ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠷᠢᠯᠴᠠᠬᠤ ᠬᠤᠷᠠᠯ | ᠬᠢᠪᠡ | ᠵᠣᠬᠢᠶᠠᠭᠴᠢ᠄ ᠰᠦᠨ ᠶᠢᠩ᠂ ᠯᠢ ᠰᠢᠨ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ | ᠣᠷᠣᠯᠠᠭᠴᠢ ᠳᠠᠷᠤᠭ᠎ᠠ ᠵᠠᠩ ᠵᠢᠶᠠᠨ ᠪᠢᠨ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠶᠠᠩ ᠢᠦᠶ ᠮᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ᠋ ᠶᠠᠨ ᠹᠧᠩ᠂ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᡁᠢ ᠷᠦᠩ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠣᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠥᠪᠥᠷ ᠮᠣᠩᠭᠤᠯ ᠤᠨ ᠪᠠᠶ ᠶᠠᠨ ᠬᠤ᠋ ᠬᠢᠮᠢ ᠶᠢᠨ ᠠᠵᠤ | ᠦᠢᠯᠡᠳᠪᠣᠷᠢ ᠶᠢᠨ ᠬᠢᠵᠠᠭᠠᠷᠲᠤ ᠺᠣᠮᠫᠠᠨᠢ᠂ ᠬᠤᠸᠠ ᠱᠦᠨ ᠬᠢᠮᠢ ᠶᠢᠨ ᠠᠵᠤ ᠦᠢᠯᠡᠳᠪᠣᠷᠢ ᠶᠢᠨ ᠬᠢᠵᠠᠭᠠᠷᠲᠤ ᠺᠣᠮᠫᠠᠨᠢ | ᠂ ᠭᠠᠩ ᠶᠤᠸᠠᠨ ᠬᠢᠮᠢ ᠶᠢᠨ ᠠᠵᠤ ᠦᠢᠯᠡᠳᠪᠣᠷᠢ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯᠲᠠᠨ ᠤ ᠲᠥᠯᠥᠭᠡᠯᠡᠭᠴᠢ ᠠᠵᠤ | ᠠᠬᠤᠶᠢᠯᠠᠯ ᠤᠨ ᠣᠳᠣᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠠᠵᠢᠯ ᠲᠦᠷᠦᠯ ᠤᠨ ᠬᠥᠭᠵᠢᠯᠲᠡ ᠶᠢᠨ | ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠬᠠᠨᠳᠤᠰᠢ᠂ ᠠᠵᠤ ᠠᠬᠤᠶᠢᠯᠠᠯ ᠤᠨ ᠳᠠᠷᠠᠭᠠᠴᠢ ᠶᠢᠨ | ᠠᠯᠬᠤᠮ ᠤᠨ ᠬᠥᠭᠵᠢᠯᠲᠡ ᠶᠢᠨ ᠲᠥᠯᠥᠪᠯᠡᠭᠡ ᠵᠢᠴᠢ ᠵᠠᠰᠠᠭ ᠤᠨ ᠣᠷᠳᠣᠨ ᠤ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠴᠢᠨᠠᠭᠰᠢᠳᠠ ᠴᠢᠩᠭᠠᠳᠬᠠᠨ | ᠰᠠᠶᠢᠵᠢᠷᠠᠭᠤᠯᠬᠤ ᠴᠢᠬᠤᠯᠠᠲᠠᠢ ᠠᠵᠢᠯ ᠵᠡᠷᠭᠡ ᠲᠠᠯ᠎ᠠ ᠪᠠᠷ ᠶᠠᠷᠢᠶ᠎ᠠ ᠲᠠᠯᠪᠢᠵᠠᠢ᠃ ᠬᠤᠷᠠᠯ ᠳᠤ ᠣᠷᠣᠯᠴᠠᠭᠰᠠᠨ ᠰᠠᠯᠠᠭ᠎ᠠ | ᠮᠥᠴᠢᠷ ᠤᠯᠠᠭᠠᠨᠴᠠᠪ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠢ ᠰᠢᠯᠭᠠᠨ ᠦᠨᠡᠯᠡᠬᠦ᠂ ᠮᠠᠭᠠᠳᠯᠠᠨ | ᠲᠣᠭᠲᠠᠭᠠᠬᠤ᠂ ᠵᠠᠷᠯᠠᠨ ᠨᠡᠶᠢᠲᠡᠯᠡᠬᠦ ᠬᠠᠮᠢᠶ᠎ᠠ ᠪᠥᠬᠦᠶ ᠠᠵᠢᠯ᠂ ᠪᠥᠬᠦ ᠬᠤᠰᠢᠭᠤᠨ ᠤ ᠡᠨᠧᠷᠭᠢ ᠶᠢᠨ ᠬᠤᠷᠣᠭᠳᠠᠯ ᠤᠨ | ︽ᠬᠤᠶᠠᠷ ᠢ ᠡᠵᠡᠮᠳᠡᠬᠦ︾ ᠠᠵᠢᠯ ᠵᠢᠴᠢ ᠠᠷᠭᠠᠴᠠᠬᠤ ᠠᠷᠭ᠎ᠠ ᠬᠡᠮᠵᠢᠶ᠎ᠡ᠂ ᠪᠥᠬᠦ ᠬᠤᠰᠢᠭᠤᠨ ᠤ ᠠᠶᠤᠯᠭᠦᠶ | ᠦᠢᠯᠡᠳᠪᠣᠷᠢᠯᠡᠯ ᠤᠨ ᠠᠵᠢᠯ ᠵᠡᠷᠭᠡ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠬᠤ᠋ ᠶᠠᠨ ᠹᠧᠩ | ᠮᠠᠨ ᠤ ᠬᠤᠰᠢᠭᠤᠨ ᠤ ᠠᠵᠤ ᠦᠢᠯᠡᠳᠪᠣᠷᠢ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠰᠠᠨᠠᠯ ᠰᠠᠨᠠᠭᠤᠯᠭ᠎ᠠ | ᠳᠤᠷᠠᠳᠪᠠ᠃ | ᠵᠠᠩ ᠵᠢᠶᠠᠨ ᠪᠢᠨ ᠴᠢᠬᠤᠯᠠᠴᠢᠯᠠᠭᠰᠠᠨ ᠨᠢ᠂ ᠣᠳᠣᠬᠠᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ | ᠬᠤᠷᠣᠭᠳᠠᠯ᠂ ᠴᠠᠬᠢᠯᠭᠠᠨ ᠢ ᠬᠢᠵᠠᠭᠠᠷᠯᠠᠬᠤ ᠵᠢᠴᠢ ᠥᠪᠡᠷ ᠤᠨ ᠥᠷᠲᠡᠭ ᠢ ᠳᠡᠭᠡᠭᠰᠢᠯᠡᠭᠦᠯᠬᠦ᠂ ᠠᠶᠤᠯ ᠦᠭᠡᠶ | ᠦᠢᠯᠡᠳᠪᠦᠷᠢᠯᠡᠯ ᠵᠡᠷᠭᠡ ᠠᠰᠠᠭᠤᠳᠠᠯ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠬᠥᠭᠵᠢᠯᠲᠡ ᠶᠢ ᠤᠷᠢᠳ | ᠡᠮᠦᠨ᠎ᠡ ᠭᠠᠷᠤᠭ᠎ᠠ ᠦᠭᠡᠶ ᠪᠣᠭᠤᠮᠢ ᠳᠤ ᠣᠷᠣᠭᠤᠯᠵᠤ᠂ ᠡᠯ᠎ᠡ ᠠᠵᠤ ᠠᠬᠤᠶᠢᠯᠠᠯ ᠦᠵᠡᠯ ᠰᠠᠨᠠᠭ᠎ᠠ ᠲᠠᠨᠢᠯᠲᠠ ᠪᠠᠨ | ᠬᠤᠪᠢᠷᠠᠭᠤᠯᠵᠤ᠂ ᠣᠳᠣᠬᠠᠨ ᠤ ᠪᠠ ᠢᠷᠡᠭᠡᠳᠦᠶ ᠶᠢᠨ ᠨᠢᠭᠡ ᠬᠤᠭᠤᠴᠠᠭᠠᠨ ᠤ ᠮᠠᠨ ᠤ ᠬᠤᠰᠢᠭᠤᠨ ᠤ ᠠᠵᠤ | ᠦᠢᠯᠡᠳᠪᠣᠷᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠱᠠᠲᠤᠴᠢ ᠴᠢᠨᠠᠷᠲᠠᠶ ᠣᠨᠴᠠᠯᠢᠭ ᠢ ᠣᠶᠤᠨᠴᠢ ᠪᠠᠷ | ᠡᠵᠡᠮᠰᠢᠵᠦ᠂ ᠠᠵᠠ ᠵᠠᠪᠰᠢᠶᠠᠨ ᠢ ᠬᠦᠰᠡᠬᠦ ᠰᠡᠳᠬᠢᠴᠡ ᠪᠠᠨ ᠲᠠᠶᠠᠭᠳᠠᠵᠤ᠂ ᠭᠤᠲᠤᠷᠠᠩᠭᠤᠶ ᠰᠡᠳᠬᠢᠯᠭᠡ ᠪᠠᠨ | ᠬᠤᠪᠢᠷᠠᠭᠤᠯᠵᠤ᠂ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠦᠨ᠂ ᠪᠠᠶᠢᠳᠠᠯ ᠢᠶᠠᠨ ᠲᠣᠳᠣᠷᠬᠠᠶᠢᠯᠠᠵᠤ᠂ ᠢᠲᠡᠭᠡᠯ | ᠵᠣᠷᠢᠭ ᠢᠶᠠᠨ ᠪᠠᠲᠤᠳᠬᠠᠨ᠂ ᠠᠵᠤ ᠦᠢᠯᠳᠪᠣᠷᠢ ᠶᠢᠨ ᠪᠦᠲᠦᠴᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ | ᠠᠵᠤ ᠦᠢᠯᠡᠰ ᠤᠨ ᠬᠡᠯᠬᠢᠶ᠎ᠡ ᠶᠢᠨ ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠠᠵᠤ ᠦᠢᠯᠡᠳᠪᠣᠷᠢ ᠶᠢᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠪᠣᠳᠠᠲᠠᠶ ᠶᠢ ᠡᠷᠬᠢᠮᠯᠡᠨ ᠠᠬᠢᠭᠤᠯᠬᠤ ᠬᠡᠷᠡᠭᠲᠡᠶ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠲᠠᠢ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ | ᠬᠠᠮᠲᠤᠳᠬᠠᠵᠤ᠂ ᠵᠠᠰᠠᠭ ᠠᠵᠤ ᠠᠬᠤᠶᠢᠯᠠᠯ ᠤᠨ ᠬᠤᠭᠤᠷᠣᠨᠳᠣ ᠪᠠᠨ ᠥᠨᠳᠥᠷ ᠪᠦᠲᠦᠮᠵᠢᠲᠡᠢ ᠪᠥᠭᠡᠳ ᠢᠯᠭᠤᠮ | ᠤᠷᠤᠭᠰᠢᠲᠠᠢ ᠮᠡᠳᠡᠭᠡ ᠵᠠᠩᠭᠢ ᠶᠢᠨ ᠰᠣᠯᠢᠯᠴᠠᠭᠠᠨ ᠤ ᠠᠷᠭ᠎ᠠ ᠵᠠᠮ ᠢ ᠪᠠᠶᠢᠭᠤᠯᠵᠤ᠂ ᠠᠵᠤ ᠠᠬᠤᠶᠢᠯᠠᠯ ᠤᠨ | ᠪᠣᠳᠣᠯᠬᠢᠯᠠᠵᠤ ᠪᠠᠶᠢᠭ᠎ᠠ ᠵᠦᠢᠯ᠂ ᠬᠦᠰᠡᠵᠦ ᠪᠠᠶᠢᠭ᠎ᠠ ᠵᠦᠢᠯ ᠢ ᠪᠦᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠳᠤ | ᠵᠥᠪ ᠣᠨᠣᠪᠴᠢᠲᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠵᠤ᠂ ᠠᠵᠤ ᠠᠬᠤᠶᠢᠯᠠᠯ ᠳᠤ ᠨᠡᠩ ᠰᠢᠯᠢᠳᠡᠭ | ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠡᠭᠦᠨ ᠤ ᠵᠡᠷᠭᠡ ᠳᠤ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪ ᠤᠨ ᠰᠤᠳᠤᠯᠭᠠᠨ᠂ ᠨᠤᠲᠠᠯᠠᠯᠲᠠ | ᠬᠢᠯᠭᠡᠬᠦ ᠶᠢᠨ ᠬᠠᠮᠲᠤ ᠰᠢᠨᠵᠢᠯᠡᠬᠦ ᠤᠬᠠᠭᠠᠨᠴᠢ ᠪᠥᠭᠡᠳ ᠶᠠᠪᠤᠭᠳᠠᠭᠤᠰᠢᠲᠠᠶ ᠥᠭᠡᠷᠡᠴᠢᠯᠡᠯᠲᠡ ᠶᠢᠨ ᠲᠥᠰᠦᠯ ᠢ | ᠪᠦᠷᠢᠯᠳᠦᠭᠦᠯᠵᠦ᠂ ᠮᠠᠨ ᠤ ᠬᠤᠰᠢᠭᠤᠨ ᠤ ᠤᠯᠠᠮᠵᠢᠯᠠᠯᠲᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ | ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠵᠤ ᠦᠢᠯᠡᠳᠪᠦᠷᠢ ᠶᠢᠨ ᠠᠵᠤ ᠠᠬᠤᠶ ᠶᠢᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠬᠤ ᠶᠢ ᠲᠠᠰᠤᠷᠠᠯᠲᠠ ᠦᠭᠡᠢ | ᠠᠬᠢᠭᠤᠯᠵᠤ᠂ ᠥᠨᠳᠥᠷ ᠪᠦᠲᠦᠮᠵᠢᠲᠡᠶ᠂ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃ |