ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ 14 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠵᠣᠬᠢᠶᠠᠭᠴᠢ᠄ ᠴᠢ ᠷᠦᠢ ᠶᠢᠨ | ᠰᠤᠷᠪᠤᠯᠵᠢᠯᠠᠭᠴᠢ᠄ ᠭᠦᠸᠧ ᡁᠢ ᠴᠢᠶᠠᠩ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠯᠡᠯ ᠵᠠᠭᠤᠴᠢᠯᠠᠭᠤᠷ ᠤᠨ ᠲᠥᠪ | 11 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠤ | ᠨᠠᠮ ᠤᠨ ᠬᠤᠷᠢᠶᠠᠨ ᠤ ᠪᠡᠶᠢᠩᠭᠤ ᠶᠢᠨ ᠬᠤᠷᠢᠶᠠᠨ ᠤ 14 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ | ᠳᠠᠷᠤᠭ᠎ᠠ ᠵᠠᠩ ᠵᠢᠶᠠᠨ ᠪᠢᠨ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠡᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠭᠤᠤ ᠮᠢᠩ ᠷᠦ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠡᠴᠡᠨ᠂ ᠬᠤᠰᠢᠭᠤᠨ ᠤ | ᠲᠠᠰ ᠤᠨ ᠡᠯ᠎ᠡ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃ | | | | | ᠬᠤᠷᠠᠯ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬ᠎ᠠ ᠠᠯᠬᠤᠮ ᠤᠨ ᠵᠢᠱᠢᠭᠳᠡᠭᠴᠢ ᠶᠢᠨ ᠨᠡᠷᠡᠰ ᠢ ᠬᠢᠨᠠᠨ | ᠵᠥᠪᠰᠢᠶᠡᠷᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠶ᠃ | ᠼᠦᠢ ᠶᠦᠩ᠂ ᠬᠤᠭᠤᠴᠠᠭ᠎ᠠ ᠰᠣᠯᠢᠬᠤ ᠰᠣᠩᠭᠤᠭᠤᠯᠢ ᠪᠣᠯ ᠨᠢᠭᠡ ᠵᠦᠢᠯ ᠤᠨ ᠤᠯᠤᠰ ᠲᠦᠷᠦᠴᠢ ᠴᠢᠨᠠᠷ᠂ | ᠲᠦᠷᠦ ᠶᠢᠨ ᠪᠤᠳᠤᠯᠭ᠎ᠠ ᠶᠢᠨ ᠴᠢᠨᠠᠷ᠂ ᠬᠠᠤᠯᠢ ᠴᠠᠭᠠᠵᠠ ᠶᠢᠨ ᠴᠢᠨᠠᠷ ᠪᠣᠯᠤᠨ ᠲᠡᠰ ᠳᠠᠷᠠᠭᠠᠯᠠᠯ ᠤᠨ ᠴᠢᠨᠠᠷ ᠢᠶᠠᠷ ᠪᠦᠷ | ᠮᠠᠰᠢ ᠴᠢᠩᠭ᠎ᠠ ᠠᠵᠢᠯ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠦᠨᠡᠨᠬᠦ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠵᠢᠱᠢᠭᠳᠡᠭᠴᠢ ᠶᠢᠨ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠴᠠᠭ ᠤᠨ ᠵᠠᠩᠭᠢᠯᠠᠭ᠎ᠠ ᠶᠢᠨ ᠴᠡᠭ ᠪᠣᠯᠤᠨ ᠠᠵᠢᠯ ᠤᠨ ᠳᠡᠰ | ᠳᠠᠷᠠᠭ᠎ᠠ ᠶᠣᠰᠣᠭᠠᠷ᠂ ᠵᠠᠷᠴᠢᠮ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠴᠢᠩᠭ᠎ᠠ ᠬᠦᠴᠦᠲᠡᠢ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠷᠬᠢᠮ ᠳᠡᠭᠡᠳᠦ ᠲᠡᠦᠬᠡᠨ ᠡᠭᠦᠷᠭᠡᠲᠦ ᠰᠡᠳᠬᠢᠯᠭᠡ ᠪᠠ ᠴᠠᠭ ᠪᠢᠳᠡᠨ ᠢ | ᠬᠦᠯᠢᠶᠡᠬᠦ ᠦᠭᠡᠢ ᠪᠣᠳᠠᠲᠤ ᠲᠤᠯᠭᠠᠮ᠎ᠠ ᠰᠡᠳᠬᠢᠯᠭᠡ ᠪᠠᠷ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠡᠮᠬᠢ | ᠵᠢᠷᠤᠮ ᠲᠠᠢ ᠥᠷᠨᠢᠭᠦᠯᠬᠦ ᠶᠢ ᠠᠬᠢᠭᠤᠯᠵᠤ᠂ ᠥᠨᠳᠥᠷ ᠪᠠᠷᠢᠮᠵᠢᠶ᠎ᠠ᠂ ᠥᠨᠳᠥᠷ ᠵᠣᠭᠰᠣᠴᠠ᠂ ᠥᠨᠳᠥᠷ ᠶᠠᠰᠤ | ᠴᠢᠨᠠᠷᠲᠠᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ |