ᠠᠭᠠᠷ ᠤᠨ ᠲᠦᠯᠡᠰᠢ ᠶᠢᠨ ᠲᠤᠷᠰᠢᠯᠲᠠ ᠶᠢᠨ ᠰᠢᠰᠲ᠋ᠧᠮ ︽ᠬᠦᠰᠡᠯ ᠵᠡᠭᠦᠳᠦ ᠪᠠᠨ ᠲᠡᠷᠭᠡᠯᠰᠢᠭᠦᠯᠪᠡ︾
ᠨᠡᠶᠢᠲᠡᠯᠡᠭᠰᠡᠨ ᠴᠠᠭ᠄
2021/11/8
    ᠠᠭᠠᠷ ᠤᠨ ᠲᠦᠯᠡᠰᠢ ᠶᠢᠨ ᠲᠤᠷᠰᠢᠯᠲᠠ ᠶᠢᠨ ᠰᠢᠰᠲ᠋ᠧᠮ ︽ᠬᠦᠰᠡᠯ ᠵᠡᠭᠦᠳᠦ ᠪᠠᠨ ᠲᠡᠷᠭᠡᠯᠰᠢᠭᠦᠯᠪᠡ︾
ᠨᠡᠷᠡᠨ ᠡᠨᠧᠷᠭᠢ ᠶᠢᠨ ᠲᠦᠯᠡᠰᠢ ᠶᠢᠨ ᠰᠢᠰᠲ᠋ᠧᠮ᠂ ᠲᠤᠰ ᠲᠥᠬᠦᠭᠡᠷᠦᠮᠵᠢ ᠨᠢ ᠼᠢᠦ᠋ᠢᠷᠢᠰᠢ ᠶᠢᠨ ᠬᠤᠯᠪᠣᠭᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠮᠠᠰᠢᠨ ᠤ ᠲᠤᠷᠰᠢᠯᠲᠠ ᠶᠢᠨ ᠲᠠᠰᠤᠭ ᠤᠨ ᠲᠤᠮᠤ ᠠᠰᠠᠷ ᠤᠨ ᠤᠷᠤᠢ ᠳᠡᠭᠡᠷ᠎ᠡ ᠵᠢᠷᠤᠭ ᠤᠨ ᠢᠷᠡᠯᠲᠡ᠄ ᠼᠢᠦ᠋ᠢᠷᠢᠰᠢ ᠶᠢᠨ ᠬᠤᠯᠪᠣᠭᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠤᠶᠢᠯᠡᠳᠪᠤᠷᠢ ᠶᠢᠨ ᠳᠡᠭᠡᠳᠦ ᠰᠤᠷᠭᠠᠭᠤᠯᠢ      ᠠᠩᠭ᠍ᠯᠢ ᠶᠢᠨ ︽ᠪᠠᠶᠢᠭᠠᠯᠢ︾ ᠰᠡᠳᠬᠦᠯ 11 ᠰᠠᠷ᠎ᠠ ᠶᠢᠨ 4 ᠤ ᠡᠳᠦᠷ ᠢᠨᠵᠧᠨᠧᠷᠢᠩ ᠤᠨ ᠤᠬᠠᠭᠠᠨ ᠤ ᠰᠤᠳᠤᠯᠭᠠᠨ ᠢ ᠨᠡᠶᠢᠲᠡᠯᠡᠵᠦ᠂ ᠰᠸᠢᠰ ᠤᠨ ᠰᠢᠨᠵᠢᠯᠡᠬᠦ ᠤᠬᠠᠭᠠᠨᠲᠠᠨ ᠤ ᠪᠦᠯᠬᠦᠮ ᠠᠴᠠ ᠨᠡᠷᠡᠨ ᠤ ᠬᠡᠷᠡᠯ ᠪᠠ ᠠᠭᠠᠷ ᠢᠶᠠᠷ ᠲᠦᠯᠡᠰᠢ ᠤᠶᠢᠯᠡᠳᠪᠤᠷᠢᠯᠡᠬᠦ ᠲᠤᠷᠰᠢᠯᠲᠠ ᠶᠢᠨ ᠰᠢᠰᠲ᠋ᠧᠮ ᠢ ᠮᠡᠳᠡᠭᠦᠯᠦᠭᠰᠡᠨ ᠪᠥᠭᠡᠳ ᠲᠣᠰ ᠰᠢᠰᠲ᠋ᠧᠮ ᠨᠢ ᠡᠳᠦᠷ ᠲᠤᠲᠤᠮ ᠤᠨ ᠨᠥᠬᠦᠴᠡᠯ ᠳᠣᠤᠷ᠎ᠠ ᠠᠵᠢᠯᠯᠠᠵᠤ ᠳᠡᠶᠢᠯᠬᠦ ᠪᠣᠯᠵᠠᠶ᠃ ᠡᠨᠡ ᠬᠦ ᠰᠤᠳᠤᠯᠭᠠᠨ ᠨᠢ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠭᠰᠠᠨ ᠨᠡᠭᠦᠷᠡᠰᠦᠲᠥ᠋ᠷᠥᠭᠴᠢ ᠤᠰᠤᠲᠥ᠋ᠷᠥᠭᠴᠢ ᠶᠢᠨ ᠲᠦᠯᠡᠰᠢ ᠶᠢ ᠦᠢᠯᠡᠳᠪᠦᠷᠢᠯᠡᠬᠦ ᠳᠤ ᠵᠠᠮ ᠳᠡᠪᠢᠰᠴᠦ ᠥᠭᠴᠦ ᠮᠡᠳᠡᠨ᠎ᠠ᠂ ᠭᠡᠪᠡᠴᠦ ᠣᠳᠣᠬᠢ ᠱᠠᠲᠤᠨ ᠳᠤ ᠦᠢᠯᠡᠳᠪᠦᠷᠢᠯᠡᠯ ᠤᠨ ᠶᠠᠪᠤᠴᠠ ᠶᠢ ᠮᠥᠨ ᠯᠡ ᠶᠡᠭᠡ ᠬᠡᠮᠵᠢᠶ᠎ᠡ ᠪᠠᠷ ᠰᠢᠯᠢᠳᠡᠭᠵᠢᠭᠦᠯᠦᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ᠃      ᠠᠭᠠᠷ ᠤᠨ ᠠᠶᠠᠯᠠᠯ ᠪᠠ ᠤᠰᠤᠨ ᠵᠠᠮ ᠤᠨ ᠲᠡᠭᠡᠭᠡᠪᠦᠷᠢ ᠣᠳᠣᠬᠠᠨ ᠳᠤ ᠬᠥᠮᠦᠨ ᠤ ᠬᠦᠴᠦ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠶᠡᠷᠦᠩᠬᠡᠶ ᠬᠡᠮᠵᠢᠶᠡᠨ ᠤ 8% ᠶᠢ ᠡᠵᠡᠯᠡᠵᠦ ︽Drop-in︾ ᠲᠦᠯᠡᠰᠢ ᠪᠣᠯ ᠨᠢᠭᠡ ᠵᠦᠢᠯ ᠤᠨ ᠢᠷᠡᠭᠡᠳᠦᠶ ᠶᠢᠨ ᠲᠥᠯᠥᠪ ᠲᠠᠢ ᠣᠷᠣᠯᠠᠬᠤ ᠲᠦᠯᠡᠰᠢ ᠶᠢᠨ ᠡᠬᠢ ᠰᠤᠷᠪᠤᠯᠵᠢ ᠮᠥᠨ᠂ ᠡᠨᠡ ᠪᠣᠯ ᠨᠢᠭᠡ ᠵᠦᠢᠯ ᠤᠨ ᠨᠡᠶᠢᠯᠡᠮᠡᠯ ᠬᠡᠪᠯᠡᠯ ᠤᠨ ᠴᠢᠯᠠᠭᠤᠨ ᠲᠤᠰᠦᠠ ᠤ ᠡᠭᠦᠰᠦᠮᠡᠯ ᠰᠢᠩᠭᠡᠨ ᠲᠦᠯᠦᠪᠳᠦ ᠨᠡᠭᠦᠷᠦᠭᠴᠢ ︵ᠵᠢᠱᠢᠶᠡᠯᠡᠪᠡᠯ ᠨᠡᠭᠦᠷᠡᠰᠦᠨ ᠲᠤᠰᠦ᠂ ᠴᠢᠶ᠋ᠢᠦ ᠪᠤᠶᠤ ᠴᠠᠶᠢᠶ᠋ᠢᠦ ᠲᠤᠰᠦ ᠪᠣᠯ ᠴᠥᠮ ᠰᠢᠩᠭᠡᠨ ᠲᠦᠯᠦᠪᠳᠦ ᠨᠡᠭᠦᠷᠦᠭᠴᠢ︶ ᠪᠣᠯᠤᠨ᠎ᠠ᠂ ᠨᠡᠷᠡᠨ ᠤ ᠡᠨᠧᠷᠭᠢ ᠶᠢᠨ ᠬᠠᠪᠰᠤᠷᠤᠯᠭ᠎ᠠ ᠳᠣᠣᠷ᠎ᠠ ᠤᠰᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠬᠢᠵᠦ ᠪᠣᠯᠤᠨ᠎ᠠ᠃ ᠡᠭᠦᠨ ᠠᠴᠠ ᠡᠮᠦᠨ᠎ᠡ ᠡᠶᠢᠮᠦᠷᠬᠦᠦ ᠨᠡᠷᠡᠨ ᠤ ᠡᠨᠧᠷᠭᠢ ᠶᠢᠨ ᠲᠦᠯᠡᠰᠢ ᠶᠢᠨ ᠦᠢᠯᠡᠳᠪᠦᠷᠢᠯᠡᠯ ᠤᠨ ᠶᠠᠪᠤᠴᠠ ᠶᠢᠨ ᠪᠡᠶ᠎ᠡ ᠪᠠᠨ ᠳᠠᠭᠠᠭᠠᠭᠰᠠᠨ ᠠᠯᠬᠤᠮ ᠳᠠᠷᠠᠭ᠎ᠠ ᠶᠢ ᠦᠵᠡᠭᠦᠯᠵᠦ ᠥᠩᠭᠡᠷᠡᠭᠰᠡᠨ ᠪᠣᠯᠪᠠᠴᠤ ᠦᠨᠡᠨ ᠪᠣᠳᠠᠲᠤ ᠶᠢᠷᠲᠢᠨᠴᠦ ᠶᠢᠨ ᠨᠥᠬᠦᠴᠡᠯ ᠳᠣᠣᠷ᠎ᠠ ᠪᠦᠷᠢᠨ ᠪᠦᠲᠦᠨ ᠠᠯᠬᠤᠮ ᠳᠠᠷᠠᠭ᠎ᠠ ᠶᠢ ᠠᠵᠢᠯᠯᠠᠭᠤᠯᠬᠤ ᠪᠠ ᠰᠢᠯᠢᠳᠡᠭᠵᠢᠭᠦᠯᠦᠭᠰᠡᠨ ᠤ ᠳᠠᠷᠠᠭᠠᠬᠢ ᠰᠢᠰᠲ᠋ᠧᠮ ᠨᠢ ᠶᠡᠷᠦ ᠠᠴᠠ ᠮᠠᠰᠢ ᠬᠦᠴᠢᠷᠲᠡᠶ ᠪᠠᠶᠢᠳᠠᠭ᠃      ᠲᠤᠰ ᠤᠳᠠᠭ᠎ᠠ᠂ ᠰᠸᠢᠰ ᠤᠨ ᠼᠢᠦ᠋ᠢᠷᠢᠰᠢ ᠶᠢᠨ ᠬᠤᠯᠪᠣᠭᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠰᠤᠳᠤᠯᠤᠭᠴᠢ ᠠᠷᠳᠤ᠋ · ᠰᠧᠨᠹᠢᠯᠳ᠋ ᠵᠢᠴᠢ ᠲᠡᠭᠦᠨ ᠤ ᠬᠠᠮᠲᠤ ᠠᠵᠢᠯᠯᠠᠭᠴᠢ ᠠᠴᠠ ᠲᠤᠷᠰᠢᠯᠲᠠ ᠶᠢᠨ ᠲᠠᠰᠤᠭ ᠤᠨ ᠤᠷᠤᠢ ᠳᠡᠭᠡᠷ᠎ᠡ ᠤᠭᠰᠠᠷᠠᠭᠰᠠᠨ ᠨᠡᠷᠡᠨ ᠤ ᠡᠨᠧᠷᠭᠢ ᠶᠢᠨ ᠲᠦᠯᠡᠰᠢ ᠶᠢᠨ ᠰᠢᠰᠲᠧᠮ ᠢ ᠳᠦᠷᠰᠦᠯᠡᠨ ᠲᠣᠭᠠᠴᠢᠪᠠ᠂ ᠲᠤᠰ ᠰᠢᠰᠲᠧᠮ ᠨᠢ 3 ᠵᠠᠩᠭᠢᠯᠠᠭ᠎ᠠ ᠶᠢᠨ ᠬᠡᠰᠡᠭ ᠢᠶᠠᠷ ᠪᠦᠷᠢᠯᠳᠦᠵᠡᠢ᠄ ᠨᠢᠭᠡ ᠨᠢ ᠰᠢᠭᠤᠳ ᠠᠭᠠᠷ ᠪᠠᠷᠢᠬᠤ ᠲᠥᠬᠦᠭᠡᠷᠦᠮᠵᠢ ᠪᠣᠯᠤᠨ᠎ᠠ᠂ ᠠᠭᠠᠷ ᠳᠣᠲᠣᠷ᠎ᠠ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠤᠨ ᠤᠰᠤ ᠶᠢ ᠭᠠᠷᠭᠠᠨ ᠠᠪᠴᠤ ᠴᠢᠳᠠᠨ᠎ᠠ︔ ᠨᠢᠭᠡ ᠨᠢ ᠨᠡᠷᠡᠨ ᠤ ᠢᠰᠦᠯᠳᠦᠭᠦᠯᠦᠨ ᠠᠩᠭᠢᠵᠢᠷᠠᠭᠤᠯᠬᠤ ᠲᠥᠬᠦᠭᠡᠷᠦᠮᠵᠢ ᠪᠣᠯᠤᠨ᠎ᠠ᠂ ᠨᠡᠷᠡᠨ ᠤ ᠡᠨᠧᠷᠭᠢ ᠶᠢ ᠠᠰᠢᠭᠯᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠤᠨ ᠤᠰᠤ ᠶᠢ ᠨᠡᠭᠦᠷᠡᠰᠦᠲᠥ᠋ᠷᠥᠭᠴᠢ ᠶᠢᠨ ᠳᠠᠩ ᠢᠰᠦᠯ ᠪᠣᠯᠤᠨ ᠤᠰᠤᠲᠥ᠋ᠷᠥᠭᠴᠢ ᠶᠢᠨ ᠬᠤᠯᠢᠮᠠᠭ ᠪᠣᠳᠠᠰ ︵ᠨᠡᠶᠢᠯᠡᠯᠭᠡ ᠬᠡᠢ︶ ᠪᠣᠯᠭᠠᠨ ᠤᠯᠠᠷᠢᠭᠤᠯᠤᠨ᠎ᠠ︔ ᠪᠠᠰᠠ ᠨᠢᠭᠡᠨ ᠬᠡᠢ ᠡᠷᠭᠢᠯᠲᠡ ᠶᠢᠨ ᠰᠢᠩᠭᠡᠨ ᠤ ᠲᠥᠬᠦᠭᠡᠷᠦᠮᠵᠢ ᠲᠠᠢ᠂ ᠨᠡᠶᠢᠯᠡᠯᠭᠡ ᠬᠡᠢ ᠶᠢ ᠰᠢᠩᠭᠡᠨ ᠲᠦᠯᠦᠪᠳᠦ ᠨᠡᠭᠦᠷᠦᠭᠴᠢ ᠪᠤᠶᠤ ᠮᠧᠲ᠋ᠢᠯ ᠠᠯᠺᠣᠣᠯ ᠪᠣᠯᠭᠠᠨ ᠤᠯᠠᠷᠢᠭᠤᠯᠳᠠᠭ᠃ ᠲᠤᠰ ᠲᠤᠷᠰᠢᠯᠲᠠ ᠶᠢᠨ ᠰᠢᠰᠲ᠋ᠧᠮ ᠨᠢ ᠰᠡᠯᠭᠦᠭᠡ ᠴᠢᠨᠠᠷᠲᠠᠶ ᠨᠡᠷᠡᠨ ᠤ ᠰᠠᠴᠤᠷᠠᠯᠲᠠ ᠶᠢᠨ ᠳᠣᠣᠷ᠎ᠠ ᠤᠷᠤᠭᠰᠢᠲᠠᠶ ᠪᠥᠭᠡᠳ ᠲᠣᠭᠲᠠᠭᠤᠨ ᠢᠶᠠᠷ ᠠᠵᠢᠯᠯᠠᠵᠤ᠂ ᠨᠢᠭᠡ ᠡᠳᠦᠷ ᠤᠨ 7 ᠴᠠᠭ ᠤᠨ ᠨᠡᠶᠢᠲᠡᠯᠢᠭ ᠠᠵᠢᠯᠯᠠᠬᠤ ᠴᠠᠭ ᠲᠤ 32 ᠮᠢᠯᠢᠯᠢᠲᠷ ᠮᠤᠲ᠋ᠠᠨᠤᠯ ᠢ ᠪᠤᠢ ᠪᠣᠯᠭᠠᠵᠤ᠂ ᠨᠡᠷᠡᠨ ᠤ ᠡᠨᠧᠷᠭᠢ ᠶᠢᠨ ᠲᠦᠯᠡᠰᠢ ᠶᠢᠨ ᠦᠢᠯᠡᠳᠪᠦᠷᠢᠯᠡᠯ ᠤᠨ ᠶᠠᠪᠤᠴᠠ ᠶᠢᠨ ᠮᠡᠷᠭᠡᠵᠢᠯ ᠤᠨ ᠪᠣᠯᠤᠮᠵᠢᠲᠤ ᠴᠢᠨᠠᠷ ᠢ ᠰᠢᠯᠭᠠᠨ ᠪᠠᠲᠤᠯᠠᠭᠰᠠᠨ ᠪᠠᠶᠢᠨ᠎ᠠ᠃ ᠡᠨᠡ ᠬᠦ ᠲᠤᠷᠰᠢᠯᠲᠠ ᠶᠢᠨ ᠰᠢᠰᠲ᠋ᠧᠮ ᠨᠢ ᠨᠡᠷᠡᠨ ᠤ ᠡᠨᠧᠷᠭᠢ ᠶᠢᠨ ᠲᠦᠯᠡᠰᠢ ᠶᠢᠨ ᠦᠢᠯᠡᠳᠪᠦᠷᠢᠯᠡᠯ ᠤᠨ ᠶᠠᠪᠤᠴᠠ ᠶᠢᠨ ᠮᠡᠷᠭᠡᠵᠢᠯ ᠤᠨ ᠪᠣᠯᠤᠮᠵᠢᠲᠤ ᠴᠢᠨᠠᠷ ᠢ ᠰᠢᠯᠭᠠᠨ ᠪᠠᠲᠤᠯᠠᠭᠰᠠᠨ ᠪᠠᠶᠢᠨ᠎ᠠ᠃      ᠰᠤᠳᠤᠯᠭᠠᠨ ᠤ ᠪᠦᠯᠬᠦᠮ ᠤᠨ ᠬᠢᠨ ᠲᠡᠳᠡᠨ ᠤ ᠰᠢᠰᠲ᠋ᠧᠮ ᠤᠨ ᠬᠡᠷᠡᠭᠰᠡᠬᠦ ᠲᠠᠰ ᠳᠡᠪᠰᠢᠭᠦᠯᠬᠦ ᠲᠥᠰᠦᠯ ᠢ ᠦᠨᠡᠯᠡᠨ ᠵᠢᠱᠢᠭᠡᠳ᠂ ᠪᠥᠬᠦ ᠳᠡᠯᠡᠬᠡᠶ ᠶᠢᠨ ᠬᠡᠪᠴᠢᠶᠡᠨ ᠳᠠᠬᠢ ᠠᠭᠠᠷ ᠤᠨ ᠠᠶᠠᠯᠠᠯ ᠤᠨ ᠮᠧᠶᠢᠶ᠋ᠢᠦ ᠲᠣᠰᠣᠨ ᠤ ᠬᠤᠷᠣᠭᠳᠠᠯ ᠤᠨ ᠬᠡᠮᠵᠢᠶ᠎ᠡ ᠶᠢ ᠬᠠᠩᠭᠠᠬᠤ ᠪᠣᠯᠤᠮᠵᠢ ᠲᠠᠢ ᠪᠣᠯᠪᠠ ︵2019 ᠣᠨ ᠳᠤ 4140 ᠳ᠋ᠦᠩᠰᠢᠭᠤᠷ ᠯᠢᠲᠷ ᠪᠠᠶᠢᠪᠠ︶᠃ ᠪᠠᠷᠤᠭᠴᠠᠭᠠᠯᠠᠭᠰᠠᠨ ᠢᠶᠠᠷ᠂ ᠪᠣᠶ ᠪᠥᠬᠦᠶ ᠨᠡᠷᠡᠨ ᠤ ᠰᠢᠲᠠᠭᠠᠯᠭ᠎ᠠ ᠶᠢᠨ ᠤᠶᠢᠯᠡᠳᠪᠤᠷᠢ ᠶᠢᠨ ᠪᠥᠬᠦ ᠭᠠᠵᠠᠷ ᠰᠢᠷᠣᠶ ᠶᠢᠨ ᠤᠯᠠ ᠮᠥᠷ ᠨᠢ ᠪᠠᠷᠤᠭ 4.5 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠰᠠᠬᠠᠷᠠ ᠶᠢᠨ ᠡᠯᠡᠰᠦᠨ ᠴᠥᠯ ᠤᠨ ᠲᠠᠯᠠᠪᠠᠶ ᠶᠢᠨ 0.5% ᠣᠷᠴᠢᠮ ᠲᠠᠢ ᠲᠡᠩᠴᠡᠨ᠎ᠡ᠃ ᠭᠡᠪᠡᠴᠦ ᠨᠢᠭᠡᠳᠦᠭᠡᠷ ᠦᠶ᠎ᠡ ᠶᠢᠨ ᠬᠤᠳᠠᠯᠳᠤᠭᠠᠨ ᠳᠤ ᠬᠡᠷᠡᠭᠯᠡᠬᠦ ᠨᠡᠷᠡᠨ ᠤ ᠡᠨᠧᠷᠭᠢ ᠶᠢᠨ ᠲᠦᠯᠡᠰᠢ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ᠡᠨᠡ ᠬᠦ ᠲᠦᠷᠦᠯ ᠤᠨ ᠲᠦᠯᠡᠰᠢ ᠨᠢ ᠲᠡᠳᠡᠭᠡᠷ ᠤᠨ ᠣᠷᠣᠯᠠᠵᠤ ᠳᠡᠶᠢᠯᠬᠦ ᠴᠢᠯᠠᠭᠤᠵᠢᠮᠠᠯ ᠨᠡᠭᠦᠷᠡᠰᠦᠨ ᠲᠤᠰᠤ ᠠᠴᠠ ᠨᠡᠩ ᠦᠨᠡᠲᠡᠶ ᠪᠠᠶᠢᠳᠠᠭ᠃      ᠡᠨᠡ ᠬᠦ ᠵᠦᠢᠯ ᠤᠨ ᠲᠥᠬᠦᠭᠡᠷᠦᠮᠵᠢ ᠪᠠᠷ ᠦᠢᠯᠡᠳᠦᠭᠰᠡᠨ ᠲᠦᠯᠡᠰᠢ ᠨᠢ ᠨᠡᠭᠦᠷᠡᠰᠦᠲᠥ᠋ᠷᠥᠭᠴᠢ ᠶᠢᠨ ᠰᠠᠭᠠᠷᠮᠠᠭ ᠴᠢᠨᠠᠷ ᠲᠠᠢ ᠶᠤᠮ᠂ ᠤᠴᠢᠷ ᠨᠢ ᠲᠡᠳᠡᠭᠡᠷ ᠤᠨ ᠰᠢᠲᠠᠭᠠᠳ ᠢᠯᠭᠠᠷᠠᠭᠤᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠨᠢ ᠦᠢᠯᠡᠳᠬᠦ ᠦᠶ᠎ᠡ ᠳᠤ ᠭᠠᠷᠭᠠᠵᠤ ᠠᠪᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠮᠵᠢᠶ᠎ᠡ ᠲᠠᠢ ᠠᠳᠠᠯᠢ ᠶᠤᠮ᠃ ᠰᠤᠳᠤᠯᠭᠠᠨ ᠤ ᠠᠵᠢᠯᠲᠠᠨ ᠤ ᠦᠵᠡᠬᠦ ᠪᠠᠷ᠂ ᠨᠡᠷᠡᠨ ᠤ ᠡᠨᠧᠷᠭᠢ ᠶᠢᠨ ᠲᠦᠯᠡᠰᠢ ᠶᠢᠨ ᠤᠶᠢᠯᠡᠳᠪᠤᠷᠢ ᠪᠠᠶᠢᠭᠤᠯᠬᠤ ᠳᠤ ᠬᠡᠷᠡᠭᠰᠡᠬᠦ ᠠᠩᠬᠠᠨ ᠤ ᠣᠷᠣᠭᠤᠯᠤᠯᠲᠠ ᠶᠢᠨ ᠥᠪᠡᠷ ᠤᠨ ᠥᠷᠲᠡᠭ ᠨᠡᠯᠢᠶᠡᠳ ᠥᠨᠳᠥᠷ ᠪᠠᠶᠢᠬᠤ ᠶᠢ ᠪᠣᠳᠣᠯᠬᠢᠯᠠᠵᠤ᠂ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠵᠤ ᠪᠠᠶᠢᠭᠠᠳ ᠡᠲᠡᠭᠡᠷ ᠲᠦᠯᠡᠰᠢ ᠶᠢᠨ ᠶᠡᠭᠡ ᠬᠡᠪᠴᠢᠶᠡᠨ ᠤ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠴᠢᠬᠤᠯᠠᠲᠠᠶ ᠪᠠᠶᠢᠨ᠎ᠠ᠃
 
ᠢᠷᠡᠯᠲᠡ᠄ ᠰᠢᠨᠵᠢᠯᠡᠬᠦ ᠤᠬᠠᠭᠠᠨ ᠮᠡᠷᠭᠡᠵᠢᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号