ᠥᠭᠡᠬᠦᠯᠡᠭᠰᠡᠨ ᠡᠯᠢᠭᠡ ᠶᠢ ᠬᠡᠷᠬᠢᠨ ᠵᠠᠰᠠᠬᠤ ᠪᠤᠢ︖ ᠰᠢᠨ᠎ᠡ ᠫᠤᠤᠳᠠᠯᠭ᠎ᠠ ᠶᠢᠨ ᠴᠡᠭ ᠢᠷᠡᠪᠡ
ᠨᠡᠶᠢᠲᠡᠯᠡᠭᠰᠡᠨ ᠴᠠᠭ᠄
2021/11/8
      ᠥᠭᠡᠬᠦᠯᠡᠭᠰᠡᠨ ᠡᠯᠢᠭᠡ ᠶᠢ ᠬᠡᠷᠬᠢᠨ ᠵᠠᠰᠠᠬᠤ ᠪᠤᠢ︖ ᠰᠢᠨ᠎ᠡ ᠫᠤᠤᠳᠠᠯᠭ᠎ᠠ ᠶᠢᠨ ᠴᠡᠭ ᠢᠷᠡᠪᠡ      ᠰᠫᠢᠷᠲ ᠤᠨ ᠪᠤᠰᠤ ᠴᠢᠨᠠᠷᠲᠠᠶ ᠥᠭᠡᠬᠦᠯᠢᠭ ᠴᠢᠨᠠᠷᠲᠠᠶ ᠡᠯᠢᠭᠡᠨ ᠡᠪᠡᠳᠴᠢᠨ ︵NALFD︶ ᠪᠣᠯ ᠣᠳᠣᠬᠠᠨ ᠳᠤ ᠬᠠᠮᠤᠭ ᠤᠨ ᠪᠠᠶᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠡᠯᠢᠭᠡᠨ ᠡᠪᠡᠳᠴᠢᠨ ᠪᠠᠶᠢᠵᠤ᠂ ᠪᠥᠬᠦ ᠳᠡᠯᠡᠬᠡᠶ ᠳᠤ ᠨᠠᠭᠠᠳᠤ ᠵᠠᠬ᠎ᠠ ᠳᠠᠭᠠᠨ 1/4 ᠶᠢᠨ ᠨᠠᠰᠤᠨ ᠳᠤ ᠭᠦᠷᠦᠭᠰᠡᠳ ᠤᠨ ᠰᠦᠷᠦᠭ ᠢ ᠨᠥᠯᠥᠭᠡᠯᠡᠵᠦ ᠪᠠᠶᠢᠳᠠᠭ᠃ ᠲᠡᠷᠡ ᠨᠢ ᠮᠠᠷᠢᠶᠠᠯᠠᠬᠤ ᠪᠠ ᠰᠢᠬᠢᠷ ᠰᠢᠵᠢᠩ ᠡᠪᠡᠳᠴᠢᠨ ᠲᠠᠢ ᠬᠤᠯᠪᠣᠭ᠎ᠠ ᠲᠠᠢ ᠪᠥᠭᠡᠳ ᠨᠡᠩ ᠬᠦᠨᠳᠦ ᠨᠣᠴᠢᠲᠠᠶ ᠡᠯᠢᠭᠡᠨ ᠤ ᠭᠡᠮᠲᠦᠯ ᠢ ᠡᠭᠦᠰᠭᠡᠵᠦ ᠮᠡᠳᠡᠨ᠎ᠡ᠂ ᠵᠢᠱᠢᠶᠡᠯᠡᠪᠡᠯ ᠰᠫᠢᠷᠲ ᠤᠨ ᠪᠤᠰᠤ ᠴᠢᠨᠠᠷᠲᠠᠶ ᠥᠭᠡᠬᠦᠨ ᠴᠢᠨᠠᠷᠲᠠᠶ ᠡᠯᠢᠭᠡᠨ ᠦᠷᠪᠢᠰᠦᠯ ︵NASH︶᠂ ᠡᠯᠢᠭᠡᠨ ᠬᠠᠲᠠᠭᠤᠷᠠᠯ ᠪᠠ ᠡᠯᠢᠭᠡᠨ ᠥᠮᠡᠨ ᠵᠡᠷᠭᠡ ᠪᠣᠯᠤᠨ᠎ᠠ᠃ ᠥᠭᠡᠬᠦᠯᠡᠭᠰᠡᠨ ᠡᠯᠢᠭᠡᠨ ᠤ ᠡᠪᠡᠳᠴᠢᠨ ᠤ ᠠᠬᠢᠴᠠ ᠶᠢᠨ ᠪᠤᠳᠤᠯᠢᠶᠠᠨᠲᠤ ᠴᠢᠨᠠᠷ ᠢ ᠣᠶᠢᠯᠠᠭᠠᠬᠤ ᠶᠢᠨ ᠲᠥᠯᠥᠭᠡ᠂ ᠠᠮᠧᠷᠢᠺᠠ ᠶᠢᠨ ᠡᠮᠦᠨᠡᠲᠦ ᠺᠠᠯᠢᠹᠤᠷᠨᠢᠶ᠎ᠠ ᠵᠧᠦ ᠶᠢᠨ ᠶᠡᠭᠡ ᠰᠤᠷᠭᠠᠭᠤᠯᠢ ᠶᠢᠨ ᠨᠢᠭᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠬᠢᠨ ᠲᠤᠷᠰᠢᠯᠲᠠ ᠶᠢᠨ ᠴᠢᠨᠠᠷᠲᠠᠢ NAFLD/NASH ᠤᠨ ᠮᠣᠯᠧᠺᠦ᠋ᠯ ᠤᠨ ᠲᠣᠭᠲᠠᠴᠠ ᠶᠢ ᠬᠠᠶᠢᠨ ᠰᠦᠪᠡᠭᠴᠢᠯᠡᠵᠦ᠂ ᠨᠢᠭᠡ ᠵᠦᠢᠯ ᠤᠨ ᠡᠮᠴᠢᠯᠡᠭᠡᠨ ᠤ ᠬᠠᠨᠳᠤᠯᠭᠠᠲᠤ ᠭᠧᠨ SH3BP5 ᠶᠢ ᠢᠯᠡᠷᠡᠭᠦᠯᠪᠡ᠂ ᠡᠭᠦᠨ ᠢ ᠪᠠᠰᠠ SAB ᠭᠡᠳᠡᠭ᠃ ᠡᠨᠡ ᠬᠦ ᠰᠤᠳᠤᠯᠭᠠᠨ ᠨᠢ ᠣᠶᠢᠷ᠎ᠠ ᠳᠤ ᠠᠮᠧᠷᠢᠺᠠ ᠶᠢᠨ ᠡᠯᠢᠭᠡᠨ ᠡᠪᠡᠳᠴᠢᠨ ᠤ ᠰᠤᠳᠤᠯᠭᠠᠨ ᠤ ᠨᠡᠶᠢᠭᠡᠮᠯᠢᠭ ᠤᠨ ᠬᠤᠭᠤᠴᠠᠭᠠᠲᠤ ᠰᠡᠳᠬᠦᠯ ︽ᠡᠯᠢᠭᠡᠨ ᠡᠪᠡᠳᠴᠢᠨ ᠤ ᠰᠤᠳᠤᠯᠤᠯ︾ ᠳᠡᠭᠡᠷ᠎ᠡ ᠨᠡᠶᠢᠲᠡᠯᠡᠭᠳᠡᠵᠡᠶ᠃      ᠡᠮᠦᠨᠡᠲᠦ ᠺᠠᠯᠢᠹᠤᠷᠨᠢᠶ᠎ᠠ ᠵᠧᠦ ᠶᠢᠨ ᠶᠡᠭᠡ ᠰᠤᠷᠭᠠᠭᠤᠯᠢ ᠶᠢᠨ ᠺᠠᠶᠢᠺᠧ ᠠᠨᠠᠭᠠᠬᠤ ᠤᠬᠠᠭᠠᠨ ᠤ ᠲᠥᠪ ᠤᠨ ᠬᠤᠳᠣᠭᠤᠳᠣ ᠭᠡᠳᠡᠰᠦ / ᠡᠯᠢᠭᠡᠨ ᠤ ᠰᠤᠳᠤᠯᠭᠠᠨ ᠤ ᠠᠨᠠᠭᠠᠬᠤ ᠤᠬᠠᠭᠠᠨ ᠤ ᠲᠤᠰᠠᠯᠠᠭᠴᠢ ᠫᠷᠤᠹᠧᠰᠰᠤᠷ᠂ ᠠᠨᠠᠭᠠᠬᠤ ᠤᠬᠠᠭᠠᠨ ᠤ ᠳ᠋ᠣᠺᠲ᠋ᠣᠷ ᠰᠠᠩᠳᠠ · ᠸᠧᠨ᠂ SAB ᠪᠣᠯ ᠰᠢᠷᠬᠡᠭᠯᠢᠭ ᠮᠥᠬᠦᠯᠢᠭ ᠪᠡᠶ᠎ᠡ ᠶᠢᠨ ᠨᠢᠭᠡ ᠵᠦᠢᠯ ᠤᠨ ᠭᠠᠳᠠᠷ ᠪᠦᠷᠬᠦᠪᠴᠢ ᠶᠢᠨ ᠤᠭᠤᠷᠠᠭ ᠪᠣᠯᠤᠨ᠎ᠠ᠂ ᠲᠡᠭᠦᠨ ᠢ ᠡᠰ ᠤᠨ ᠬᠥᠳᠡᠯᠭᠡᠬᠦ ᠬᠦᠴᠦᠨ ᠤ ᠡᠬᠢ ᠭᠡᠵᠦ ᠨᠡᠷᠡᠯᠡᠵᠡᠢ᠃ ᠠᠼᠤᠲ᠋ᠢᠯ ᠠᠮᠢᠨᠣ᠋ ᠹᠤᠨᠤᠯ ︵ᠪᠠᠰᠠ ︽ᠫᠠᠷᠠᠰᠤᠲ᠋ᠠᠮᠤᠯ ᠡᠪᠡᠳᠦᠯᠲᠡ︾ ᠭᠡᠳᠡᠭ︶ ᠤᠨ ᠥᠳᠥᠭᠡᠭᠰᠡᠨ ᠡᠯᠢᠭᠡᠨ ᠤ ᠭᠡᠮᠲᠦᠯ ᠤᠨ ᠵᠠᠭᠪᠤᠷ ᠪᠠ ᠪᠡᠲᠡᠭᠢᠲᠦ ᠬᠠᠪᠤᠳᠠᠷ ᠤᠨ ᠦᠬᠦᠵᠢᠬᠦ ᠹᠠᠺᠲ᠋ᠤᠷ ︵TNF︶ ᠤᠨ ᠥᠳᠥᠭᠡᠭᠰᠡᠨ ᠲᠦᠷᠭᠡᠨ ᠴᠢᠨᠠᠷᠲᠠᠶ ᠡᠯᠢᠭᠡᠨ ᠤ ᠳᠣᠷᠦ᠋ᠢᠲᠠᠯ ᠤᠨ ᠵᠠᠭᠪᠤᠷ ᠲᠤ᠂ SAB ᠪᠣᠯ ᠨᠢᠭᠡ ᠵᠦᠢᠯ ᠤᠨ ᠵᠠᠩᠭᠢᠯᠠᠭ᠎ᠠ ᠶᠢᠨ ᠤᠭᠤᠷᠠᠭ ᠮᠥᠨ᠂ ᠲᠡᠭᠦᠨ ᠤ ᠬᠢᠷᠢ ᠬᠡᠮᠵᠢᠶ᠎ᠡ ᠨᠢ ᠡᠯᠢᠭᠡᠨ ᠤ ᠭᠡᠮᠲᠦᠯ ᠤᠨ ᠬᠦᠨᠳᠦ ᠨᠣᠴᠢᠲᠠᠶ ᠬᠡᠮᠵᠢᠶ᠎ᠡ ᠶᠢ ᠲᠣᠭᠲᠠᠭᠠᠳᠠᠭ᠃ SAB ᠪᠣᠯ ᠰᠡᠷᠡᠯᠵᠢᠯ ᠤᠨ ᠢᠳᠡᠪᠬᠢᠵᠢᠭᠦᠯᠬᠦ ᠢᠰᠬᠡᠭᠦᠷ ︵JNK︶ ᠤᠨ ᠫᠠᠢ ᠶᠢᠨ ᠲᠡᠮᠳᠡᠭ ᠮᠥᠨ᠂ ᠲᠡᠷᠡ ᠨᠢ ᠰᠢᠷᠬᠡᠭᠯᠢᠭ ᠮᠥᠬᠦᠯᠢᠭ ᠪᠡᠶ᠎ᠡ ᠶᠢᠨ ᠠᠵᠢᠯᠯᠠᠭ᠎ᠠ ᠶᠢ ᠭᠡᠮᠲᠦᠭᠡᠬᠦ ᠪᠠ ᠬᠤᠣᠷᠲᠤ ᠢᠳᠡᠪᠬᠢᠲᠦ ᠬᠦᠴᠢᠯᠲᠥ᠋ᠷᠥᠭᠴᠢ ᠶᠢ ᠨᠡᠮᠡᠭᠳᠡᠭᠦᠯᠳᠡᠭ᠃ SAB ᠭᠧᠨ ᠤ ᠢᠳᠡᠪᠬᠢᠵᠢᠯᠲᠡ ᠪᠠ ᠤᠭᠤᠷᠠᠭ ᠤᠨ ᠲᠦᠪᠰᠢᠨ ᠤ ᠨᠡᠮᠡᠭᠳᠡᠯ ᠨᠢ ᠬᠤᠯᠤᠭᠠᠨ᠎ᠠ ᠶᠢᠨ ᠲᠤᠷᠰᠢᠯᠲᠠ ᠶᠢᠨ ᠳᠤᠮᠳᠠᠬᠢ ᠡᠯᠢᠭᠡᠨ ᠤ ᠡᠪᠡᠳᠴᠢᠨ ᠤ ᠠᠬᠢᠴᠠ ᠪᠠ ᠬᠥᠮᠦᠨ ᠲᠥᠷᠥᠯᠬᠢᠲᠡᠨ ᠤ ᠥᠭᠡᠬᠦᠯᠡᠭᠰᠡᠨ ᠡᠯᠢᠭᠡ ᠲᠠᠢ ᠬᠤᠯᠪᠣᠭ᠎ᠠ ᠲᠠᠢ ᠶᠤᠮ᠃      ᠤᠷᠲᠤ ᠬᠤᠭᠤᠴᠠᠭ᠎ᠠ ᠪᠠᠷ ᠥᠭᠡᠬᠦ ᠶᠡᠬᠡᠲᠡᠶ᠂ ᠰᠢᠬᠢᠷ ᠶᠡᠬᠡᠲᠡᠶ ᠢᠳᠡᠭᠡᠨ ᠤᠮᠳᠠᠭᠠᠨ ᠢ ᠢᠳᠡᠪᠡᠯ ᠮᠠᠷᠢᠶᠠᠯᠠᠬᠤ᠂ ᠰᠢᠬᠢᠷ ᠰᠢᠵᠢᠩ ᠡᠪᠡᠳᠴᠢᠨ ᠪᠠ ᠥᠭᠡᠬᠦᠯᠡᠭᠰᠡᠨ ᠡᠯᠢᠭᠡ ᠶᠢ ᠡᠭᠦᠰᠭᠡᠬᠦ ᠶᠢ ᠨᠢᠭᠡᠨᠲᠡ ᠮᠡᠳᠡᠭᠰᠡᠨ ᠪᠠᠶᠢᠨ᠎ᠠ᠃ ᠲᠣᠰ ᠤᠳᠠᠭᠠᠨ ᠤ ᠲᠤᠷᠰᠢᠯᠲᠠ ᠳᠤ᠂ ᠨᠠᠰᠤᠨ ᠳᠤ ᠭᠦᠷᠦᠭᠰᠡᠨ ᠬᠤᠯᠤᠭᠠᠨ᠎ᠠ ᠳᠤ ᠨᠢᠰᠢᠩᠭᠦ ᠶᠢᠨ ᠰᠢᠬᠢᠷ ᠪᠠ ᠵᠢᠮᠢᠰ ᠤᠨ ᠰᠢᠬᠢᠷ ᠨᠡᠮᠡᠭᠰᠡᠨ ᠥᠭᠡᠬᠦ ᠶᠡᠬᠡᠲᠡᠶ ᠢᠳᠡᠭᠡᠨ ᠢ ᠶᠡᠭᠡ ᠬᠡᠮᠵᠢᠶ᠎ᠡ ᠪᠠᠷ ᠢᠳᠡᠭᠦᠯᠵᠡᠶ᠃ ᠭᠡᠪᠡᠴᠦ ᠺᠠᠶᠢᠺ ᠠᠨᠠᠭᠠᠬᠤ ᠤᠬᠠᠭᠠᠨ ᠤ ᠲᠥᠪ ᠤᠨ ᠠᠨᠠᠭᠠᠬᠤ ᠤᠬᠠᠭᠠᠨ ᠤ ᠫᠷᠤᠹᠧᠰᠰᠤᠷ ᠨᠢᠷ · ᠺᠠᠫᠷᠤᠸᠢᠼ ᠬᠡᠯᠡᠬᠦ ᠳᠡᠭᠡᠨ᠂ ᠥᠭᠡᠬᠦ ᠶᠡᠬᠡᠲᠡᠶ᠂ ᠰᠢᠬᠢᠷ ᠶᠡᠬᠡᠲᠡᠶ ᠪᠠᠷ ᠨᠢᠭᠡ ᠵᠢᠯ ᠢᠳᠡᠭᠦᠯᠦᠭᠰᠡᠨ ᠴᠦ ᠪᠠᠭ᠎ᠠ ᠬᠤᠯᠤᠭᠠᠨ᠎ᠠ ᠶᠢᠨ ᠡᠯᠢᠭᠡᠨ ᠳᠤ ᠦᠷᠪᠢᠰᠦᠯ ᠪᠠ ᠰᠢᠷᠬᠡᠭᠵᠢᠬᠦ ᠡᠪᠡᠳᠴᠢᠨ ᠢᠯᠡᠷᠡᠨ᠎ᠡ᠂ ᠬᠡᠷᠪᠡ ᠪᠢᠳᠡ ᠡᠨᠡ ᠬᠦ ᠡᠯᠢᠭᠡᠨ ᠤ ᠡᠰ ᠲᠤ ᠬᠠᠨᠳᠤᠭᠤᠯᠤᠭᠰᠠᠨ ᠡᠰᠡᠷᠭᠦ ᠤᠳᠬᠠᠲᠤ ᠭᠧᠨ ᠢ ᠣᠷᠣᠭᠤᠯᠪᠠᠯ᠂ ᠪᠦᠬᠦ ᠶᠠᠪᠤᠴᠠ ᠶᠢ ᠡᠷᠭᠢᠭᠦᠯᠵᠦ᠂ ᠨᠦᠢᠷ ᠤᠨ ᠠᠷᠠᠯ ᠤᠨ ᠡᠳ᠋ ᠤᠨ ᠬᠡᠪ ᠤᠨ ᠪᠠᠶᠢᠳᠠᠯ ᠢ ᠡᠰᠡᠷᠭᠦᠴᠡᠵᠦ᠂ ᠡᠯᠢᠭᠡᠨ ᠳᠠᠬᠢ ᠥᠭᠡᠬᠦ ᠶᠢᠨ ᠣᠪᠣᠭᠠᠷᠠᠯ ᠵᠢᠴᠢ ᠡᠯᠢᠭᠡᠨ ᠤ ᠦᠷᠪᠢᠰᠦᠯ ᠪᠠ ᠰᠢᠷᠬᠡᠭᠵᠢᠬᠦ ᠶᠢ ᠮᠡᠳᠡᠭᠳᠡᠮ᠎ᠡ ᠪᠠᠭᠠᠰᠬᠠᠨ᠎ᠠ᠃ ᠡᠨᠡ ᠬᠦ ᠡᠪᠡᠳᠴᠢᠨ ᠤ ᠬᠤᠪᠢᠷᠠᠯᠲᠠ ᠨᠢ ᠪᠦᠬᠦ ᠶᠠᠪᠤᠴᠠ ᠶᠢ ᠬᠤᠪᠢᠷᠠᠭᠠᠵᠤ᠂ ᠨᠦᠢᠷ ᠤᠨ ᠠᠷᠠᠯ ᠤᠨ ᠡᠳ᠋ ᠤᠨ ᠬᠡᠪ ᠤᠨ ᠪᠠᠶᠢᠳᠠᠯ ᠢ ᠡᠰᠡᠷᠭᠦᠴᠡᠵᠦ᠂ ᠡᠯᠢᠭᠡᠨ ᠤ ᠳᠣᠲᠣᠷᠠᠬᠢ ᠥᠭᠡᠬᠦ ᠶᠢᠨ ᠣᠪᠣᠭᠠᠷᠠᠯ ᠵᠢᠴᠢ ᠡᠯᠢᠭᠡᠨ ᠤ ᠦᠷᠪᠢᠰᠦᠯ ᠪᠠ ᠰᠢᠷᠬᠡᠭᠵᠢᠬᠦ ᠶᠢ ᠮᠡᠳᠡᠭᠳᠡᠮ᠎ᠡ ᠪᠠᠭᠠᠰᠬᠠᠨ᠎ᠠ᠃      ᠺᠠᠫᠷᠤᠸᠢᠼ ᠬᠡᠯᠡᠬᠦ ᠳᠡᠭᠡᠨ᠄ ︽ᠪᠢᠳᠡ SAB ᠤᠭᠤᠷᠠᠭ ᠢ ᠪᠦᠷᠢᠮᠦᠰᠦᠨ ᠠᠷᠢᠯᠭᠠᠬᠤ ᠴᠢᠬᠤᠯᠠ ᠦᠭᠡᠢ᠂ SAB ᠶᠢᠨ ᠬᠡᠪ ᠤᠨ ᠬᠢᠷᠢ ᠬᠡᠮᠵᠢᠶ᠎ᠡ ᠶᠢ ᠪᠠᠲᠤᠯᠠᠵᠤ ᠴᠢᠳᠠᠬᠤ ᠡᠮ ᠢ ᠤᠤᠭᠤᠪᠠᠯ ᠳᠠᠷᠤᠶ ᠡᠪᠡᠳᠴᠢᠨ ᠤ ᠬᠥᠭᠵᠢᠯᠲᠡ ᠶᠢ ᠰᠡᠷᠭᠡᠶᠢᠯᠡᠬᠦ ᠪᠤᠶᠤ ᠭᠡᠳᠡᠷᠬᠦ ᠬᠤᠪᠢᠷᠠᠭᠤᠯᠵᠤ ᠪᠣᠯᠤᠨ᠎ᠠ︾ ᠭᠡᠵᠡᠶ᠃ ᠺᠠᠯᠢᠹᠤᠷᠨᠢᠶ᠎ᠠ ᠵᠧᠦ ᠶᠢᠨ ᠺᠠᠷᠰᠪᠠᠳ᠋ ᠤᠨ Ionis ᠡᠮ ᠤᠨ ᠺᠣᠮᠫᠠᠨᠢ ᠶᠢᠨ ᠬᠠᠮᠲᠤᠷᠠᠨ ᠠᠵᠢᠯᠯᠠᠭᠴᠢ ᠡᠰᠡᠷᠭᠦ ᠤᠳᠬ᠎ᠠ ᠲᠠᠢ ᠴᠥᠭᠡᠨ ᠪᠥᠭᠡᠮ ᠰᠢᠬᠢᠷ ᠤᠨ ᠬᠦᠴᠢᠯ ︵ASO︶ ᠢ ᠲᠥᠰᠦᠪᠯᠡᠨ ᠨᠡᠶᠢᠯᠡᠭᠦᠯᠪᠡ᠂ ᠲᠤᠰ ᠪᠦᠯᠬᠦᠮ ᠨᠢ SAB ᠶᠢᠨ DNA ᠶᠢᠨ ᠵᠠᠰᠠᠯᠭ᠎ᠠ ᠳᠤ ᠪᠠᠶᠠᠰᠤᠩᠭᠤᠢ ᠣᠪᠣᠷ ᠢᠶᠠᠷ ᠬᠠᠨᠳᠤᠪᠠ᠃      ᠡᠨᠡ ᠬᠦ ᠰᠤᠳᠤᠯᠭᠠᠨ ᠠᠴᠠ ᠦᠵᠡᠪᠡᠯ᠂ ᠲᠦᠷᠦᠭᠦᠤ 6 ᠰᠠᠷ᠎ᠠ ᠳᠤ ᠬᠤᠯᠤᠭᠠᠨ᠎ᠠ ᠳᠤ ᠡᠰᠡᠷᠭᠦ ᠤᠳᠬ᠎ᠠ ᠶᠢᠨ ᠡᠮᠴᠢᠯᠡᠭᠡ ᠬᠢᠭᠰᠡᠨ ᠨᠢ ᠦᠨᠡᠨ ᠳᠡᠭᠡᠨ ᠲᠡᠳᠡᠨ ᠤ ︽ᠮᠠᠷᠢᠶ᠎ᠠ ᠰᠢᠭᠤᠷᠠᠭᠤᠯᠬᠤ ᠳᠤ ᠲᠤᠰᠠ ᠪᠣᠯᠤᠭᠰᠠᠨ︾ ᠪᠠᠶᠢᠨ᠎ᠠ᠃ ᠵᠣᠬᠢᠬᠤ ᠬᠡᠮᠵᠢᠶ᠎ᠡ ᠪᠠᠷ ᠥᠭᠡᠷᠡᠴᠢᠯᠡᠬᠦ ᠪᠠᠷ ᠳᠠᠮᠵᠢᠨ ᠢᠳᠡᠭᠡᠨ ᠤᠮᠳᠠᠭᠠᠨ ᠤ ᠰᠣᠩᠭᠤᠯᠲᠠ ᠶᠢᠨ ᠡᠯᠢᠭᠡᠨ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠵᠦ ᠴᠢᠳᠠᠨ᠎ᠠ᠃      ᠭᠡᠪᠡᠴᠦ ᠰᠤᠳᠤᠯᠭᠠᠨ ᠤ ᠠᠵᠢᠯᠲᠠᠨ ᠰᠡᠷᠡᠮᠵᠢᠯᠡᠭᠦᠯᠬᠦ ᠳᠡᠭᠡᠨ᠂ ᠬᠤᠯᠤᠭᠠᠨ᠎ᠠ ᠳᠤ ᠬᠤᠯᠪᠣᠭᠳᠠᠭᠰᠠᠨ ᠰᠤᠳᠤᠯᠭᠠᠨ ᠨᠢ ᠴᠥᠮ ᠬᠥᠮᠦᠨ ᠲᠥᠷᠥᠯᠬᠢᠲᠡᠨ ᠳᠤ ᠳᠣᠭᠢᠷᠠᠬᠤ ᠪᠢᠰᠢ ᠪᠠᠶᠢᠵᠤ ᠮᠡᠳᠡᠨ᠎ᠡ ᠭᠡᠵᠡᠶ᠃ ᠭᠡᠪᠡᠴᠦ ᠲᠣᠰ ᠤᠳᠠᠭᠠᠨ ᠤ ᠰᠤᠳᠤᠯᠭᠠᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ SAB ᠤᠭᠤᠷᠠᠭ ᠪᠣᠯ ᠥᠭᠡᠬᠦᠯᠡᠭᠰᠡᠨ ᠡᠯᠢᠭᠡ ᠶᠢ ᠵᠠᠰᠠᠬᠤ ᠨᠢᠭᠡᠨ ᠲᠦᠢᠯ ᠤᠨ ᠶᠡᠭᠡ ᠨᠢᠭᠤᠭᠳᠠᠮᠠᠯ ᠴᠡᠭ ᠮᠥᠨ᠃
 
ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号