ᠡᠯᠪᠡᠭ ᠬᠤᠷᠢᠶᠠᠯᠲᠠ ᠶᠢᠨ ︽ᠴᠢᠨᠡᠭᠡᠯᠢᠭ ᠲᠥᠮᠥᠰᠥ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠬᠦᠴᠦᠨ︾
ᠨᠡᠶᠢᠲᠡᠯᠡᠭᠰᠡᠨ ᠴᠠᠭ᠄
2021/11/8
              ᠡᠯᠪᠡᠭ ᠬᠤᠷᠢᠶᠠᠯᠲᠠ ᠶᠢᠨ ︽ᠴᠢᠨᠡᠭᠡᠯᠢᠭ ᠲᠥᠮᠥᠰᠥ︾ ᠬᠥᠳᠡᠭᠡ               ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠬᠦᠴᠦᠨ︾      ᠤᠢᠢᠷ᠎ᠠ ᠶᠢᠨ ᠡᠳᠦᠷ᠂ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤᠨ ᠳᠤ ᠲᠣᠰᠬᠤᠨ ᠤ ᠲᠥᠮᠥᠰᠥ ᠲᠠᠷᠢᠬᠤ ᠰᠠᠭᠤᠷᠢᠨ ᠢ ᠪᠠᠶᠢᠭᠤᠯᠬᠤ ᠳᠤ᠂ ᠲᠤᠰ ᠲᠣᠰᠬᠤᠨ ᠤ ᠯᠢᠶᠠᠨ ᠶᠢᠩ ᠲᠠᠷᠢᠶᠠᠯᠠᠩ ᠤᠨ ᠮᠠᠰᠢᠨ ᠮᠧᠬᠠᠨᠢᠭ ᠤᠨ ᠬᠤᠷᠰᠢᠶ᠎ᠠ ᠶᠢᠨ ᠬᠠᠷᠢᠭᠤᠴᠠᠯᠭᠠᠲᠠᠨ ᠬᠤᠤ ᠵᠢᠶᠦ᠋ᠨ ᠲᠠᠢ ᠠᠭᠤᠯᠵᠠᠬᠤ ᠳᠤ᠂ ᠲᠡᠷᠡ ᠮᠠᠰᠢ ᠶᠠᠭᠠᠷᠠᠯᠲᠠᠢ ᠪᠠᠶᠢᠯ᠎ᠠ᠃ ᠣᠶᠢᠯᠠᠭᠠᠭᠰᠠᠨ ᠢᠶᠠᠷ᠂ ᠡᠨᠡ ᠵᠢᠯ ᠤᠨ ᠲᠥᠮᠥᠰᠥᠨ ᠤ ᠪᠣᠷᠣᠯᠠᠭᠤᠯᠤᠯᠲᠠ ᠶᠢᠨ ᠦᠨ᠎ᠡ ᠨᠡᠯᠢᠶᠡᠳ ᠰᠠᠶᠢᠨ ᠪᠠᠶᠢᠵᠤ᠂ ᠲᠡᠳᠡᠨ ᠤ ᠬᠤᠷᠰᠢᠶ᠎ᠠ ᠪᠠᠰᠠ ᠨᠢᠭᠡ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃
     ᠣᠶᠢᠷ᠎ᠠ ᠶᠢᠨ ᠵᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠮᠠᠯ ᠤᠨ ᠦᠢᠯᠡᠰ ᠤᠨ ᠪᠦᠲᠦᠴᠡ ᠶᠢ ᠶᠡᠭᠡ ᠪᠠᠷ ᠳᠣᠭᠢᠷᠠᠭᠤᠯᠤᠨ᠂ ᠲᠥᠮᠥᠰᠥ ᠶᠢᠨ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠲᠥᠮᠥᠰᠥ ᠳᠠᠷᠢᠬᠤ ᠲᠠᠯᠠᠪᠠᠶ ᠶᠢ ᠦᠨᠳᠦᠰᠦᠨ ᠳᠡᠭᠡᠨ 25 ᠲᠦᠮᠡᠨ ᠮᠥ ᠣᠷᠴᠢᠮ ᠲᠣᠭᠲᠠᠪᠤᠷᠢᠵᠢᠭᠤᠯᠵᠤ᠂ ᠲᠠᠷᠢᠮᠠᠯ ᠤᠨ ᠲᠥᠷᠥᠯ ᠵᠣᠶᠢᠯ ᠳᠤ ᠬᠤᠶᠢᠲᠤ ᠬᠤᠰᠢᠭᠤᠨ ᠤ ᠤᠯᠠᠭᠠᠨ᠂ ᠵᠢᠶ ᠵᠠᠩ ᠲᠥᠮᠥᠰᠥ ᠶᠢᠨ ᠰᠢᠷᠢᠰ᠂ ᠰᠢ ᠰᠧᠨ ᠰᠢᠷᠢᠰ᠂ V ᠰᠢᠷᠢᠰ᠂ ᠵᠥᠩ ᠵᠢᠶᠠ 2 ᠳ᠋ᠤᠭᠠᠷ᠂ ᠬᠤᠸᠠ ᠰᠥᠩ ᠰᠢᠷᠢᠰ ᠵᠡᠷᠭᠡ ᠪᠣᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠣᠳᠣᠬᠠᠨ ᠳᠤ ︽ᠭᠤᠷᠪᠠᠨ ᠣᠷᠣᠨ ᠬᠤᠶᠠᠷ ᠪᠦᠰᠡ︾ ᠶᠢᠨ ᠲᠥᠮᠥᠰᠥ ᠶᠢᠨ ᠬᠡᠪᠴᠢᠶᠡᠲᠦ ᠲᠠᠷᠢᠮᠠᠯ ᠤᠨ ᠪᠠᠶᠢᠷᠢᠰᠢᠯ ᠢ ᠪᠦᠷᠢᠯᠳᠦᠭᠦᠯᠪᠡ᠂ ᠲᠤᠬᠠᠶᠢᠯᠠᠪᠠᠯ ᠲᠣᠯᠣᠭᠠᠨ ᠬᠤᠳᠳᠤᠭ ᠣᠷᠣᠨ᠂ ᠳ᠋ᠠ ᠯᠢᠦ ᠬᠤᠣ ᠣᠷᠣᠨ ᠪᠠ ᠪᠤᠩᠬᠤᠨ ᠣᠷᠣᠨ ᠵᠡᠷᠭᠡ 3 ᠲᠠᠷᠢᠮᠠᠯ ᠤᠨ ᠣᠷᠣᠨ ᠪᠠ ᠲᠣᠯᠣᠭᠠᠨ ᠬᠤᠳᠳᠤᠭ — ᠤᠯᠠᠭᠠᠨᠬᠠᠳᠠ — ᠬᠤᠩᠬᠢᠯᠳᠦ 35 ᠺᠢᠯᠣᠮᠧᠲᠷ᠂ ᠳ᠋ᠠ ᠯᠢᠦ ᠬᠤᠣ ᠪᠠᠯᠭᠠᠰᠤᠨ ᠤ ᠡᠮᠦᠨ᠎ᠡ ᠯᠢᠶᠠᠩ — ᠪᠤᠩᠬᠤᠨ ᠪᠠᠯᠭᠠᠰᠤᠨ ᠤ ᠰᠢᠷᠳᠤ 38 ᠺᠢᠯᠣᠮᠧᠲᠷ ᠤᠨ ᠲᠥᠮᠥᠰᠥ ᠶᠢᠨ ᠲᠥᠪᠯᠡᠷᠡᠨ ᠵᠠᠯᠭᠠᠯᠳᠤᠭᠰᠠᠨ ᠬᠡᠪᠴᠢᠶᠡᠲᠦ ᠲᠠᠷᠢᠮᠠᠯ ᠤᠨ 2 ᠪᠦᠰᠡ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠢᠯᠠᠩᠭᠤᠶ᠎ᠠ ᠲᠤᠬᠠᠶ ᠶᠢᠨ ᠭᠠᠵᠠᠷ ᠤᠨ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠳᠠᠷᠢᠬᠤ ᠨᠠᠷᠠᠲᠤ ᠲᠡᠮᠳᠡᠭ ᠨᠢ ᠲᠡᠭᠦᠨ ᠤ ᠠᠮᠲᠠ ᠰᠢᠮᠲᠡ ᠪᠠᠷ ᠢᠶᠠᠨ ᠨᠠᠷᠢᠯᠢᠭ ᠰᠠᠶᠢᠬᠠᠨ᠂ ᠠᠮᠲᠠ ᠰᠢᠮᠲᠡ ᠪᠠᠷ ᠰᠠᠶᠢᠨ ᠪᠠᠶᠢᠵᠤ᠂ ᠵᠠᠬ᠎ᠠ ᠳᠡᠯᠭᠡᠭᠦᠷ ᠪᠠ ᠬᠡᠷᠡᠭᠯᠡᠭᠴᠢᠳ ᠤᠨ ᠲᠠᠭᠠᠰᠢᠶᠠᠯ ᠢ ᠣᠯᠵᠤ᠂ ᠬᠠᠩᠭᠠᠨ ᠪᠣᠷᠣᠯᠠᠭᠤᠯᠬᠤ ᠶᠢ ᠵᠡᠷᠭᠡᠪᠡᠷ ᠬᠥᠭᠵᠢᠭᠦᠯᠵᠡᠶ᠃
     ᠣᠳᠣᠬᠠᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠮᠥᠰᠥ ᠶᠢᠨ ᠠᠵᠤ ᠦᠢᠯᠡᠰ ᠨᠢᠰᠬᠦ ᠮᠡᠲᠦ ᠲᠦᠷᠭᠡᠨ ᠬᠥᠭᠵᠢᠵᠦ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠮᠲᠤᠷᠠᠨ ᠪᠣᠷᠣᠯᠠᠭᠤᠯᠬᠤ ᠵᠠᠭᠪᠤᠷ ᠲᠤ ᠲᠦᠰᠢᠭᠯᠡᠨ ᠪᠠᠶᠢᠭᠤᠯᠤᠭᠰᠠᠨ ︽ᠢᠨᠲ᠋ᠧᠷ ᠰᠦᠯᠵᠢᠶ᠎ᠡ + ᠲᠥᠮᠥᠰᠥ︾ ᠨᠢ ᠲᠣᠰ ᠬᠤᠰᠢᠭᠤᠨ ᠤ ᠲᠥᠮᠥᠰᠥ ᠶᠢ ᠭᠠᠳᠠᠭᠰᠢ ᠪᠣᠷᠣᠯᠠᠭᠤᠯᠬᠤ ᠰᠢᠨ᠎ᠡ ᠴᠣᠩᠬᠤ ᠪᠣᠯᠵᠣ ᠪᠠᠶᠢᠨ᠎ᠠ᠃ 2018 ᠣᠨ ᠳᠤ 12 ᠲᠦᠮᠡᠨ ᠵᠢᠩ ᠪᠣᠷᠣᠯᠠᠭᠤᠯᠵᠤ᠂ 2019 ᠣᠨ ᠳᠤ 52 ᠲᠦᠮᠡᠨ ᠵᠢᠩ ᠪᠣᠷᠣᠯᠠᠭᠤᠯᠵᠤ᠂ 2020 ᠣᠨ ᠳᠤ 100 ᠲᠦᠮᠡᠨ ᠵᠢᠩ ᠳᠤ ᠬᠦᠷᠴᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠮᠥᠰᠥ ᠶᠢ ︽ᠨᠠᠷᠠᠲᠤ ᠲᠡᠮᠳᠡᠭᠵᠢᠭᠦᠯᠬᠦ᠂ ᠪᠠᠷᠢᠮᠵᠢᠶᠠᠵᠢᠭᠤᠯᠬᠤ᠂ ᠡᠯᠤᠺᠲᠷᠤᠨᠴᠢᠯᠠᠬᠤ︾ ᠪᠠᠷ ᠲᠣᠭᠲᠠᠭᠤᠨ ᠢᠶᠠᠷ ᠬᠥᠭᠵᠢᠭᠦᠯᠵᠦ᠂ ᠲᠥᠮᠥᠰᠥ ᠨᠢ ᠴᠦ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠠᠶᠠᠵᠢᠭᠤᠯᠬᠤ ᠲᠥᠮᠥᠰᠥ︾᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ︽ᠴᠢᠨᠡᠭᠡᠯᠢᠭ ᠲᠥᠮᠥᠰᠥ︾ ᠪᠣᠯᠤᠭᠰᠠᠨ ᠪᠠᠶᠢᠨ᠎ᠠ᠃ ︵ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠡᠶᠢᠯᠡᠯ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠴᠢᠤᠸᠠᠨ ᠳᠠᠳᠤᠯᠭ᠎ᠠ ᠶᠢᠨ ᠰᠣᠷᠣᠭᠴᠢ ᠭᠦᠸᠧ ᠴᠧᠩ ᠰᠡᠭᠦᠳᠡᠷᠯᠡᠨ ᠮᠡᠳᠡᠭᠡᠯᠡᠪᠡ︶
 
ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号