ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ | ᠠᠵᠢᠯ ᠤᠨ ᠶᠠᠷᠢᠯᠴᠠᠬᠤ ᠬᠤᠷᠠᠯ ᠬᠢᠪᠡ | ᠵᠣᠬᠢᠶᠠᠭᠴᠢ᠄ ᠴᠢ ᠷᠦᠢ ᠶᠢᠨ | ᠰᠤᠷᠪᠤᠯᠵᠢᠯᠠᠭᠴᠢ᠄ ᠭᠦᠸᠧ ᡁᠢ ᠴᠢᠶᠠᠩ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 11 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠤᠯᠤᠰ | ᠳᠦᠷᠤ ᠶᠢᠨ ᠵᠦᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠶᠠᠷᠢᠯᠴᠠᠬᠤ ᠬᠤᠷᠠᠯ ᠢ ᠡᠷᠭᠢᠯᠠᠨ ᠬᠤᠷᠠᠯᠳᠤᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠠᠩ ᠵᠢᠶᠠᠨ | ᠪᠢᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠶᠢᠩᠭᠤ ᠶᠢᠨ ᠬᠤᠷᠢᠶᠠᠨ ᠤ | ᠡᠷᠭᠢᠯᠡᠭᠴᠢ ᠭᠤᠤ ᠮᠢᠩ ᠷᠦ᠂ ᠤᠯᠤᠰ ᠳᠦᠷᠤ ᠶᠢᠨ ᠵᠦᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠬᠤᠰᠢᠭᠤᠨ ᠤ | ᠨᠠᠮ ᠤᠨ ᠬᠤᠷᠢᠶᠠᠨ ᠤ ᠡᠯ᠎ᠡ ᠪᠡᠶᠢᠩᠭᠤ ᠶᠢᠨ ᠭᠡᠰᠢᠭᠦᠨ ᠵᠢᠴᠢ ᠬᠤᠰᠢᠭᠤᠨ ᠤ ᠱᠠᠲᠤᠨ ᠤ ᠬᠤᠯᠪᠣᠭᠳᠠᠯ ᠪᠦᠭᠦᠢ | ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠬᠠᠮᠢᠶ᠎ᠠ ᠪᠦᠬᠦᠢ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | ᠼᠦᠢ ᠶᠦᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ | ᠰᠣᠩᠭᠤᠭᠤᠯᠢ ᠨᠢ ᠪᠥᠬᠦ ᠬᠤᠰᠢᠭᠤᠨ ᠤ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠪᠠᠷᠢᠮᠲᠠᠯᠠᠵᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠲᠠ | ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ | ᠨᠢᠭᠲᠠ ᠠᠩᠬᠠᠷᠴᠤ᠂ ᠡᠯ᠎ᠡ ᠵᠦᠢᠯ ᠤᠨ ᠬᠤᠭᠤᠴᠠᠭ᠎ᠠ ᠰᠣᠯᠢᠬᠤ ᠠᠵᠢᠯ ᠢ ᠬᠠᠤᠯᠢ ᠶᠣᠰᠣᠭᠠᠷ᠂ ᠲᠣᠭᠲᠠᠭᠠᠯ | ᠶᠣᠰᠣᠭᠠᠷ᠂ ᠲᠦᠷᠢᠮ ᠶᠣᠰᠣᠭᠠᠷ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ︽ᠥᠨᠳᠥᠷ ᠳᠠᠷᠤᠯᠲᠠᠲᠤ ᠱᠤᠭᠤᠮ︾ ᠢ ᠴᠢᠩᠭ᠎ᠠ ᠰᠠᠬᠢᠵᠤ᠂ ᠤᠯᠤᠰ | ᠲᠥᠷᠥ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ | ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠨ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠣᠩᠭᠤᠨ ᠲᠠᠨᠢᠯᠴᠠᠭᠤᠯᠬᠤ ᠵᠢᠱᠢᠭᠳᠡᠭᠴᠢ ᠶᠢᠨ | ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠪ ᠴᠢᠬᠡᠴᠢ ᠤᠯᠤᠰ ᠲᠥᠷᠥ ᠶᠢᠨ ᠵᠥᠪᠯᠡᠯᠭᠡᠨ ᠤ | ᠬᠤᠭᠤᠴᠠᠭ᠎ᠠ ᠰᠣᠯᠢᠬᠤ ᠤᠯᠤᠰ ᠲᠥᠷᠥ ᠶᠢᠨ ᠠᠮᠢ ᠠᠬᠤᠶ ᠶᠢ ᠢᠳᠡᠪᠬᠢᠲᠡᠶ ᠪᠣᠶ ᠪᠣᠯᠭᠠᠵᠤ᠂ ᠤᠯᠤᠰ ᠲᠥᠷᠥ ᠶᠢᠨ | ᠵᠥᠪᠯᠡᠯᠭᠡᠨ ᠤ ᠬᠤᠭᠤᠴᠠᠭ᠎ᠠ ᠰᠣᠯᠢᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃ |