ᠣᠲᠣ ᠪᠣᠯᠲᠠᠯ᠎ᠠ ᠬᠠᠮᠤᠭ ᠤᠨ ᠶᠡᠭᠡ ᠪᠥᠭᠡᠳ ᠢᠯᠭᠠᠮᠵᠢ ᠪᠠᠷ ᠬᠠᠮᠤᠭ ᠤᠨ ᠥᠨᠳᠥᠷ ᠬᠤᠳᠣᠭᠤᠳᠣᠨ ᠥᠮᠡᠨ ᠤ | ᠵᠢᠷᠤᠭᠯᠠᠯ ᠤᠨ ᠮᠡᠳᠡᠭᠡᠯᠡᠯ | | ᠹᠢᠽᠢᠺ ᠤᠨ ᠤᠬᠠᠭᠠᠨᠲᠠᠨ ᠤ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠶᠢᠨ 2 ᠤᠨ ᠡᠳᠦᠷ ᠤᠨ ᠮᠡᠳᠡᠭᠡᠯᠡᠯ ᠢ | ᠦᠨᠳᠦᠰᠦᠯᠡᠪᠡᠯ᠂ ᠰᠢᠩᠭᠠᠫᠣᠷ ᠤᠨ ᠰᠢᠨᠵᠢᠯᠡᠬᠦ ᠤᠬᠠᠭᠠᠨᠲᠠᠨ ᠲᠠᠩ ᠡᠰ ᠤᠨ ᠲᠠᠰ ᠳᠠᠷᠠᠭᠠᠯᠠᠯ ᠢ ᠬᠡᠮᠵᠢᠬᠦ ᠵᠡᠷᠭᠡ | ᠬᠤᠰᠢᠭᠤᠴᠢ ᠮᠡᠷᠭᠡᠵᠢᠯ ᠢᠶᠠᠷ ᠣᠲᠣ ᠪᠣᠯᠲᠠᠯᠠᠬᠢ ᠬᠠᠮᠤᠭ ᠤᠨ ᠶᠡᠭᠡ᠂ ᠢᠯᠭᠠᠮᠵᠢ ᠪᠠᠷ ᠬᠠᠮᠤᠭ ᠤᠨ ᠥᠨᠳᠥᠷ | ᠬᠤᠳᠣᠭᠤᠳᠣᠨ ᠥᠮᠡᠨ ᠤ ᠵᠢᠷᠤᠭ ᠢ ᠵᠢᠷᠤᠵᠤ ᠭᠠᠷᠭᠠᠵᠠᠶ᠃ ᠲᠣᠰ ᠵᠢᠷᠤᠭ ᠤᠨ ᠨᠣᠲ ᠨᠢ ᠲᠠᠩ ᠡᠰ ᠤᠨ ᠬᠢᠷᠢ | ᠲᠦᠪᠰᠢᠨ ᠤ ᠲᠠᠯ᠎ᠠ ᠪᠠᠷ ᠬᠤᠳᠣᠭᠤᠳᠣᠨ ᠥᠮᠡᠨ ᠤ ᠮᠠᠭᠤᠳᠠᠯ ᠵᠢᠴᠢ ᠠᠳᠠᠯᠢ ᠪᠤᠰᠤ ᠡᠪᠡᠳᠴᠢᠲᠡᠨ ᠤ | ᠬᠤᠭᠤᠷᠣᠨᠳᠣᠬᠢ ᠬᠠᠪᠤᠳᠠᠷ ᠤᠨ ᠵᠥᠷᠢᠶ᠎ᠡ ᠶᠢᠨ ᠲᠤᠬᠠᠶ ᠰᠢᠨ᠎ᠡ ᠮᠡᠳᠡᠭᠡ ᠵᠠᠩᠭᠢ ᠶᠢ ᠬᠠᠩᠭᠠᠵᠤ᠂ ᠪᠠᠰᠠ | ᠬᠤᠳᠣᠭᠤᠳᠣᠨ ᠥᠮᠡᠨ ᠤ ᠮᠠᠭᠤᠳᠠᠯ ᠢ ᠠᠬᠢᠭᠤᠯᠬᠤ ᠶᠢᠨ ᠬᠠᠮᠲᠤ ᠪᠤᠰᠤᠳ ᠡᠷᠬᠡᠲᠡᠨ ᠳᠤ ᠲᠠᠷᠬᠠᠭᠠᠬᠤ | ᠮᠣᠯᠧᠺᠦ᠋ᠯ ᠤᠨ ᠠᠷᠭ᠎ᠠ ᠵᠠᠮ ᠢ ᠲᠣᠭᠲᠠᠭᠠᠵᠤ᠂ ᠲᠣᠰ ᠡᠪᠡᠳᠴᠢᠨ ᠢ ᠨᠠᠩ ᠰᠠᠶᠢᠨ ᠵᠠᠰᠠᠬᠤ ᠳᠤ ᠴᠢᠬᠤᠯᠠ ᠮᠡᠳᠡᠭᠡ | ᠵᠠᠩᠭᠢ ᠶᠢ ᠬᠠᠩᠭᠠᠭᠰᠠᠨ ᠪᠠᠶᠢᠨ᠎ᠠ᠃ | | ᠬᠠᠮᠤᠭ ᠤᠨ ᠰᠢᠨ᠎ᠡ ᠰᠤᠳᠤᠯᠭᠠᠨ ᠤ ᠳᠤᠮᠳᠠ᠂ ᠰᠢᠨᠵᠢᠯᠡᠬᠦ ᠤᠬᠠᠭᠠᠨᠲᠠᠳ ᠬᠤᠳᠣᠭᠤᠳᠣᠨ ᠥᠮᠡᠨ ᠤ ᠠᠳᠠᠯᠢ | ᠪᠤᠰᠤ ᠱᠠᠲᠤᠨ ᠳᠤ ᠪᠠᠶᠢᠭ᠎ᠠ 31 ᠡᠪᠡᠳᠴᠢᠲᠡᠨ ᠤ ᠪᠡᠶ᠎ᠡ ᠠᠴᠠ 46 ᠵᠦᠶ᠋ᠯ ᠤᠨ ᠬᠠᠪᠤᠳᠠᠷ ᠤᠨ ᠥᠯᠢᠭᠡᠷ ᠡᠳ᠋ ᠢ | ᠠᠪᠴᠤ᠂ ᠲᠡᠭᠦᠨ ᠤ ᠳᠣᠲᠣᠷᠠᠬᠢ 20 ᠲᠦᠮᠡᠨ ᠪᠡᠶ᠎ᠡ ᠪᠠᠨ ᠳᠠᠭᠠᠭᠠᠭᠰᠠᠨ ᠡᠰ ᠲᠤ ᠵᠠᠳᠠᠯᠤᠯᠲᠠ ᠬᠢᠭᠰᠡᠨ ᠪᠥᠭᠡᠳ | ᠰᠢᠨ᠎ᠡ ᠮᠡᠷᠭᠡᠵᠢᠯ ᠢᠶᠠᠷ ᠲᠠᠩ ᠭᠠᠭᠴᠠ ᠭᠧᠨ ᠤ ᠢᠯᠡᠳᠬᠡᠬᠦ ᠵᠠᠭᠪᠤᠷ ᠢ ᠦᠨᠡᠯᠡᠭᠰᠡᠨ ᠤ ᠳ᠋ᠦᠩ ᠳᠤ 30 ᠭᠠᠷᠤᠶ | ᠲᠥᠷᠥᠯ ᠤᠨ ᠠᠳᠠᠯᠢ ᠪᠤᠰᠤ ᠲᠥᠷᠥᠯ ᠤᠨ ᠡᠰ ᠢ ᠢᠯᠡᠷᠡᠭᠦᠯᠵᠡᠶ᠂ ᠡᠭᠦᠨ ᠤ ᠳᠣᠲᠣᠷᠠᠬᠢ ᠵᠠᠷᠢᠮ ᠨᠢ | ᠥᠩᠭᠡᠷᠡᠭᠰᠡᠨ ᠳᠤ ᠶᠡᠷᠦ ᠠᠴᠠ ︽ᠢᠯᠡᠷᠡᠭᠰᠡᠨ︾ ᠥᠬᠡᠶ᠃ ᠰᠤᠳᠤᠯᠭᠠᠨ ᠤ ᠢᠯᠡᠷᠡᠭᠦᠯᠦᠭᠰᠡᠨ ᠢᠶᠠᠷ᠂ ᠠᠳᠠᠯᠢ ᠪᠤᠰᠤ | ᠡᠪᠡᠳᠴᠢᠲᠡᠨ ᠤ ᠬᠠᠪᠤᠳᠠᠷ ᠤᠨ ᠡᠰ ᠤᠨ ᠪᠦᠷᠢᠯᠳᠦᠬᠦᠨ ᠨᠢ ᠠᠳᠠᠯᠢ ᠪᠤᠰᠤ ᠪᠠᠶᠢᠳᠠᠭ᠂ ᠡᠨᠡ ᠨᠢ ᠡᠮᠴᠢᠯᠡᠭᠡᠨ ᠤ | ᠠᠷᠭ᠎ᠠ ᠨᠢ ᠶᠠᠭᠠᠬᠢᠭᠠᠳ ᠠᠳᠠᠯᠢᠪᠲᠤᠷ ᠪᠥᠭᠡᠳ ᠦᠷ᠎ᠡ ᠳ᠋ᠦᠩ ᠨᠢ ᠶᠡᠭᠡ ᠵᠥᠷᠢᠶ᠎ᠡ ᠲᠠᠢ ᠪᠠᠶᠢᠳᠠᠭ ᠢ | ᠲᠠᠶᠢᠯᠪᠤᠷᠢᠯᠠᠬᠤ ᠳᠤ ᠲᠤᠰᠠᠲᠠᠶ ᠪᠠᠶᠢᠳᠠᠭ᠃ | ᠰᠤᠳᠤᠯᠭᠠᠲᠠᠳ ᠤᠨ ᠢᠯᠡᠷᠡᠭᠦᠯᠦᠭᠰᠡᠨ ᠢᠶᠠᠷ᠂ ᠵᠠᠷᠢᠮ ᠲᠥᠷᠥᠯ ᠤᠨ ᠬᠤᠳᠣᠭᠤᠳᠣᠨ ᠤ ᠬᠠᠪᠤᠳᠠᠷ ᠲᠤ | ᠡᠭᠡᠯᠢᠯᠡᠭᠡ ᠶᠢᠨ ᠡᠰ ᠠᠭᠤᠯᠤᠭᠳᠠᠵᠤ ᠪᠠᠶᠢᠳᠠᠭ᠂ ᠢᠯᠠᠩᠭᠤᠶ᠎ᠠ ᠡᠰᠡᠷᠭᠦᠴᠡᠭᠴᠢ ᠶᠢᠨ ᠪᠣᠶ ᠪᠣᠯᠬᠤ ᠶᠢ ᠬᠢᠵᠠᠭᠠᠷᠯᠠᠵᠤ | ᠪᠠᠶᠢᠭ᠎ᠠ B ᠡᠰ ᠪᠠᠶᠢᠳᠠᠭ᠂ ᠡᠨᠡ ᠨᠢ ᠥᠮᠡᠨ ᠡᠪᠡᠳᠴᠢᠨ ᠤ ᠡᠭᠡᠯᠢᠯᠡᠭᠡ ᠶᠢᠨ ᠵᠠᠰᠠᠯ ᠢᠶᠠᠷ ︵ᠬᠥᠮᠦᠨ ᠤ ᠪᠡᠶ᠎ᠡ ᠶᠢᠨ | ᠡᠭᠡᠯᠢᠯᠡᠭᠡ ᠶᠢᠨ ᠰᠢᠰᠲ᠋ᠧᠮ ᠢ ᠠᠰᠢᠭᠯᠠᠨ ᠥᠮᠡᠨ ᠢ ᠡᠰᠡᠷᠭᠦᠴᠡᠬᠦ︶ ᠲᠣᠰ ᠡᠪᠡᠳᠴᠢᠨ ᠢ ᠵᠠᠰᠠᠵᠤ ᠪᠣᠯᠬᠤ ᠶᠢ | ᠬᠠᠷᠠᠭᠤᠯᠵᠤ ᠪᠠᠶᠢᠨ᠎ᠠ᠃ ᠲᠡᠳᠡ ᠪᠠᠰᠠ ᠨᠢᠭᠡ ᠵᠦᠢᠯ ᠤᠨ ᠥᠩᠭᠡᠷᠡᠭᠰᠡᠨ ᠳᠤ ᠮᠡᠳᠡᠭᠡᠳᠦᠶ ᠰᠢᠷᠬᠡᠭᠯᠢᠭ ᠡᠰ ᠤᠨ | ᠬᠤᠳᠣᠭᠤᠳᠣᠨ ᠥᠮᠡᠨ ᠳᠤ ᠨᠡᠷᠪᠡᠭᠳᠡᠬᠦ ᠶᠠᠪᠤᠴᠠ ᠳᠠᠬᠢ ᠦᠢᠯᠡᠳᠦᠯ ᠢ ᠢᠯᠡᠷᠡᠭᠦᠯᠵᠦ᠂ ᠡᠨᠡ ᠬᠦ ᠡᠰ ᠲᠤ | ᠴᠢᠭᠯᠡᠭᠦᠯᠦᠭᠰᠡᠨ ᠵᠠᠰᠠᠯᠭ᠎ᠠ ᠶᠢ ᠡᠭᠦᠰᠭᠡᠬᠦ ᠪᠣᠯᠤᠮᠵᠢ ᠲᠠᠢ ᠪᠠᠶᠢᠨ᠎ᠠ᠃ ᠰᠤᠳᠤᠯᠭᠠᠨ ᠤ ᠬᠠᠷᠢᠭᠤᠴᠠᠯᠭᠠᠲᠠᠨ᠂ ᠳ᠋ᠦ᠋ᠺ | — ᠰᠢᠩᠭᠠᠫᠣᠷ ᠤᠨ ᠤᠯᠤᠰ ᠤᠨ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠫᠷᠤᠹᠤᠰᠰᠤᠷ | ᠫᠠᠲᠷᠢᠺ · ᠲᠠᠩ ᠬᠡᠯᠡᠬᠦ ᠳᠡᠭᠡᠨ᠄ ︽ᠬᠤᠳᠣᠭᠤᠳᠣᠨ ᠥᠮᠡᠨ ᠪᠣᠯ ᠠᠽᠢᠶ᠎ᠠ ᠲᠢᠪ ᠤᠨ ᠬᠠᠮᠤᠭ ᠤᠨ ᠪᠠᠶᠢᠩᠭᠤ | ᠲᠣᠬᠢᠶᠠᠯᠳᠤᠳᠠᠭ ᠥᠮᠡᠨ ᠡᠪᠡᠳᠴᠢᠨ ᠤ ᠨᠢᠭᠡ ᠮᠥᠨ᠂ ᠡᠳᠡᠭᠡᠷᠡᠭᠦᠯᠬᠦ ᠳᠤ ᠮᠠᠰᠢ ᠬᠦᠴᠢᠷᠲᠡᠶ ᠪᠠᠶᠢᠳᠠᠭ᠂ ᠤᠴᠢᠷ ᠨᠢ | ᠪᠢᠳᠡ ᠲᠡᠭᠦᠨ ᠤ ᠬᠠᠪᠤᠳᠠᠷ ᠢ ᠪᠦᠷᠢᠯᠳᠦᠭᠦᠯᠦᠭᠰᠡᠨ ᠡᠰ ᠤᠨ ᠲᠥᠷᠥᠯ ᠵᠤᠶᠢᠯ ᠤᠨ ᠲᠤᠬᠠᠶ ᠲᠣᠳᠣᠷᠬᠠᠶ | ᠣᠶᠢᠯᠠᠭᠠᠯᠲᠠ ᠪᠠᠷ ᠳᠤᠲᠠᠮᠠᠭ ᠪᠠᠶᠢᠳᠠᠭ᠃ ᠬᠤᠤᠷᠲᠤ ᠬᠠᠪᠤᠳᠠᠷ ᠤᠨ ᠤᠬᠠᠭᠠᠨ᠂ ᠲᠠᠩ ᠡᠰ ᠤᠨ ᠲᠠᠰ ᠳᠠᠷᠠᠭᠠᠯᠠᠯ ᠢ | ᠬᠡᠮᠵᠢᠬᠦ ᠵᠡᠷᠭᠡ ᠬᠤᠰᠢᠭᠤᠴᠢ ᠮᠡᠷᠭᠡᠵᠢᠯ ᠢ ᠠᠰᠢᠭᠯᠠᠨ᠂ ᠪᠢᠳᠡ ᠵᠢᠷᠤᠭ ᠤᠨ ᠵᠢᠭᠰᠠᠯ ᠢ ᠵᠢᠷᠤᠵᠤ ᠭᠠᠷᠭᠠᠵᠠᠶ᠂ ᠡᠨᠡ ᠨᠢ | ᠤᠷᠢᠳ ᠡᠮᠦᠨ᠎ᠡ ᠪᠠᠶᠢᠭ᠎ᠠ ᠥᠬᠡᠶ ᠭᠦᠨᠴᠡ ᠪᠠ ᠢᠯᠭᠠᠮᠵᠢ ᠪᠠᠷ ᠡᠪᠡᠳᠴᠢᠲᠡᠨ ᠤ ᠪᠠᠶᠢᠳᠠᠯ ᠢ ᠵᠠᠳᠠᠯᠵᠤ᠂ | ᠡᠪᠡᠳᠴᠢᠲᠡᠨ ᠳᠤ ᠪᠡᠶ᠎ᠡ ᠶᠢᠨ ᠪᠠᠶᠢᠳᠠᠯ ᠢ ᠨᠢ ᠦᠵᠡᠵᠦ ᠡᠮᠨᠡᠨ ᠵᠠᠰᠠᠬᠤ ᠠᠷᠭ᠎ᠠ ᠶᠢ ᠲᠣᠭᠲᠠᠭᠠᠨ ᠥᠭᠬᠦ ᠶᠢᠨ ᠬᠠᠮᠲᠤ | ᠣᠨᠣᠰᠢᠯᠠᠨ ᠡᠮᠨᠡᠬᠦ ᠶᠢ ᠰᠠᠶᠢᠵᠢᠷᠠᠭᠤᠯᠬᠤ ᠰᠢᠨ᠎ᠡ ᠠᠷᠭ᠎ᠠ ᠵᠠᠮ ᠢ ᠢᠯᠡᠷᠡᠭᠦᠯᠵᠦ ᠴᠢᠳᠠᠨ᠎ᠠ︾ ᠭᠡᠵᠡᠶ᠃ | ᠰᠤᠳᠤᠯᠭᠠᠨ ᠤ ᠠᠵᠢᠯᠲᠠᠨ ᠢᠯᠡᠷᠬᠡᠶᠢᠯᠡᠬᠦ ᠳᠡᠭᠡᠨ᠄ ︽ᠡᠨᠡ ᠪᠣᠯ ᠲᠡᠷᠢᠭᠦᠨ ᠤ ᠮᠡᠷᠭᠡᠵᠢᠯ ᠢ ᠠᠰᠢᠭᠯᠠᠨ | ᠥᠷᠨᠢᠭᠦᠯᠦᠭᠰᠡᠨ ᠬᠠᠮᠤᠭ ᠤᠨ ᠪᠥᠬᠦ ᠲᠠᠯ᠎ᠠ ᠶᠢᠨ ᠠᠳᠠᠯᠢ ᠲᠥᠷᠥᠯ ᠤᠨ ᠰᠤᠳᠤᠯᠭᠠᠨ ᠮᠥᠨ᠂ ᠰᠢᠨ᠎ᠡ ᠡᠰ ᠤᠨ | ᠵᠢᠷᠤᠭ ᠤᠨ ᠵᠢᠭᠰᠠᠯ ᠪᠣᠯ ᠨᠢᠭᠡ ᠬᠤᠪᠢ ︿ᠰᠡᠯᠪᠢᠭ ᠲᠣᠨᠤᠭ ᠤᠨ ᠲᠣᠳᠣᠷᠬᠠᠶ ᠬᠠᠭᠤᠳᠠᠰᠤ﹀ ᠮᠥᠨ᠂ ᠪᠢᠳᠡ | ᠬᠠᠪᠤᠳᠠᠷ ᠤᠨ ᠪᠠᠭᠤᠷᠠᠶ ᠲᠠᠯ᠎ᠠ ᠶᠢ ᠡᠷᠢᠵᠦ ᠭᠠᠷᠭᠠᠬᠤ ᠶᠢᠨ ᠬᠠᠮᠲᠤ ᠠᠷᠭ᠎ᠠ ᠪᠦᠬᠦᠨ ᠢ ᠰᠦᠪᠡᠭᠴᠢᠯᠡᠨ ᠲᠡᠳᠡᠭᠡᠷ ᠢ | ᠠᠷᠭᠠᠴᠠᠵᠤ ᠪᠣᠯᠤᠨ᠎ᠠ᠂ ᠡᠨᠡ ᠨᠢ ᠬᠤᠳᠣᠭᠤᠳᠣᠨ ᠥᠮᠡᠨ ᠢ ᠤᠯᠠᠮ ᠨᠢᠭᠡ ᠠᠯᠬᠤᠮ ᠰᠤᠳᠤᠯᠬᠤ ᠪᠠ ᠡᠮᠨᠡᠨ | ᠵᠠᠰᠠᠬᠤ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ︾ ᠭᠡᠵᠡᠶ᠃ | ᠰᠤᠳᠤᠯᠭᠠᠨ ᠤ ᠪᠦᠯᠬᠦᠮ ᠤᠨ ᠬᠢᠨ ᠤ ᠬᠡᠯᠡᠬᠦ ᠪᠠᠷ᠂ ᠲᠠᠳᠠ ᠣᠳᠣᠬᠠᠨ ᠳᠤ ᠡᠰ ᠤᠨ ᠰᠦᠷᠦᠭ ᠤᠨ ᠬᠡᠷᠬᠢᠨ | ᠴᠠᠭ ᠤᠨ ᠬᠤᠪᠢᠷᠠᠯᠲᠠ ᠶᠢ ᠳᠠᠭᠠᠵᠤ ᠬᠤᠪᠢᠷᠠᠬᠤ ᠶᠢ ᠶᠠᠭ ᠲᠣᠭᠲᠠᠭᠠᠵᠤ ᠪᠠᠶᠢᠨ᠎ᠠ᠂ ᠡᠲᠡᠭᠡᠷ ᠮᠡᠳᠡᠭᠡ ᠵᠠᠩᠭᠢ ᠨᠢ | ᠥᠮᠡᠨ ᠡᠪᠡᠳᠴᠢᠨ ᠢ ᠪᠠᠶᠢᠴᠠᠭᠠᠨ ᠰᠢᠯᠭᠠᠬᠤ ᠰᠢᠨ᠎ᠡ ᠠᠷᠭ᠎ᠠ ᠪᠠ ᠡᠮᠨᠡᠨ ᠵᠠᠰᠠᠬᠤ ᠡᠮ ᠢ ᠪᠣᠶ ᠪᠣᠯᠭᠠᠬᠤ ᠳᠤ | ᠠᠰᠢᠭᠲᠠᠶ ᠶᠤᠮ᠃ ᠲᠡᠳᠡ ᠪᠠᠰᠠ ᠪᠤᠰᠤᠳ ᠥᠮᠡᠨ ᠡᠪᠡᠳᠴᠢᠨ ᠤ ᠰᠤᠳᠤᠯᠭᠠᠨ ᠤ ᠬᠦᠷᠢᠶᠡᠨ ᠳᠠᠬᠢ ᠰᠢᠨᠵᠢᠯᠡᠬᠦ | ᠤᠬᠠᠭᠠᠨᠲᠠᠳ ᠲᠠᠢ ᠬᠠᠮᠲᠤᠷᠠᠨ ᠣᠯᠠᠨ ᠵᠦᠢᠯ ᠤᠨ ᠥᠮᠡᠨ ᠡᠭᠦᠰᠭᠡᠬᠦ ᠡᠰ ᠤᠨ ᠪᠦᠯᠦᠭ ᠢ ᠲᠣᠭᠲᠠᠭᠠᠵᠤ ᠪᠠᠶᠢᠨ᠎ᠠ᠃ |