠪ ᠪᠠᠶᠢᠬᠤ᠂ ᠰᠣᠩᠭᠤᠭᠤᠯᠢ ᠶᠢᠨ ᠦᠷ᠎ᠡ ᠳ᠋ᠦᠩ ᠳᠤ ᠠᠷᠠᠳ ᠲᠦᠮᠡᠨ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号